1 - 5 ᠰᠠᠷ᠎ᠠ ᠶᠢᠨ ᠯᠢᠶᠠᠩᠴᠧᠩ ᠰᠢᠶᠠᠨ ᠤ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢ ᠪᠡᠶᠡᠯᠡᠭᠦᠯᠦᠭᠰᠡᠨ ᠪᠠᠶᠢᠳᠠᠯ
ᠨᠡᠶᠢᠲᠡᠯᠡᠭᠰᠡᠨ ᠴᠠᠭ᠄
2024/6/7
       ᠡᠨᠡ ᠵᠢᠯ ᠤᠨ 1 - 5 ᠰᠠᠷ᠎ᠠ ᠳᠤ᠂ ᠯᠢᠶᠠᠩᠴᠧᠩ ᠰᠢᠶᠠᠨ ᠤ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠨᠡᠶᠢᠲᠡ 16842 ᠲᠦᠮᠡᠨ ᠲᠥᠭᠦᠷᠢᠭ ᠢ ᠪᠡᠶᠡᠯᠡᠭᠦᠯᠵᠦ᠂ ᠵᠢᠯ ᠤᠨ ᠲᠥᠰᠦᠪ ᠤᠨ 25671 ᠲᠦᠮᠡᠨ ᠲᠥᠭᠦᠷᠢᠭ ᠤᠨ 66% ᠶᠢ ᠪᠡᠶᠡᠯᠡᠭᠦᠯᠵᠦ᠂ ᠲᠡᠰ ᠳᠠᠷᠠᠭᠠᠯᠠᠯ ᠠᠴᠠ ᠨᠢ ᠳᠠᠪᠠᠭᠰᠠᠨ ᠠᠬᠢᠴᠠ ︵10696 ᠲᠦᠮᠡᠨ ᠲᠥᠭᠦᠷᠢᠭ︶ 57 ᠵᠠᠭᠤᠨ ᠤ ᠬᠤᠪᠢ ᠶᠢᠨ ᠴᠡᠭ ᠨᠡᠮᠡᠭᠳᠡᠵᠦ᠂ ᠠᠳᠠᠯᠢ ᠬᠤᠭᠤᠴᠠᠭᠠᠨ ᠤ ᠬᠢ ᠠᠴᠠ 3587 ᠲᠦᠮᠡᠨ ᠲᠥᠭᠦᠷᠢᠭ ᠨᠡᠮᠡᠭᠳᠡᠵᠦ᠂ 27% ᠪᠠᠷ ᠨᠡᠮᠡᠭᠳᠡᠪᠡ᠃ ᠵᠠᠰᠠᠭ ᠤᠨ ᠣᠷᠳᠣᠨ ᠤ ᠴᠢᠨᠠᠷᠲᠠᠶ ᠰᠠᠭᠤᠷᠢ ᠮᠥᠩᠭᠦ ᠶᠢᠨ ᠣᠷᠣᠯᠭ᠎ᠠ ᠨᠡᠶᠢᠲᠡ 441 ᠲᠦᠮᠡᠨ ᠲᠥᠭᠦᠷᠢᠭ ᠢ ᠪᠡᠶᠡᠯᠡᠭᠦᠯᠵᠦ᠂ ᠵᠢᠯ ᠤᠨ ᠲᠥᠰᠦᠪ ᠤᠨ ᠲᠤᠭ᠎ᠠ 10000 ᠲᠦᠮᠡᠨ ᠲᠥᠭᠦᠷᠢᠭ ᠤᠨ 4% ᠶᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 481 ᠲᠦᠮᠡᠨ ᠲᠥᠭᠦᠷᠢᠭ ᠪᠠᠭᠠᠰᠴᠤ᠂ 52% ᠢᠶᠠᠷ ᠪᠠᠭᠤᠷᠠᠪᠠ᠃ ᠡᠭᠦᠨ ᠳᠤ᠄ ᠭᠠᠶᠢᠯᠢ ᠲᠠᠲᠠᠪᠤᠷᠢ ᠶᠢᠨ ᠣᠷᠣᠯᠭ᠎ᠠ ᠨᠡᠶᠢᠲᠡ 12023 ᠲᠦᠮᠡᠨ ᠲᠥᠭᠦᠷᠢᠭ ᠢ ᠪᠡᠶᠡᠯᠡᠭᠦᠯᠵᠦ᠂ ᠵᠢᠯ ᠤᠨ ᠲᠥᠰᠦᠪ ᠤᠨ ᠲᠤᠭ᠎ᠠ 16590 ᠲᠦᠮᠡᠨ ᠲᠥᠭᠦᠷᠢᠭ ᠤᠨ 72% ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 