ᠰᠦᠢ ᠸᠧᠢ ᠵᠢᠶᠦ᠋ᠨ ᠹᠧᠩᠵᠧᠨ ᠬᠤᠲᠠ ᠳᠤ ᠭᠦᠨᠵᠡᠭᠡᠶᠢᠷᠡᠨ ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/6/5
   6 ᠰᠠᠷ᠎ᠠ ᠶᠢᠨ 3 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠰᠦᠶ ᠸᠧᠶ ᠵᠢᠶᠦ᠋ᠨ ᠹᠧᠩᠵᠧᠨ ᠬᠤᠲᠠ ᠳᠤ ᠭᠦᠨᠵᠡᠭᠡᠶᠢᠷᠡᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠶ ᠵᠣᠯᠭᠠᠭᠤᠯᠬᠤ᠂ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠵᠡᠷᠭᠡ ᠠᠵᠢᠯ ᠢ ᠪᠠᠶᠢᠴᠠᠭᠠᠨ ᠰᠤᠳᠤᠯᠤᠭᠰᠠᠨ ᠪᠥᠭᠡᠳ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠪᠠ᠃    ᠰᠦᠢ ᠸᠧᠢ ᠵᠢᠶᠦ᠋ᠨ ᠹᠧᠩᠵᠧᠨ ᠬᠤᠳᠠ ᠶᠢᠨ ᠵᠢᠤᠢ ᠪᠦᠦ ᠵᠤᠸᠠᠩ ᠪᠠᠯᠭᠠᠰᠤ ᠶᠢᠨ ᠵᠠᠩ ᠽᠢ ᠼᠦᠨ ᠲᠣᠰᠬᠤᠨ᠂ ᠪᠸᠢ ᠦ᠋ ᠴᠢᠤᠸᠠᠨ ᠲᠣᠰᠬᠤᠨ ᠳᠤ ᠬᠦᠷᠴᠦ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠠᠵᠢᠯ ᠢ ᠪᠠᠶᠢᠴᠠᠭᠠᠨ ᠰᠤᠳᠤᠯᠬᠤ ᠶᠢᠨ ᠬᠠᠮᠲᠤ ᠲᠠᠰᠢᠷᠠᠮ ᠢᠶᠠᠷ ᠡᠷᠦᠬᠡ ᠳᠤ ᠣᠷᠣᠵᠤ ᠰᠤᠷᠪᠤᠯᠵᠢᠯᠠᠪᠠ᠃ ᠲᠡᠷᠡ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠶᠢ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠤᠨ ᠭᠤᠣᠯ ᠡᠭᠦᠷᠭᠡ ᠪᠣᠯᠭᠠᠬᠤ ᠶᠢ ᠪᠠᠷᠢᠮᠲᠠᠯᠠᠵᠤ᠂ ᠠᠷᠭ᠎ᠠ ᠪᠦᠬᠦᠨ ᠢ ᠰᠦᠪᠡᠭᠴᠢᠯᠡᠨ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠦᠨ ᠪᠠᠶᠠᠵᠢᠭᠤᠯᠬᠤ ᠠᠷᠭ᠎ᠠ ᠵᠠᠮ ᠢ ᠥᠷᠭᠡᠳᠬᠡᠵᠦ᠂ ᠲᠠᠷᠢᠶᠠᠴᠢᠨ ᠲᠦᠮᠡᠨ ᠳᠤ ᠨᠡᠩ ᠤᠯᠠᠨ ᠦᠨᠡᠨ ᠪᠣᠳᠠᠲᠠᠢ ᠬᠦᠷᠲᠡᠮᠵᠢ ᠶᠢᠨ ᠲᠦᠷᠦᠭᠳᠡᠯ ᠲᠠᠢ ᠪᠣᠯᠭᠠᠬᠤ ᠬᠡᠷᠡᠭᠲᠡᠢ ᠭᠡᠵᠦ ᠬᠡᠯᠡᠪᠡ᠃    ᠥᠪᠥᠷ ᠮᠣᠩᠭᠤᠯ ᠤᠨ ᠱᠠᠨ ᠲᠠᠢ ᠠᠵᠤ ᠦᠢᠯᠡᠰ ᠤᠨ ᠬᠢᠵᠠᠭᠠᠷᠲᠤ ᠺᠣᠮᠫᠠᠨᠢ᠂ ᠾᠧᠩ ᠱᠧᠩ ᠶᠤᠸᠠᠨ ᠰᠢᠨ᠎ᠡ ᠡᠨᠧᠷᠭᠢ ᠶᠢᠨ ᠬᠢᠵᠠᠭᠠᠷᠲᠤ ᠺᠣᠮᠫᠠᠨᠢ ᠳᠤ᠂ ᠰᠦᠢ ᠸᠧᠢ ᠵᠢᠶᠦ᠋ᠨ ᠪᠠᠷᠢᠯᠭ᠎ᠠ ᠶᠢᠨ ᠠᠬᠢᠴᠠ᠂ ᠠᠶᠤᠯᠭᠦᠢ ᠦᠢᠯᠡᠳᠪᠦᠷᠢᠯᠡᠯ ᠵᠡᠷᠭᠡ ᠪᠠᠶᠢᠳᠠᠯ ᠢ ᠨᠠᠷᠢᠨ ᠯᠠᠪᠯᠠᠨ ᠠᠰᠠᠭᠤᠪᠠ᠃ ᠲᠡᠷᠡ᠂ ᠭᠠᠵᠠᠷ ᠰᠢᠷᠣᠢ᠂ ᠪᠣᠬᠢᠷᠳᠤᠯ ᠦᠭᠡᠢ ᠴᠠᠬᠢᠯᠭᠠᠨ᠂ ᠠᠵᠤ ᠦᠢᠯᠡᠰ ᠢ ᠲᠥᠪᠯᠡᠷᠡᠭᠦᠯᠬᠦ ᠵᠡᠷᠭᠡ ᠬᠠᠮ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠬᠠᠶᠢᠯᠤᠰᠢ ᠶᠢᠨ ᠠᠵᠤ ᠦᠢᠯᠡᠰ ᠤᠨ ᠳᠡᠭᠡᠳᠦ ᠳᠤᠤᠷᠠᠳᠤ ᠤᠷᠤᠰᠬᠠᠯ ᠤᠨ ᠠᠵᠤ ᠦᠢᠯᠡᠰ ᠤᠨ ᠬᠡᠯᠬᠢᠶ᠎ᠡ ᠶᠢ ᠰᠠᠶᠢᠲᠤᠷ ᠪᠠᠶᠢᠷᠢᠰᠢᠭᠤᠯᠵᠤ᠂ ᠦᠢᠯᠡᠳᠪᠦᠷᠢᠯᠡᠯ ᠤᠨ ᠥᠪᠡᠷ ᠤᠨ ᠦᠷᠳᠡᠭ ᠤᠨ ᠬᠤᠲᠣᠭᠤᠷ ᠭᠠᠵᠠᠷ᠂ ᠲᠦᠷᠦ ᠶᠢᠨ ᠪᠤᠳᠤᠯᠭ᠎ᠠ ᠶᠢᠨ ᠥᠨᠳᠦᠷᠯᠢᠭ ᠢ ᠪᠠᠶᠢᠭᠤᠯᠵᠤ᠂ ᠠᠵᠤ ᠦᠢᠯᠡᠰ ᠤᠨ ᠦᠷᠢᠰᠦᠯᠳᠦᠬᠦ ᠬᠦᠴᠦᠨ ᠢ ᠳᠡᠭᠡᠭᠰᠢᠯᠡᠭᠦᠯᠬᠦ ᠬᠡᠷᠡᠭᠲᠡᠢ᠃ ᠠᠵᠤ ᠠᠬᠤᠶᠢᠯᠠᠯ ᠤᠳ ᠠᠶᠤᠯᠭᠦᠢ ᠦᠢᠯᠡᠳᠪᠦᠷᠢᠯᠡᠯ ᠢ ᠪᠠᠲᠤᠯᠠᠭᠰᠠᠨ ᠤᠷᠢᠲᠠᠯ ᠳᠣᠣᠷ᠎ᠠ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠶᠡᠬᠡᠪᠡᠷ ᠠᠳᠬᠤᠵᠤ᠂ ᠲᠦᠷᠦᠯ ᠵᠦᠢᠯ ᠤᠨ ᠡᠷᠲᠡᠬᠡᠨ ᠠᠰᠢᠭᠯᠠᠯᠲᠠ ᠳᠤ ᠣᠷᠣᠬᠤ ᠶᠢ ᠪᠠᠲᠤᠯᠠᠬᠤ ᠬᠡᠷᠡᠭᠲᠡᠢ ᠭᠡᠵᠦ ᠬᠡᠯᠡᠪᠡ᠃     ᠯᠢᠦᠶ ᠺᠠᠩ ᠶᠤᠸᠠᠨ ᠠᠮᠢ ᠠᠬᠤᠶ ᠶᠢᠨ ᠲᠠᠷᠢᠶᠠᠯᠠᠩ ᠤᠨ ᠬᠢᠵᠠᠭᠠᠷᠲᠤ ᠺᠣᠮᠫᠠᠨᠢ ᠳᠤ᠂ ᠰᠦᠶ ᠸᠧᠶ ᠵᠢᠶᠦ᠋ᠨ᠂ ᠨᠢᠭᠡ ᠲᠠᠯ᠎ᠠ ᠪᠠᠷ ᠬᠥᠮᠦᠰ ᠤᠨ ᠬᠦᠷᠢᠶᠡᠯᠡᠯ ᠢ ᠣᠯᠬᠤ ᠶᠢ ᠠᠳᠬᠤᠵᠤ᠂ ᠨᠥᠭᠦᠭᠡ ᠲᠠᠯ᠎ᠠ ᠪᠠᠷ ᠵᠠᠬ᠎ᠠ ᠳᠡᠯᠭᠡᠭᠦᠷ ᠢ ᠨᠡᠭᠡᠭᠡᠨ ᠬᠥᠭᠵᠢᠭᠦᠯᠵᠦ᠂ ᠲᠠᠷᠢᠶᠠᠯᠠᠩ ᠰᠣᠶᠣᠯ ᠵᠢᠭᠤᠯᠴᠢᠯᠠᠯ ᠢ ᠠᠭᠤᠰᠤᠯᠴᠠᠭᠤᠯᠤᠨ ᠬᠥᠭᠵᠢᠭᠦᠯᠬᠦ ᠰᠢᠨ᠎ᠡ ᠵᠠᠮ ᠢ ᠨᠡᠭᠡᠭᠡᠬᠦ ᠬᠡᠷᠡᠭᠲᠡᠶ ᠭᠡᠵᠦ ᠬᠡᠯᠡᠪᠡ᠃     ᠳᠠᠷᠠᠭ᠎ᠠ ᠨᠢ᠂ ᠰᠦᠶ ᠸᠧᠶ ᠵᠢᠶᠦ᠋ᠨ ᠹᠧᠩᠵᠧᠨ ᠬᠤᠲᠠ ᠶᠢᠨ ᠭᠤᠤᠯᠳᠠᠯᠭ᠎ᠠ ᠲᠠᠢ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃ ᠲᠡᠷᠡ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠤᠣᠯ ᠰᠢᠵᠢᠮ ᠢ ᠡᠯ᠎ᠡ ᠵᠦᠢᠯ ᠤᠨ ᠠᠵᠢᠯ ᠤᠨ ᠳᠤᠮᠳᠠ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠠᠪᠤᠨ ᠶᠡᠭᠡ ᠡᠭᠦᠷᠭᠡ ᠶᠢ ᠯᠠᠪᠳᠠᠭᠤᠨ ᠪᠠᠲᠤᠲᠠᠢ ᠪᠡᠶᠡᠯᠡᠭᠦᠯᠵᠦ᠂ ︽ᠵᠢᠷᠭᠤᠭᠠᠨ ᠢᠨᠵᠧᠨᠧᠷᠢᠩ︾ ᠢ ᠪᠦᠬᠦ ᠬᠦᠴᠦᠨ ᠢᠶᠠᠷ ᠢᠶᠠᠨ ᠰᠠᠶᠢᠲᠤᠷ ᠬᠡᠷᠡᠭᠵᠢᠭᠦᠯᠵᠦ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠶᠢ ᠲᠦᠷᠭᠡᠳᠬᠡᠨ ᠠᠬᠢᠭᠤᠯᠵᠤ᠂ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠯᠡᠨ ︽ᠭᠤᠷᠪᠠᠨ ᠣᠷᠣᠯᠭ᠎ᠠ ᠶᠢ ᠨᠡᠮᠡᠭᠳᠡᠭᠦᠯᠬᠦ︾ ᠶᠢ ᠠᠬᠢᠭᠤᠯᠵᠤ᠂ ᠡᠯ᠎ᠡ ᠵᠦᠢᠯ ᠤᠨ ᠡᠭᠦᠷᠭᠡ ᠶᠢ ᠴᠢᠨᠠᠷ ᠰᠠᠶᠢᠲᠠᠢ ᠰᠠᠶᠢᠲᠤᠷ ᠪᠡᠶᠡᠯᠡᠭᠦᠯᠬᠦ ᠬᠡᠷᠡᠭᠲᠡᠢ᠃ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠨᠢᠭᠡ ᠴᠤᠬᠴᠠᠵᠢᠭᠤᠯᠤᠨ ᠠᠬᠢᠭᠤᠯᠵᠤ᠂ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠵᠦ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ ᠴᠡᠭᠴᠡᠯᠡᠨ ᠵᠠᠰᠠᠵᠤ᠂ ᠠᠵᠢᠯ ᠤᠨ ᠰᠤᠷᠲᠠᠯ ᠢᠶᠠᠨ ᠦᠷᠭᠦᠯᠵᠢᠯᠡᠨ ᠬᠤᠪᠢᠷᠠᠭᠤᠯᠵᠤ᠂ ︽ᠰᠢᠢᠳᠪᠦᠷᠢᠯᠡᠬᠦ ᠰᠡᠳᠬᠢᠬᠦᠢ︾ ᠪᠠᠨ ᠴᠢᠩᠭᠠᠳᠬᠠᠵᠤ᠂ ︽ᠭᠤᠷᠪᠠᠨ ᠤᠯᠠᠨ ᠭᠤᠷᠪᠠᠨ ᠴᠥᠭᠡᠨ ᠭᠤᠷᠪᠠᠨ ᠤᠳᠠᠭᠠᠨ︾ ᠠᠰᠠᠭᠤᠳᠠᠯ ᠢ ᠰᠢᠢᠳᠪᠦᠷᠢᠯᠡᠵᠦ᠂ ᠬᠥᠮᠦᠨ ᠬᠡᠷᠡᠭᠯᠡᠬᠦ ᠢᠯᠡ ᠲᠣᠳᠣ ᠤᠳᠤᠷᠢᠳᠤᠮᠵᠢ ᠶᠢ ᠪᠤᠢ ᠪᠣᠯᠭᠠᠵᠤ᠂ ᠡᠯ᠎ᠡ ᠵᠦᠢᠯ ᠤᠨ ᠠᠵᠢᠯ ᠢ ᠤᠷᠢᠳ ᠢᠶᠠᠷ ᠬᠢᠵᠦ᠂ ᠲᠡᠷᠢᠭᠦᠨ ᠳᠤ ᠲᠠᠯᠪᠢᠬᠤ ᠶᠢ ᠪᠠᠲᠤᠯᠠᠬᠤ ᠬᠡᠷᠡᠭᠲᠡᠢ ᠭᠡᠵᠦ ᠬᠡᠯᠡᠪᠡ᠃     ᠹᠠᠩ ᠽᠧ᠂ ᠰᠦᠢ ᠵᠢᠶᠠᠨ ᠬᠤᠸᠠ ᠣᠷᠣᠯᠴᠠᠵᠠᠢ᠃                                                  ᠣᠷᠴᠢᠭᠤᠯᠤᠭᠴᠢ᠄ ᠭᠤᠸ᠎ᠠ                                                  ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2