ᠵᠢᠨᠢᠩ ᠲᠣᠭᠤᠷᠢᠭ ᠤᠨ ᠠᠶᠤᠯᠭᠦᠢ ᠦᠢᠯᠡᠳᠪᠦᠷᠢᠯᠡᠯ ᠤᠨ ᠠᠵᠢᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/6/5
           6 ᠰᠠᠷ᠎ᠠ ᠶᠢᠨ 4 ᠤ ᠡᠳᠦᠷ᠂ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠢᠨᠢᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠵᠠᠩ ᠶᠦᠩ ᠸᠧᠨ ᠪᠦᠬᠦ ᠲᠤᠭᠤᠷᠢᠭ ᠤᠨ ᠠᠶᠤᠯᠭᠦᠢ ᠦᠢᠯᠡᠳᠪᠦᠷᠢᠯᠡᠯ ᠤᠨ ᠠᠵᠢᠯ ᠤᠨ ᠬᠤᠷᠠᠯ ᠢ ᠡᠷᠬᠢᠯᠡᠨ ᠬᠤᠷᠠᠯᠳᠤᠭᠤᠯᠪᠠ᠃    ᠬᠤᠷᠠᠯ ᠠᠴᠠ᠂ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠬᠢᠨ ᠲᠠᠨᠢᠯᠲᠠ ᠪᠠᠨ ᠳᠡᠭᠡᠭᠰᠢᠯᠡᠭᠦᠯᠵᠦ᠂ ᠣᠳᠣᠬᠠᠨ ᠤ ᠬᠦᠨᠳᠦ ᠨᠣᠴᠢᠲᠠᠢ ᠪᠠᠶᠢᠳᠠᠯ ᠢ ᠰᠡᠷᠭᠡᠭ ᠢᠶᠠᠷ ᠲᠠᠨᠢᠵᠤ᠂ ᠮᠢᠨᠴᠦᠭᠦᠷᠡᠬᠦ ᠦᠵᠡᠯ ᠰᠠᠨᠠᠭ᠎ᠠ ᠪᠣᠯᠤᠨ ᠠᠵᠠ ᠵᠠᠪᠰᠢᠶᠠᠨ ᠢ ᠡᠷᠢᠬᠦ ᠪᠤᠳᠤᠯ ᠢ ᠦᠨᠡᠨᠬᠦ ᠲᠡᠪᠴᠢᠵᠦ᠂ ︽ᠴᠠᠭ ᠢᠮᠠᠭᠲᠠ ᠰᠡᠳᠬᠢᠯ ᠠᠮᠤᠷ ᠦᠭᠡᠢ ᠪᠠᠶᠢᠬᠤ︾ ᠬᠠᠷᠢᠭᠤᠴᠠᠯᠭᠠᠲᠤ ᠰᠡᠳᠬᠢᠯᠭᠡ ᠪᠠᠷ ᠡᠯ᠎ᠡ ᠵᠦᠢᠯ ᠤᠨ ᠠᠶᠤᠯᠭᠦᠢ ᠦᠢᠯᠡᠳᠪᠦᠷᠢᠯᠡᠯ ᠤᠨ ᠠᠵᠢᠯ ᠢ ᠴᠢᠩᠭ᠎ᠠ ᠪᠣᠳᠠᠲᠠᠢ ᠨᠠᠷᠢᠯᠢᠭ ᠨᠠᠶᠢᠳᠠᠪᠤᠷᠢᠵᠢᠭᠤᠯᠬᠤ ᠬᠡᠷᠡᠭᠲᠡᠢ᠃ ᠠᠮᠤᠷ ᠲᠦᠪᠰᠢᠨ ᠤ ᠬᠡᠮ ᠰᠣᠭᠤᠭ ᠢ ᠶᠡᠬᠡᠪᠡᠷ ᠵᠢᠭᠰᠠᠭᠠᠨ ᠪᠠᠶᠢᠴᠠᠭᠠᠵᠤ ᠶᠡᠬᠡᠪᠡᠷ ᠴᠡᠭᠴᠡᠯᠡᠨ ᠵᠠᠰᠠᠬᠤ ᠠᠵᠢᠯ ᠢ ᠬᠢᠨᠠᠮᠠᠭᠠᠶ ᠵᠣᠬᠢᠶᠠᠨ ᠪᠠᠶᠢᠭᠤᠯᠤᠨ ᠥᠷᠨᠢᠭᠦᠯᠵᠦ᠂ ᠭᠠᠯ ᠰᠡᠷᠭᠡᠶᠢᠯᠡᠬᠦ᠂ ᠰᠢᠲᠠᠮᠠᠬᠠᠶ ᠬᠡᠶ ᠵᠡᠷᠭᠡ ᠭᠤᠤᠯᠳᠠᠯᠭ᠎ᠠ ᠲᠠᠢ ᠬᠦᠷᠢᠶᠡᠨ ᠳᠠᠬᠢ ᠠᠶᠤᠯ ᠲᠦᠭᠰᠢᠭᠦᠷᠢ ᠶᠢᠨ ᠬᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠵᠢᠴᠢ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠶᠢ ᠪᠥᠬᠦ ᠬᠡᠯᠬᠢᠶ᠎ᠡ ᠪᠠᠷ ᠴᠡᠭᠴᠡᠯᠡᠨ ᠵᠠᠰᠠᠬᠤ᠂ ᠦᠶᠡᠷ ᠢ ᠰᠡᠷᠭᠡᠶᠢᠯᠡᠵᠦ ᠦᠶᠡᠷ ᠰᠡᠷᠬᠡᠶᠢᠯᠡᠬᠦ ᠶᠢ ᠪᠡᠯᠡᠳᠬᠡᠬᠦ ᠵᠡᠷᠭᠡ ᠭᠤᠤᠯᠳᠠᠯᠭ᠎ᠠ ᠲᠠᠢ ᠠᠵᠢᠯ ᠢ ᠴᠢᠩᠭ᠎ᠠ ᠠᠳᠬᠤᠵᠤ᠂ ᠡᠯ᠎ᠡ ᠲᠥᠷᠥᠯ ᠤᠨ ᠠᠳᠡᠯ ᠭᠠᠷᠬᠤ ᠶᠢ ᠡᠷᠡᠰ ᠬᠤᠷᠢᠭᠯᠠᠬᠤ ᠬᠡᠷᠡᠭᠲᠡᠶ᠃ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠬᠠᠷᠢᠭᠤᠴᠠᠯᠭ᠎ᠠ ᠶᠢ ᠱᠠᠲᠤ ᠱᠠᠲᠤ ᠪᠠᠷ ᠪᠣᠳᠠᠲᠠᠶᠢᠵᠢᠭᠤᠯᠵᠤ᠂ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ ᠰᠠᠨᠠᠭᠠᠴᠢᠯᠠᠭ᠎ᠠ ᠠᠴᠠ ᠪᠠᠨ ᠭᠠᠷᠳᠠᠵᠤ᠂ ᠪᠡᠶ᠎ᠡ ᠪᠠᠷ ᠢᠶᠠᠨ ᠲᠣᠬᠢᠷᠠᠭᠤᠯᠵᠤ᠂ ᠡᠯ᠎ᠡ ᠰᠠᠯᠠᠭ᠎ᠠ ᠮᠥᠴᠢᠷ ᠤᠳ ᠬᠠᠮᠵᠢᠯᠴᠠᠵᠤ᠂ ᠨᠡᠶᠢᠯᠡᠮᠡᠯ ᠬᠦᠴᠦᠨ ᠢ ᠪᠦᠷᠢᠯᠳᠦᠭᠦᠯᠦᠨ᠂ ᠡᠯ᠎ᠡ ᠲᠥᠷᠥᠯ ᠤᠨ ᠠᠶᠤᠯ ᠲᠦᠭᠰᠢᠭᠦᠷᠢ ᠶᠢᠨ ᠳᠠᠯᠳᠠ ᠬᠡᠮ ᠢ ᠵᠢᠭᠰᠠᠭᠠᠨ ᠪᠠᠶᠢᠴᠠᠭᠠᠵᠤ ᠲᠣᠳᠣᠷᠬᠠᠶᠢᠯᠠᠨ᠂ ᠲᠦᠢᠯᠪᠤᠷᠢᠲᠠᠶ ᠴᠡᠭᠴᠡᠯᠡᠨ ᠰᠠᠶᠢᠵᠢᠷᠠᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ ᠬᠢᠨᠠᠨ ᠬᠠᠮᠢᠶᠠᠷᠴᠤ ᠱᠠᠯᠠᠪᠳᠠᠭᠤᠯᠤᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠢ ᠲᠡᠭᠦᠯᠳᠡᠷᠵᠢᠭᠦᠯᠵᠦ᠂ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠪᠡᠯᠡᠳᠬᠡᠯ ᠢ ᠴᠢᠩᠭᠠᠳᠬᠠᠵᠤ᠂ ᠠᠮᠤᠷ ᠲᠦᠪᠰᠢᠨ ᠤ ᠬᠤᠷᠢᠭ᠎ᠠ ᠱᠤᠭᠤᠮ ᠢ ᠡᠷᠡᠰ ᠪᠠᠲᠤ ᠰᠠᠬᠢᠵᠤ᠂ ᠵᠢᠨᠢᠩ ᠲᠣᠭᠤᠷᠢᠭ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠪᠠᠲᠤᠯᠠᠭ᠎ᠠ ᠬᠠᠩᠭᠠᠬᠤ ᠬᠡᠷᠡᠭᠲᠡᠢ ᠭᠡᠵᠤ ᠴᠢᠬᠤᠯᠠᠴᠢᠯᠠᠪᠠ᠃                    ᠤᠷᠴᠢᠭᠤᠯᠤᠭᠴᠢ᠄ ᠬᠦᠰᠡᠯ                    ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2