6905 ᠲᠦᠮᠡᠨ ᠲᠥᠭᠦᠷᠢᠭ ᠨᠡᠮᠡᠭᠳᠡᠵᠦ᠂ 135% ᠪᠠᠷ ᠨᠡᠮᠡᠭᠳᠡᠪᠡ᠃ ᠭᠠᠶᠢᠯᠢ ᠶᠢᠨ ᠪᠤᠰᠤ ᠣᠷᠣᠯᠭ᠎ᠠ ᠨᠡᠶᠢᠲᠡ 4819 ᠲᠦᠮᠡᠨ ᠲᠥᠭᠦᠷᠢᠭ ᠢ ᠪᠡᠶᠡᠯᠡᠭᠦᠯᠵᠦ᠂ ᠵᠢᠯ ᠤᠨ ᠲᠥᠰᠦᠪ ᠤᠨ ᠲᠤᠭ᠎ᠠ 9081 ᠲᠦᠮᠡᠨ ᠲᠥᠭᠦᠷᠢᠭ ᠤᠨ 53% ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 3318 ᠲᠦᠮᠡᠨ ᠲᠥᠭᠦᠷᠢᠭ ᠪᠠᠭᠠᠰᠴᠤ᠂ 41% ᠪᠠᠷ ᠪᠠᠭᠤᠷᠠᠪᠠ᠃    1 - 5 ᠰᠠᠷ᠎ᠠ ᠳᠤ᠂ ᠪᠥᠬᠦ ᠰᠢᠶᠠᠨ ᠤ ᠡᠩ ᠤᠨ ᠣᠯᠠᠨ ᠨᠡᠶᠢᠲᠡ ᠶᠢᠨ ᠲᠥᠰᠦᠪ ᠤᠨ ᠵᠠᠷᠤᠯᠭ᠎ᠠ ᠨᠡᠶᠢᠲᠡ 95633 ᠲᠦᠮᠡᠨ ᠲᠥᠭᠦᠷᠢᠭ ᠲᠤ ᠬᠦᠷᠴᠦ᠂ ᠣᠨ ᠤ ᠲᠣᠬᠢᠷᠠᠭᠤᠯᠤᠯᠲᠠ ᠶᠢᠨ ᠲᠥᠰᠦᠪ ᠤᠨ ᠲᠤᠭ᠎ᠠ 219566 ᠲᠦᠮᠡᠨ ᠲᠥᠭᠦᠷᠢᠭ ᠤᠨ 44% ᠶᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 1340 ᠲᠦᠮᠡᠨ ᠲᠥᠭᠦᠷᠢᠭ ᠪᠠᠭᠠᠰᠴᠤ᠂ 1% ᠪᠠᠷ ᠪᠠᠭᠤᠷᠠᠪᠠ᠃ ᠵᠠᠰᠠᠭ ᠤᠨ ᠣᠷᠳᠣᠨ ᠤ ᠴᠢᠨᠠᠷᠲᠠᠶ ᠰᠠᠭᠤᠷᠢ ᠮᠥᠩᠭᠦ ᠨᠡᠶᠢᠲᠡ 5090 ᠲᠦᠮᠡᠨ ᠲᠥᠭᠦᠷᠢᠭ ᠵᠠᠷᠤᠴᠠᠭᠤᠯᠵᠤ᠂ ᠣᠨ ᠤ ᠲᠣᠬᠢᠷᠠᠭᠤᠯᠤᠯᠲᠠ ᠶᠢᠨ ᠲᠥᠰᠦᠪ ᠤᠨ ᠳᠤᠭ᠎ᠠ 51742 ᠲᠦᠮᠡᠨ ᠲᠥᠭᠦᠷᠢᠭ ᠤᠨ10% ᠶᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 7034 ᠲᠦᠮᠡᠨ ᠲᠥᠭᠦᠷᠢᠭ ᠪᠠᠭᠠᠰᠴᠤ᠂ 58% ᠪᠠᠷ ᠪᠠᠭᠤᠷᠠᠪᠠ᠃                ᠤᠷᠴᠢᠭᠤᠯᠤᠭᠴᠢ᠄ ᠬᠦᠰᠡᠯ                ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2