ᠨᠢᠭᠡ ᠳᠤ᠂ ᠰᠦᠯᠵᠢᠶᠡᠨ ᠳᠡᠭᠡᠷ᠎ᠡ ᠲᠠᠶᠢᠯᠪᠤᠷᠢᠯᠠᠬᠤ ᠪᠠ ᠰᠦᠯᠵᠢᠶᠡᠨ ᠭᠠᠳᠠᠨ᠎ᠠ ︽ᠬᠤᠶᠠᠷ ᠢ ᠵᠡᠷᠭᠡᠪᠡᠷ | ᠶᠠᠪᠤᠭᠤᠯᠬᠤ︾ ᠠᠷᠭ᠎ᠠ ᠮᠠᠶ᠋ᠢᠭ ᠢᠶᠠᠷ ᠳᠠᠮᠵᠢᠭᠤᠯᠤᠨ᠂ ᠬᠠᠮᠤᠭ ᠤᠨ ᠰᠢᠨ᠎ᠡ ︽ᠬᠤᠪᠢ ᠶᠢᠨ ᠦᠢᠯᠡᠳᠪᠦᠷᠢ | ᠬᠤᠳᠠᠯᠳᠤᠭᠠᠨ ᠤ ᠡᠷᠦᠬᠡ ᠶᠢ ᠠᠵᠤ ᠠᠬᠤᠶᠢᠯᠠᠯ ᠪᠣᠯᠭᠠᠨ ᠬᠤᠪᠢᠷᠠᠭᠤᠯᠬᠤ︾ ᠲᠥᠷᠥ ᠶᠢᠨ ᠪᠣᠳᠣᠯᠭ᠎ᠠ ᠶᠢ ᠴᠠᠭ | ᠲᠤᠬᠠᠶ ᠳᠤᠨᠢ ᠳᠠᠮᠵᠢᠭᠤᠯᠤᠨ ᠪᠣᠳᠠᠲᠠᠶᠢᠵᠢᠭᠤᠯᠪᠠ᠃ ᠥᠷᠭᠡᠨ ᠣᠯᠠᠨ ᠬᠤᠪᠢ ᠶᠢᠨ ᠦᠢᠯᠡᠳᠪᠦᠷᠢ ᠬᠤᠳᠠᠯᠳᠤᠭᠠᠨ ᠤ | ᠡᠷᠦᠬᠡ ᠳᠤ ︽ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢ ᠠᠵᠤ ᠠᠬᠤᠶᠢᠯᠠᠯ ᠪᠣᠯᠭᠠᠨ | ᠬᠤᠪᠢᠷᠠᠭᠤᠯᠬᠤ︾ ᠬᠠᠷᠢᠴᠠᠭᠤᠯᠤᠯ ᠤᠨ ᠳᠠᠪᠠᠭᠤᠯᠢᠭ᠂ ᠭᠦᠢᠴᠡᠳᠬᠡᠬᠦ ᠶᠠᠪᠤᠴᠠ᠂ ᠲᠡᠳᠬᠦᠬᠦ ᠲᠥᠷᠥ ᠶᠢᠨ ᠪᠣᠳᠣᠯᠭ᠎ᠠ | ᠵᠡᠷᠭᠡ ᠶᠢ ᠨᠠᠷᠢᠨ ᠲᠠᠶᠢᠯᠪᠤᠷᠢᠯᠠᠵᠤ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠢᠳᠡᠪᠬᠢᠵᠢᠯ ᠢ | ᠭᠦᠢᠴᠡᠳ ᠳᠠᠶᠢᠴᠢᠯᠠᠨ᠂ ︽ᠨᠠᠳᠠ ᠪᠠᠷ ᠰᠢᠯᠵᠢᠭᠦᠯᠬᠦ︾ ᠠᠴᠠ ︽ᠪᠢ ᠰᠢᠯᠵᠢᠭᠦᠯᠬᠦ︾ ᠶᠢ ᠪᠡᠶᠡᠯᠡᠭᠦᠯᠪᠡ᠃ | ᠬᠤᠶᠠᠷ ᠲᠤ᠂ ︽ᠨᠢᠭᠡ ᠪᠦᠯᠦᠭ ᠢ ᠲᠥᠯᠥᠪᠵᠢᠭᠦᠯᠵᠦ᠂ ᠨᠢᠭᠡ ᠪᠦᠯᠦᠭ ᠢ ᠪᠤᠶᠢᠵᠢᠭᠤᠯᠵᠤ᠂ ᠨᠢᠭᠡ ᠪᠦᠯᠦᠭ ᠢ | ᠪᠤᠵᠠᠭᠠᠶᠢᠷᠠᠭᠤᠯᠬᠤ︾ ᠰᠡᠳᠬᠢᠮᠵᠢ ᠶᠣᠰᠣᠭᠠᠷ᠂ ᠭᠤᠤᠯᠳᠠᠯᠭ᠎ᠠ ᠲᠠᠢ ᠠᠵᠢᠯ ᠲᠥᠷᠥᠯ᠂ ᠬᠤᠪᠢ ᠶᠢᠨ ᠦᠢᠯᠡᠳᠪᠦᠷᠢ | ᠬᠤᠳᠠᠯᠳᠤᠭᠠᠨ ᠤ ᠡᠷᠦᠬᠡ ᠶᠢᠨ ᠪᠣᠳᠠᠲᠠᠶ ᠦᠢᠯᠡᠳᠪᠦᠷᠢᠯᠡᠯ ᠤᠨ ᠬᠡᠪᠴᠢᠶ᠎ᠡ ᠪᠠ ᠡᠵᠡᠩᠨᠡᠯᠲᠡ ᠶᠢᠨ ᠪᠠᠶᠢᠳᠠᠯ ᠳᠤ | ᠪᠠᠶᠢᠴᠠᠭᠠᠯᠲᠠ ᠬᠢᠵᠦ ᠪᠠᠶᠢᠳᠠᠯ ᠢ ᠣᠶᠢᠯᠠᠭᠠᠵᠦ᠂ ︽ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢ | ᠠᠵᠤ ᠠᠬᠤᠶᠢᠯᠠᠯ ᠪᠣᠯᠭᠠᠨ ᠬᠤᠪᠢᠷᠠᠭᠤᠯᠬᠤ︾ ᠭᠤᠤᠯᠳᠠᠯᠭ᠎ᠠ ᠲᠠᠢ ᠳ᠋ᠠᠶᠢᠲ᠋ᠠ ᠶᠢᠨ ᠬᠥᠮᠥᠷᠭᠡ ᠶᠢ ᠪᠠᠶᠢᠭᠤᠯᠪᠡ᠃ | ᠭᠤᠷᠪᠠ ᠳᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠤᠨ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠴᠣᠩᠬᠤᠪᠴᠢ ᠳᠤ᠂ ᠲᠤᠰᠬᠠᠶ ᠬᠥᠮᠦᠨ ᠲᠣᠬᠢᠷᠠᠭᠤᠯᠤᠨ ︽ᠬᠤᠪᠢ | ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢ ᠠᠵᠤ ᠠᠬᠤᠶᠢᠯᠠᠯ ᠪᠣᠯᠭᠠᠨ ᠬᠤᠪᠢᠷᠠᠭᠤᠯᠬᠤ︾ ᠨᠢᠭᠡ ᠥᠷᠲᠡᠭᠡ | ᠮᠠᠶ᠋ᠢᠭ ᠤᠨ ᠦᠢᠯᠡᠴᠢᠯᠡᠭᠡ ᠶᠢ ᠬᠠᠷᠢᠭᠤᠴᠠᠭᠤᠯᠵᠤ᠂ ︽ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢ | ᠠᠵᠤ ᠠᠬᠤᠶᠢᠯᠠᠯ ᠪᠣᠯᠭᠠᠨ ᠬᠤᠪᠢᠷᠠᠭᠤᠯᠬᠤ︾ ᠠᠰᠠᠭᠤᠨ ᠯᠠᠪᠯᠠᠬᠤ᠂ ᠵᠢᠯᠣᠭᠤᠳᠬᠤ ᠵᠢᠴᠢ ᠭᠦᠢᠴᠡᠳᠬᠡᠬᠦ ᠵᠡᠷᠭᠡ | ᠠᠵᠢᠯ ᠢ ᠪᠥᠬᠦ ᠲᠠᠯ᠎ᠠ ᠪᠠᠷ ᠬᠠᠷᠢᠭᠤᠴᠠᠭᠤᠯᠵᠤ᠂ ︽ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢ ᠠᠵᠤ | ᠠᠬᠤᠶᠢᠯᠠᠯ ᠪᠣᠯᠭᠠᠨ ᠬᠤᠪᠢᠷᠠᠭᠤᠯᠬᠤ︾ ᠶᠢᠨ ᠳᠠᠷᠠᠭᠠᠬᠢ ᠨᠠᠷᠠᠲᠤ ᠲᠡᠮᠳᠡᠭᠲᠦ ᠶᠢ ᠦᠯᠡᠳᠡᠭᠡᠬᠦ᠂ ᠭᠡᠷᠡᠴᠢ ᠦᠨᠡᠮᠯᠡᠯ ᠢ | ᠭᠦᠢᠴᠡᠳᠬᠡᠬᠦ ᠵᠡᠷᠭᠡ ᠴᠤᠪᠤᠷᠠᠯ ᠢ ᠪᠥᠬᠦ ᠶᠠᠪᠤᠴᠠ ᠪᠠᠷ ᠵᠢᠯᠣᠭᠤᠳᠴᠤ᠂ ᠠᠵᠤ ᠠᠬᠤᠶᠢᠯᠠᠯ ᠤᠨ ᠲᠠᠰ ᠳᠡᠪᠰᠢᠬᠦ ᠶᠢ | ᠠᠬᠢᠭᠤᠯᠪᠠ᠃ | |