ᠬᠤᠲᠠ ᠶᠢᠨ ᠤᠳᠤᠷᠢᠳᠤᠯᠭ᠎ᠠ ᠪᠥᠬᠦ ᠬᠤᠲᠠ ᠶᠢᠨ 2024 ᠣᠨ ᠤ ᠨᠢᠭᠡᠳᠦᠭᠡᠷ ᠤᠯᠠᠷᠢᠯ ᠤᠨ ᠡᠨᠧᠷᠭᠢ ᠠᠷᠪᠢᠯᠠᠬᠤ ᠪᠠᠶᠢᠳᠠᠯ ᠤᠨ ᠲᠤᠰᠬᠠᠶ ᠰᠡᠳᠦᠪᠲᠦ ᠵᠠᠳᠠᠯᠤᠯᠲᠠ ᠶᠢᠨ ᠬᠤᠷᠠᠯ ᠢ ᠵᠣᠬᠢᠶᠠᠨ ᠪᠠᠶᠢᠭᠤᠯᠵᠤ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/6/7
   6 ᠰᠠᠷ᠎ᠠ ᠶᠢᠨ 4 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠹᠠᠩ ᠽᠧ ᠪᠥᠬᠦ ᠬᠤᠲᠠ ᠶᠢᠨ 2024 ᠣᠨ ᠤ ᠨᠢᠭᠡᠳᠦᠭᠡᠷ ᠤᠯᠠᠷᠢᠯ ᠤᠨ ᠡᠨᠧᠷᠭᠢ ᠠᠷᠪᠢᠯᠠᠬᠤ ᠪᠠᠶᠢᠳᠠᠯ ᠤᠨ ᠲᠤᠰᠬᠠᠶ ᠰᠡᠳᠦᠪᠲᠦ ᠵᠠᠳᠠᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠲᠣᠮᠣ ᠳ᠋ᠠᠶᠢᠲ᠋ᠠ ᠶᠢᠨ ᠲᠣᠪᠴᠢᠶ᠎ᠠ᠂ ᠲᠤᠭ᠎ᠠ ᠪᠦᠷᠢᠳᠬᠡᠯ ᠤᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠪᠣᠯᠤᠨ ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠵᠠᠰᠠᠭ ᠤᠨ ᠣᠷᠳᠣᠨ ᠤ ᠬᠠᠮᠢᠶ᠎ᠠ ᠪᠦᠬᠦᠢ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃    ᠬᠤᠷᠠᠯ ᠠᠴᠠ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠮᠠᠨ ᠤ ᠬᠤᠲᠠ ᠶᠢᠨ 2024 ᠣᠨ ᠤ ᠨᠢᠭᠡᠳᠦᠭᠡᠷ ᠤᠯᠠᠷᠢᠯ ᠤᠨ ᠡᠨᠧᠷᠭᠢ ᠠᠷᠪᠢᠯᠠᠬᠤ ᠠᠵᠢᠯ ᠤᠨ ᠪᠠᠶᠢᠳᠠᠯ ᠤᠨ ᠲᠤᠬᠠᠶ ᠮᠡᠳᠡᠭᠡᠯᠡᠯ ᠪᠠ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠲᠣᠮᠣ ᠳ᠋ᠠᠶᠢᠲ᠋ᠠ ᠶᠢᠨ ᠲᠣᠪᠴᠢᠶ᠎ᠠ ᠶᠢᠨ ᠬᠠᠮᠢᠶ᠎ᠠ ᠪᠥᠬᠦᠶ ᠬᠠᠷᠢᠭᠤ ᠮᠡᠳᠡᠭᠦᠯᠦᠯᠲᠡ ᠶᠢ ᠰᠣᠨᠣᠰᠪᠠ᠃    ᠹᠠᠩ ᠽᠧ᠂ ᠪᠠᠶᠢᠳᠠᠯ ᠢ ᠲᠣᠳᠣᠷᠬᠠᠢ ᠲᠠᠨᠢᠵᠤ᠂ ᠡᠭᠦᠷᠭᠡ ᠪᠠᠨ ᠲᠣᠳᠣᠷᠬᠠᠶᠢᠯᠠᠵᠤ᠂ ᠡᠨᠧᠷᠭᠢ ᠠᠷᠪᠢᠯᠠᠬᠤ ᠠᠵᠢᠯ ᠤᠨ ᠬᠠᠷᠢᠭᠤᠴᠠᠯᠭᠠᠲᠤ ᠰᠡᠳᠬᠢᠯᠭᠡ ᠲᠤᠯᠭᠠᠮ᠎ᠠ ᠰᠡᠳᠬᠢᠯᠭᠡ ᠪᠠᠨ ᠦᠨᠡᠨᠬᠦ ᠴᠢᠩᠭᠠᠳᠬᠠᠵᠤ᠂ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠶᠢ ᠪᠠᠭᠠᠰᠬᠠᠬᠤ ᠠᠵᠢᠯ ᠢ ᠡᠳᠦᠷ ᠳᠤᠳᠤᠮ ᠤᠨ ᠴᠢᠬᠤᠯᠠ ᠵᠥᠪᠯᠡᠬᠦ ᠵᠦᠢᠯ ᠳᠡᠭᠡᠨ ᠣᠷᠣᠭᠤᠯᠵᠤ᠂ ᠲᠤᠪᠤᠶᠢᠮ᠎ᠠ ᠪᠠᠶᠢᠷᠢᠨ ᠳᠤ ᠲᠠᠯᠪᠢᠬᠤ ᠬᠡᠷᠡᠭᠲᠡᠢ᠃ ᠴᠢᠩᠭ᠎ᠠ ᠬᠠᠮᠢᠶᠠᠷᠤᠨ ᠡᠵᠡᠮᠳᠡᠵᠦ᠂ ᠳᠠᠯᠳᠠ ᠬᠦᠴᠦᠨ ᠢ ᠠᠭᠤᠳᠠᠯᠵᠤ᠂ ᠡᠨᠧᠷᠭᠢ ᠶᠢᠨ ᠬᠤᠷᠣᠭᠳᠠᠯ ᠤᠨ ᠬᠦᠴᠦᠯᠡᠴᠡ ᠶᠢ ᠦᠷᠭᠦᠯᠵᠢᠯᠡᠨ ᠪᠠᠭᠠᠰᠬᠠᠬᠤ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠨᠢᠭᠡ ᠲᠠᠯ᠎ᠠ ᠪᠠᠷ ᠡᠨᠧᠷᠭᠢ ᠠᠷᠪᠢᠯᠠᠬᠤ ︽ᠭᠤᠷᠪᠠᠨ ᠪᠣᠭᠤᠮᠲᠠ︾ ᠶᠢ ᠰᠠᠶᠢᠲᠤᠷ ᠡᠵᠡᠮᠳᠡᠵᠦ᠂ ᠨᠥᠭᠦᠭᠡ ᠲᠠᠯ᠎ᠠ ᠪᠠᠷ ᠡᠨᠧᠷᠭᠢ ᠠᠷᠪᠢᠯᠠᠬᠤ ᠳᠠᠯᠳᠠ ᠬᠦᠴᠦᠨ ᠢ ᠭᠦᠨᠵᠡᠭᠡᠢ ᠠᠭᠤᠳᠠᠯᠬᠤ ᠬᠡᠷᠡᠭᠲᠡᠢ᠃ ᠭᠤᠤᠯᠳᠠᠯᠭ᠎ᠠ ᠲᠠᠢ ᠡᠨᠧᠷᠭᠢ ᠬᠡᠷᠡᠭᠯᠡᠬᠦ ᠠᠵᠢᠯ ᠲᠥᠷᠥᠯ᠂ ᠠᠵᠤ ᠠᠬᠤᠶᠢᠯᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠬᠠᠨᠳᠤᠯᠭᠠᠲᠤ ᠴᠢᠨᠠᠷᠲᠠᠶ ᠲᠤᠰᠠᠲᠠᠶ ᠠᠷᠭ᠎ᠠ ᠬᠡᠮᠵᠢᠶ᠎ᠡ ᠠᠪᠴᠤ᠂ ᠡᠨᠧᠷᠭᠢ ᠠᠷᠪᠢᠯᠠᠬᠤ ᠬᠠᠷᠠᠯᠲᠠ ᠡᠭᠦᠷᠭᠡ ᠪᠠᠨ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ᠃                                                        ᠣᠷᠴᠢᠭᠤᠯᠤᠭᠴᠢ᠄ ᠭᠤᠸ᠎ᠠ                                                    ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2