| | | 6 ᠳ᠋ᠤᠭᠠᠷ ᠰᠠᠷ᠎ᠠ ᠶᠢᠨ 5 ᠤ ᠡᠳᠦᠷ ᠤᠨ ᠦᠳᠡ ᠶᠢᠨ ᠡᠮᠦᠨ᠎ᠡ᠂ ᠲᠥᠷᠥ ᠶᠢᠨ ᠶᠠᠪᠤᠳᠠᠯ ᠤᠨ ᠬᠤᠷᠢᠶ᠎ᠠ ︽ | ᠲᠥᠷᠥ ᠶᠢᠨ ᠶᠠᠪᠤᠳᠠᠯ ᠤᠨ ᠬᠤᠷᠢᠶᠠᠨ ᠤ ᠵᠣᠬᠢᠶᠠᠨ ᠪᠠᠶᠢᠭᠤᠯᠬᠤ ᠬᠠᠤᠯᠢ ᠶᠢ ᠭᠦᠨᠵᠡᠭᠡᠢ ᠲᠤᠭᠤᠰᠢᠯᠠᠭᠤᠯᠤᠨ | ᠬᠡᠷᠡᠭᠵᠢᠭᠦᠯᠵᠦ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠯᠠᠪᠳᠠᠭᠤᠨ ᠪᠠᠲᠤᠲᠠᠢ | ᠠᠬᠢᠭᠤᠯᠤᠶ᠎ᠠ︾ ᠪᠠᠷ ᠭᠤᠣᠯ ᠰᠡᠳᠦᠪ ᠪᠣᠯᠭᠠᠨ᠂ ᠨᠠᠢᠮᠠᠳᠤᠭᠠᠷ ᠤᠳᠠᠭ᠎ᠠ ᠲᠤᠰᠬᠠᠢ ᠰᠡᠳᠦᠪ ᠢᠶᠠᠷ ᠰᠤᠷᠤᠯᠴᠠᠪᠠ᠃ | ᠲᠦᠷᠦ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠴᠢᠶᠠᠩ ᠰᠤᠷᠤᠯᠴᠠᠯᠭ᠎ᠠ ᠶᠢ ᠡᠷᠬᠢᠯᠡᠪᠡ᠃ ᠰᠢᠨᠬᠤᠸᠠ | ᠬᠤᠷᠢᠶᠠᠨ ᠤ ᠰᠣᠷᠪᠣᠯᠵᠢᠯᠠᠭᠴᠢ ᠶᠢᠨ ᠪᠦᠸᠧ ᠭᠦ᠋ ᠰᠡᠭᠦᠳᠡᠷᠯᠡᠪᠡ | ᠰᠢᠨᠬᠤᠸᠠ ᠬᠤᠷᠢᠶᠠᠨ ᠤ ᠪᠡᠭᠡᠵᠢᠩ ᠤᠨ 6 ᠳ᠋ᠤᠭᠠᠷ ᠰᠠᠷ᠎ᠠ ᠶᠢᠨ 5 ᠤ ᠡᠳᠦᠷ ᠤᠨ ᠴᠠᠭᠢᠯᠭᠠᠨ ᠮᠡᠳᠡᠭᠡ 6 | ᠳ᠋ᠤᠭᠠᠷ ᠰᠠᠷ᠎ᠠ ᠶᠢᠨ 5 ᠤ ᠡᠳᠦᠷ ᠤᠨ ᠦᠳᠡ ᠶᠢᠨ ᠡᠮᠦᠨ᠎ᠡ᠂ ᠲᠥᠷᠥ ᠶᠢᠨ ᠶᠠᠪᠤᠳᠠᠯ ᠤᠨ ᠬᠤᠷᠢᠶ᠎ᠠ ︽ᠲᠥᠷᠥ ᠶᠢᠨ | ᠶᠠᠪᠤᠳᠠᠯ ᠤᠨ ᠬᠤᠷᠢᠶᠠᠨ ᠤ ᠵᠣᠬᠢᠶᠠᠨ ᠪᠠᠶᠢᠭᠤᠯᠬᠤ ᠬᠠᠤᠯᠢ ᠶᠢ ᠭᠦᠨᠵᠡᠭᠡᠢ ᠲᠤᠭᠤᠰᠢᠯᠠᠭᠤᠯᠤᠨ ᠬᠡᠷᠡᠭᠵᠢᠭᠦᠯᠵᠦ᠂ | ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠤᠶ᠎ᠠ︾ ᠪᠠᠷ ᠭᠤᠣᠯ | ᠰᠡᠳᠦᠪ ᠪᠣᠯᠭᠠᠨ᠂ ᠨᠠᠢᠮᠠᠳᠤᠭᠠᠷ ᠤᠳᠠᠭ᠎ᠠ ᠲᠤᠰᠬᠠᠢ ᠰᠡᠳᠦᠪ ᠢᠶᠠᠷ ᠰᠤᠷᠤᠯᠴᠠᠪᠠ᠃ ᠲᠦᠷᠦ ᠶᠢᠨ ᠶᠠᠪᠤᠳᠠᠯ ᠤᠨ | ᠬᠤᠷᠢᠶᠠᠨ ᠤ ᠶᠡᠷᠦᠩᠬᠡᠢ ᠰᠠᠶᠢᠳ ᠯᠢ ᠴᠢᠶᠠᠩ ᠰᠤᠷᠤᠯᠴᠠᠯᠭ᠎ᠠ ᠶᠢ ᠡᠷᠬᠢᠯᠡᠬᠦ ᠳᠤ ᠪᠠᠨ᠂ ᠰᠢ ᠶᠢᠨ ᠫᠢᠩ ᠤᠨ | ᠬᠠᠤᠯᠢ ᠪᠠᠷ ᠵᠠᠰᠠᠬᠤ ᠦᠵᠡᠯ ᠰᠠᠨᠠᠭ᠎ᠠ ᠬᠢᠭᠡᠳ ᠨᠠᠮ ᠤᠨ ᠲᠥᠪ ᠬᠤᠷᠢᠶᠠᠨ ᠤ ᠪᠦᠬᠦ ᠲᠠᠯ᠎ᠠ ᠪᠠᠷ ᠬᠠᠤᠯᠢ ᠪᠠᠷ | ᠤᠯᠤᠰ ᠢᠶᠠᠨ ᠵᠠᠰᠠᠬᠤ ᠲᠤᠬᠠᠢ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠢ ᠰᠤᠷᠤᠯᠴᠠᠨ | ᠲᠤᠭᠤᠰᠢᠯᠠᠭᠤᠯᠵᠤ᠂ ᠲᠦᠷᠦ ᠶᠢᠨ ᠶᠠᠪᠤᠳᠠᠯ ᠤᠨ ᠬᠤᠷᠢᠶᠠᠨ ᠤ ᠵᠣᠬᠢᠶᠠᠨ ᠪᠠᠶᠢᠭᠤᠯᠬᠤ ᠬᠠᠤᠯᠢ ᠶᠢ ᠲᠤᠭᠤᠰᠢᠯᠠᠭᠤᠯᠤᠨ | ᠬᠡᠷᠡᠭᠵᠢᠭᠦᠯᠬᠦ ᠪᠠᠷ ᠠᠵᠠ ᠲᠣᠬᠢᠶᠠᠯ ᠪᠣᠯᠭᠠᠨ᠂ ᠬᠠᠤᠯᠢ ᠪᠠᠷ ᠵᠠᠰᠠᠬᠤ ᠰᠡᠳᠬᠢᠬᠦᠢ ᠬᠢᠭᠡᠳ ᠠᠷᠭ᠎ᠠ ᠬᠡᠯᠪᠡᠷᠢ ᠪᠠᠷ | ᠠᠵᠢᠯ ᠢᠶᠠᠨ ᠠᠬᠢᠭᠤᠯᠬᠤ᠂ ᠠᠰᠠᠭᠤᠳᠠᠯ ᠢ ᠰᠢᠢᠳᠪᠦᠷᠢᠯᠡᠬᠦ ᠴᠢᠳᠠᠪᠤᠷᠢ ᠪᠠᠨ ᠴᠢᠨᠠᠭᠰᠢᠳᠠ ᠴᠢᠩᠭᠠᠳᠬᠠᠵᠤ᠂ | ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ ᠬᠡᠮᠡᠨ | ᠴᠢᠩᠭᠠᠳᠬᠠᠭᠰᠠᠨ ᠪᠠᠶᠢᠨ᠎ᠠ᠃ | ᠳᠤᠮᠳᠠᠳᠤ ᠤᠯᠤᠰ ᠤᠨ ᠤᠯᠤᠰ ᠲᠥᠷᠥ ᠬᠠᠤᠯᠢ ᠴᠠᠭᠠᠵᠠ ᠶᠢᠨ ᠶᠡᠭᠡ ᠰᠤᠷᠭᠠᠭᠤᠯᠢ ᠶᠢᠨ ᠵᠠᠬᠢᠷᠤᠯ ᠮᠠ ᠬᠤᠸᠠᠢ | ᠳ᠋ᠧ ᠲᠠᠶᠢᠯᠤᠮᠵᠢ ᠬᠢᠪᠡ᠃ ᠲᠥᠷᠥ ᠶᠢᠨ ᠶᠠᠪᠤᠳᠠᠯ ᠤᠨ ᠬᠤᠷᠢᠶᠠᠨ ᠤ ᠳᠡᠳ᠋ ᠶᠡᠷᠦᠩᠬᠡᠢ ᠰᠠᠶᠢᠳ ᠳ᠋ᠢᠩ ᠰᠢᠤᠸᠠᠢ | ᠰᠢᠶᠠᠩ᠂ ᠾᠧ ᠯᠢ ᠹᠧᠩ᠂ ᠲᠥᠷᠥ ᠶᠢᠨ ᠶᠠᠪᠤᠳᠠᠯ ᠤᠨ ᠬᠤᠷᠢᠶᠠᠨ ᠤ ᠭᠡᠰᠢᠭᠦᠨ ᠦ᠋ ᠵᠧᠩ ᠯᠦᠩ ᠰᠠᠨᠠᠯ ᠢᠶᠠᠨ | ᠰᠣᠯᠢᠯᠴᠠᠬᠤ ᠦᠭᠡ ᠬᠡᠯᠡᠪᠡ᠃ | ᠯᠢ ᠴᠢᠶᠠᠩ ᠢᠯᠡᠳᠬᠡᠯ ᠪᠠ ᠰᠣᠯᠢᠯᠴᠠᠭᠠᠨ ᠤ ᠶᠠᠷᠢᠶ᠎ᠠ ᠶᠢ ᠰᠣᠨᠣᠰᠤᠭᠰᠠᠨ ᠤ ᠳᠠᠷᠠᠭ᠎ᠠ᠂ ᠬᠠᠤᠯᠢ ᠪᠠᠷ ᠵᠠᠰᠠᠬᠤ | ᠵᠠᠰᠠᠭ ᠤᠨ ᠣᠷᠳᠣᠨ ᠤ ᠪᠠᠶᠢᠭᠤᠯᠤᠯᠲᠠ ᠪᠣᠯ ᠪᠥᠬᠦ ᠲᠠᠯ᠎ᠠ ᠪᠠᠷ ᠬᠠᠤᠯᠢ ᠪᠠᠷ ᠤᠯᠤᠰ ᠢᠶᠠᠨ ᠵᠠᠰᠠᠬᠤ ᠶᠢᠨ | ᠭᠤᠣᠯᠳᠠᠯᠭᠠᠲᠤ ᠡᠭᠦᠷᠭᠡ ᠪᠠ ᠭᠤᠣᠯ ᠴᠣᠭᠴᠠᠲᠤ ᠢᠨᠵᠧᠨᠧᠷᠢᠩ ᠮᠥᠨ᠃ ᠰᠢᠨ᠎ᠡ ᠪᠠᠷ ᠵᠠᠰᠠᠪᠤᠷᠢ ᠣᠷᠣᠭᠤᠯᠤᠭᠰᠠᠨ | ᠲᠦᠷᠦ ᠶᠢᠨ ᠶᠠᠪᠤᠳᠠᠯ ᠤᠨ ᠬᠤᠷᠢᠶᠠᠨ ᠤ ᠵᠣᠬᠢᠶᠠᠨ ᠪᠠᠶᠢᠭᠤᠯᠬᠤ ᠬᠠᠤᠯᠢ ᠨᠢ ᠲᠦᠷᠦ ᠶᠢᠨ ᠶᠠᠪᠤᠳᠠᠯ ᠤᠨ ᠬᠤᠷᠢᠶᠠᠨ ᠤ | ᠦᠨᠳᠦᠰᠦᠨ ᠬᠠᠤᠯᠢ ᠪᠠ ᠬᠠᠤᠯᠢ ᠴᠠᠭᠠᠵᠠ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ᠂ ᠬᠠᠤᠯᠢ ᠪᠠᠷ | ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠴᠢᠩᠭᠠᠳᠬᠠᠬᠤ ᠳᠤ ᠨᠡᠩ ᠪᠠᠲᠤ ᠪᠠᠬᠢ ᠪᠠᠲᠤᠯᠠᠭ᠎ᠠ ᠬᠠᠩᠭᠠᠵᠠᠢ᠃ | ᠣᠶᠢᠷ᠎ᠠ ᠶᠢᠨ ᠵᠢᠯ ᠤᠳ ᠲᠤ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠢᠳᠡᠪᠬᠢᠲᠡᠢ | ᠠᠬᠢᠴᠠ ᠲᠠᠢ ᠪᠣᠯᠪᠠ᠃ ᠰᠢᠨ᠎ᠡ ᠪᠠᠶᠢᠳᠠᠯ ᠪᠠ ᠡᠭᠦᠷᠭᠡ ᠶᠢᠨ ᠡᠮᠦᠨ᠎ᠡ᠂ ᠵᠠᠰᠠᠭ ᠤᠨ ᠣᠷᠳᠣᠨ ᠤ ᠠᠵᠢᠯᠲᠠᠳ | ᠬᠠᠤᠯᠢ ᠪᠠᠷ ᠵᠠᠰᠠᠬᠤ ᠤᠬᠠᠮᠰᠠᠷ ᠢᠶᠠᠨ ᠴᠢᠨᠠᠭᠰᠢᠳᠠ ᠤᠯᠠᠮ ᠴᠢᠩᠭᠠᠳᠬᠠᠵᠤ᠂ ᠬᠠᠤᠯᠢ ᠪᠠᠷ ᠵᠠᠰᠠᠬᠤ ᠴᠢᠳᠠᠪᠤᠷᠢ ᠪᠠᠨ | ᠳᠡᠭᠡᠭᠰᠢᠯᠡᠭᠦᠯᠦᠨ᠂ ᠬᠠᠤᠯᠢ ᠪᠠᠷ ᠵᠠᠰᠠᠬᠤ ᠳᠠᠳᠬᠠᠯ ᠲᠠᠢ ᠪᠣᠯᠣᠭᠠᠳ᠂ ᠵᠠᠰᠠᠭ ᠤᠨ ᠣᠷᠳᠣᠨ ᠤ ᠠᠵᠢᠯ ᠢ ᠢᠮᠠᠭᠲᠠ | ᠬᠠᠤᠯᠢ ᠪᠠᠷ ᠵᠠᠰᠠᠬᠤ ᠵᠠᠮ ᠢᠶᠠᠷ ᠥᠷᠨᠢᠭᠦᠯᠵᠦ᠂ ᠨᠠᠮ ᠤᠨ ᠲᠥᠪ ᠬᠤᠷᠢᠶᠠᠨ ᠤ ᠪᠠᠶᠢᠷᠢᠯᠠᠭᠤᠯᠤᠯᠲᠠ ᠶᠢ ᠨᠠᠩ ᠰᠠᠶᠢᠲᠤᠷ | ᠲᠤᠭᠤᠰᠢᠯᠠᠭᠤᠯᠵᠤ᠂ ᠠᠷᠠᠳ ᠣᠯᠠᠨ ᠤ ᠬᠦᠰᠡᠯ ᠡᠷᠡᠮᠡᠯᠵᠡᠯ ᠳᠤ ᠨᠡᠩ ᠨᠡᠶᠢᠴᠡᠭᠦᠯᠬᠦ ᠬᠡᠷᠡᠭᠲᠡᠢ ᠬᠡᠮᠡᠨ ᠵᠢᠭᠠᠨ | ᠭᠠᠷᠭᠠᠵᠠᠢ᠃ | ᠯᠢ ᠴᠢᠶᠠᠩ ᠵᠢᠭᠠᠨ ᠭᠠᠷᠭᠠᠬᠤ ᠳᠤ ᠪᠠᠨ᠂ ᠰᠢᠨᠵᠢᠯᠡᠬᠦ ᠤᠬᠠᠭᠠᠨᠴᠢ ᠪᠠᠷ ᠬᠠᠤᠯᠢ ᠲᠣᠭᠲᠠᠭᠠᠬᠤ ᠶᠢ ᠠᠬᠢᠭᠤᠯᠤᠨ᠂ | ᠬᠠᠤᠯᠢ ᠲᠣᠭᠲᠠᠭᠠᠬᠤ ᠪᠠᠭᠤᠷᠠᠢ ᠪᠠ ᠬᠤᠭᠤᠰᠤᠨ ᠢ ᠲᠦᠷᠭᠡᠬᠡᠨ ᠨᠥᠬᠦᠪᠦᠷᠢᠯᠡᠵᠦ᠂ ᠵᠠᠰᠠᠭ ᠵᠠᠬᠢᠷᠭᠠᠨ ᠤ ᠦᠢᠯᠡ | ᠠᠵᠢᠯᠯᠠᠭ᠎ᠠ ᠳᠤ ᠦᠨᠳᠦᠰᠦᠯᠡᠬᠦ ᠬᠠᠤᠯᠢ ᠴᠠᠭᠠᠵᠠ ᠲᠠᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ᠂ ᠲᠡᠷᠡᠴᠢᠯᠡᠨ | ᠥᠭᠡᠷᠡᠴᠢᠯᠡᠯᠲᠡ ᠬᠥᠭᠵᠢᠯᠲᠡ ᠶᠢᠨ ᠱᠠᠭᠠᠷᠳᠠᠯᠭ᠎ᠠ ᠳᠤ ᠡᠰᠡ ᠳᠣᠬᠢᠷᠠᠬᠤ ᠬᠠᠤᠯᠢ ᠴᠠᠭᠠᠵᠠ ᠬᠠᠤᠯᠢ ᠲᠣᠭᠲᠠᠭᠠᠯ ᠢ | ᠪᠠᠰᠠ ᠴᠠᠭ ᠲᠤᠬᠠᠢ ᠳᠤ ᠨᠢ ᠵᠠᠰᠠᠪᠤᠷᠢᠯᠠᠬᠤ ᠪᠤᠶᠤ ᠴᠤᠴᠠᠯᠬᠤ ᠪᠠᠨ ᠠᠬᠢᠭᠤᠯᠬᠤ ᠬᠡᠷᠡᠭᠲᠡᠢ᠃ ᠠᠰᠠᠭᠤᠳᠠᠯ ᠢᠶᠠᠷ | ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ ︽ᠵᠢᠵᠢᠭ ᠲᠦᠷᠭᠡᠨ ᠤᠶᠠᠨ︾᠂ ᠬᠠᠨᠳᠤᠯᠭᠠᠲᠤ ᠴᠢᠨᠠᠷ ᠢᠶᠠᠷ ᠴᠢᠩᠭ᠎ᠠ | ᠬᠠᠤᠯᠢ ᠳᠣᠭᠲᠠᠭᠠᠯᠲᠠ ᠶᠢ ᠢᠯᠡᠭᠦᠬᠡᠨ ᠠᠬᠢᠭᠤᠯᠵᠤ᠂ ᠠᠵᠤ ᠠᠬᠤᠶᠢᠯᠠᠯ ᠪᠠ ᠤᠯᠠᠨ ᠲᠦᠮᠡᠨ ᠢ ᠬᠠᠪᠰᠤᠷᠤᠨ | ᠪᠣᠳᠠᠲᠠᠢ ᠠᠰᠠᠭᠤᠳᠠᠯ ᠢ ᠨᠢ ᠦᠨᠡᠨ ᠬᠦ ᠰᠢᠢᠳᠪᠦᠷᠢᠯᠡᠬᠦ ᠬᠡᠷᠡᠭᠲᠡᠢ᠃ ᠲᠥᠪ ᠭᠤᠣᠯᠴᠢ ᠪᠣᠯᠪᠠᠰᠤᠨ ᠢᠶᠠᠷ ᠬᠠᠤᠯᠢ | ᠬᠡᠷᠡᠭᠵᠢᠭᠦᠯᠬᠦ ᠶᠢ ᠴᠢᠩᠭ᠎ᠠ ᠵᠢᠷᠤᠮᠵᠢᠭᠤᠯᠤᠨ᠂ ᠡᠷᠴᠢᠮ ᠬᠦᠴᠦᠲᠡᠢ ᠪᠠᠶᠢᠵᠤ᠂ ᠬᠠᠤᠯᠢ ᠶᠢ ᠵᠠᠪᠠᠯ ᠵᠢᠷᠤᠮᠯᠠᠬᠤ᠂ | ᠬᠠᠤᠯᠢ ᠶᠢ ᠵᠠᠪᠠᠯ ᠴᠢᠩᠭ᠎ᠠ ᠬᠡᠷᠡᠭᠵᠢᠭᠦᠯᠬᠦ᠂ ᠬᠠᠤᠯᠢ ᠠᠴᠠ ᠵᠥᠷᠢᠴᠡᠪᠡᠯ ᠵᠠᠪᠠᠯ ᠨᠡᠬᠡᠮᠵᠢᠯᠡᠬᠦ ᠶᠢ ᠪᠠᠷᠢᠮᠲᠠᠯᠠᠬᠤ | ᠬᠡᠷᠡᠭᠲᠡᠢ ᠪᠠᠷ ᠦᠯᠦ ᠪᠠᠷᠠᠮ ᠪᠠᠰᠠ ᠰᠡᠳᠬᠢᠯᠭᠡ ᠲᠠᠢ ᠪᠠᠶᠢᠵᠤ᠂ ᠴᠢᠬᠤᠯᠠ ᠲᠠᠢ ᠦᠶ᠎ᠡ ᠳᠤ ᠤᠶᠠᠨ ᠬᠠᠳᠠᠨ ᠢᠶᠠᠷ | ᠬᠠᠤᠯᠢ ᠬᠡᠷᠡᠭᠵᠢᠭᠦᠯᠬᠦ᠂ ᠬᠥᠮᠥᠡᠯᠢᠭ ᠢᠶᠠᠷ ᠬᠠᠤᠯᠢ ᠬᠡᠷᠡᠭᠵᠢᠭᠦᠯᠬᠦ ᠵᠡᠷᠭᠡ ᠠᠷᠭ᠎ᠠ ᠬᠡᠯᠪᠡᠷᠢ ᠶᠢ ᠠᠪᠴᠤ᠂ ᠡᠷᠬᠡ ᠲᠡᠭᠰᠢ | ᠲᠥᠪ ᠭᠤᠣᠯᠴᠢ ᠬᠥᠭᠵᠢᠯᠲᠡ ᠶᠢᠨ ᠣᠷᠴᠢᠨ ᠨᠥᠬᠦᠴᠡᠯ ᠢ ᠬᠦᠴᠦᠯᠡᠨ ᠪᠤᠢ ᠪᠣᠯᠭᠠᠬᠤ ᠬᠡᠷᠡᠭᠲᠡᠢ᠃ ᠵᠠᠰᠠᠭ | ᠵᠠᠬᠢᠷᠭᠠᠨ ᠤ ᠲᠠᠰᠤᠯᠤᠯᠲᠠ ᠶᠢᠨ ᠡᠷᠬᠡ ᠶᠢᠨ ᠦᠨᠳᠦᠰᠦᠨ ᠪᠠᠷᠢᠮᠵᠢᠶᠠᠨ ᠤ ᠳᠦᠷᠢᠮ ᠢ ᠲᠦᠷᠭᠡᠪᠴᠢᠯᠡᠨ | ᠨᠠᠶᠢᠳᠠᠪᠤᠷᠢᠵᠢᠭᠤᠯᠵᠤ᠂ ᠡᠯ᠎ᠡ ᠲᠥᠷᠥᠯ ᠤᠨ ᠬᠠᠤᠯᠢ ᠠᠴᠠ ᠵᠥᠷᠢᠴᠡᠭᠰᠡᠨ ᠦᠶ᠋ᠯᠡ ᠠᠵᠢᠯᠯᠠᠭ᠎ᠠ ᠨᠤᠭᠤᠳ ᠢ ᠰᠢᠢᠳᠬᠡᠬᠦ | ᠪᠠᠷᠢᠮᠵᠢᠶ᠎ᠠ ᠨᠢᠭᠡᠳᠦᠯᠲᠡᠢ᠂ ᠳᠠᠷᠠᠭᠠᠯᠠᠯ ᠲᠥᠪ ᠭᠤᠤᠯᠴᠢ᠂ ᠦᠷ᠎ᠡ ᠳ᠋ᠦᠩ ᠵᠦᠢ ᠵᠣᠬᠢᠰᠲᠠᠢ ᠪᠠᠶᠢᠬᠤ ᠶᠢ ᠦᠨᠡᠨ ᠬᠦ | ᠪᠠᠲᠤᠯᠠᠬᠤ ᠬᠡᠷᠡᠭᠲᠡᠢ᠃ ᠬᠢᠨᠠᠯᠲᠠ ᠲᠠᠯᠪᠢᠯᠲᠠ ᠪᠠᠨ ᠲᠡᠭᠦᠯᠳᠡᠷᠵᠢᠭᠦᠯᠵᠦ᠂ ᠵᠠᠰᠠᠭ ᠵᠠᠬᠢᠷᠭᠠᠨ ᠤ ᠡᠷᠬᠡ ᠶᠢ | ᠬᠢᠵᠠᠭᠠᠷᠯᠠᠬᠤ ᠪᠠ ᠬᠢᠨᠠᠯᠲᠠ ᠲᠠᠯᠪᠢᠬᠤ ᠲᠣᠭᠲᠠᠯᠴᠠᠭ᠎ᠠ ᠶᠢ ᠪᠦᠷᠢᠨᠰᠢᠭᠦᠯᠵᠦ᠂ ᠡᠯ᠎ᠡ ᠲᠠᠯ᠎ᠠ ᠶᠢᠨ ᠬᠢᠨᠠᠯᠲᠠ ᠶᠢ | ᠰᠠᠨᠠᠭᠠᠴᠢᠯᠠᠭ᠎ᠠ ᠠᠴᠠ ᠪᠠᠨ ᠬᠦᠯᠢᠶᠡᠬᠦ ᠬᠡᠷᠡᠭᠲᠡᠢ ᠮᠥᠷᠲᠡᠭᠡᠨ ᠵᠠᠰᠠᠭ ᠵᠠᠬᠢᠷᠭᠠᠨ ᠤ ᠬᠢᠨᠠᠯᠲᠠ ᠪᠠᠨ ᠲᠡᠭᠦᠯᠳᠡᠷᠵᠢᠭᠦᠯᠦᠨ᠂ | ᠬᠢᠨᠠᠯᠲᠠ ᠲᠠᠢ ᠨᠥᠬᠦᠴᠡᠯ ᠳᠣᠣᠷ᠎ᠠ ᠡᠷᠬᠡ ᠪᠠᠨ ᠬᠡᠷᠡᠭᠵᠢᠭᠦᠯᠬᠦ ᠳᠠᠳᠬᠠᠯ ᠬᠢᠭᠡᠳ ᠤᠬᠠᠮᠰᠠᠷ ᠢ ᠪᠤᠢ ᠪᠣᠯᠭᠠᠵᠤ᠂ | ᠵᠠᠰᠠᠭ ᠤᠨ ᠣᠷᠳᠣᠨ ᠤ ᠠᠵᠢᠯ ᠢ ᠢᠮᠠᠭᠲᠠ ᠢᠯᠡ ᠪᠠᠷ ᠶᠠᠪᠤᠭᠳᠠᠭᠤᠯᠬᠤ ᠬᠡᠷᠡᠭᠲᠡᠢ ᠭᠡᠯᠡ᠃ | ᠯᠢ ᠴᠢᠶᠠᠩ ᠴᠢᠬᠤᠯᠠᠴᠢᠯᠠᠬᠤ ᠳᠤ ᠪᠠᠨ᠂ ᠥᠷᠭᠡᠨ ᠣᠯᠠᠨ ᠺᠠᠳ᠋ᠷᠴᠤᠳ ᠢ ᠬᠥᠲᠥᠯᠥᠨ ᠵᠢᠯᠤᠭᠤᠳᠴᠤ ᠪᠠᠶᠢᠭᠠᠳ | ᠬᠠᠤᠯᠢ ᠶᠣᠰᠣᠭᠠᠷ ᠵᠠᠰᠠᠭ ᠶᠠᠪᠤᠭᠤᠯᠬᠤ ᠴᠢᠳᠠᠪᠤᠷᠢ ᠪᠠ ᠲᠦᠪᠰᠢᠨ ᠢ ᠨᠢ ᠲᠠᠰᠤᠷᠠᠯᠲᠠ ᠦᠭᠡᠢ ᠳᠡᠭᠡᠭᠰᠢᠯᠡᠭᠦᠯᠵᠦ᠂ | ᠤᠳᠤᠷᠢᠳᠬᠤ ᠺᠠᠳ᠋ᠷᠴᠤᠳ ᠤᠨ ᠵᠢᠱᠢᠶ᠎ᠡ ᠦᠵᠡᠭᠦᠯᠬᠦ ᠦᠢᠯᠡᠳᠦᠯ ᠢ ᠪᠠᠳᠠᠷᠠᠭᠤᠯᠤᠨ᠂ ᠬᠥᠮᠦᠵᠢᠯ ᠪᠣᠯᠪᠠᠰᠤᠷᠠᠯ ᠢ | ᠦᠨᠡᠨ ᠬᠦ ᠴᠢᠩᠭᠠᠳᠬᠠᠵᠤ᠂ ︽ᠥᠨᠳᠥᠷ ᠪᠦᠲᠦᠮᠵᠢᠲᠡᠶ ᠪᠠᠷ ᠨᠢᠭᠡ ᠠᠵᠢᠯ ᠶᠠᠪᠤᠳᠠᠯ ᠢ ᠭᠦᠢᠴᠡᠳᠬᠡᠬᠦ︾ ᠶᠢᠨ | ᠲᠣᠭᠤᠷᠢᠨ ᠳᠤ ᠬᠤᠯᠪᠤᠭᠳᠠᠯ ᠪᠦᠬᠦᠢ ᠬᠠᠤᠯᠢ ᠲᠣᠭᠲᠠᠭᠠᠯ᠂ ᠳᠦᠷᠢᠮ ᠲᠣᠭᠲᠠᠭᠠᠯ ᠪᠠ ᠵᠠᠰᠠᠭ ᠵᠠᠬᠢᠷᠭᠠᠨ ᠤ | ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠤᠳ ᠢ ᠲᠣᠬᠢᠷᠠᠭᠤᠯᠤᠨ ᠰᠢᠯᠢᠳᠡᠭᠵᠢᠭᠦᠯᠬᠦ ᠪᠠᠨ ᠠᠬᠢᠭᠤᠯᠵᠤ᠂ ᠬᠠᠤᠯᠢ | ᠶᠣᠰᠣᠭᠠᠷ ᠥᠨᠳᠥᠷ ᠪᠦᠲᠦᠮᠵᠢᠲᠡᠶ ᠠᠵᠢᠯ ᠶᠠᠪᠤᠳᠠᠯ ᠭᠦᠢᠴᠡᠳᠬᠡᠬᠦ ᠶᠢ ᠦᠷᠭᠦᠯᠵᠢᠯᠡᠨ ᠠᠬᠢᠭᠤᠯᠬᠤ ᠬᠡᠷᠡᠭᠲᠡᠢ ᠭᠡᠵᠡᠢ᠃ | | |