ᠵᠢᠨᠢᠩ — ᠳ᠋ᠠᠲ᠋ᠦ᠋ᠩ — ᠶᠣᠧᠠᠨᠫᠢᠩ ᠲᠦᠷᠭᠡᠨ ᠤ ᠲᠡᠮᠦᠷ ᠵᠠᠮ ᠪᠡᠭᠡᠵᠢᠩ ᠪᠤᠭᠤᠳᠤ ᠶᠢᠨ ᠠᠶᠠᠨᠴᠢᠳ ᠤᠨ ᠲᠤᠰᠬᠠᠢ ᠱᠤᠭᠤᠮ ᠤᠨ ᠤᠯᠠᠭᠠᠨᠴᠠᠪ ᠦᠷᠳᠡᠭᠡ ᠳᠤ ᠠᠮᠵᠢᠯᠳᠠ ᠲᠠᠢ ᠵᠠᠯᠭᠠᠯᠳᠤᠪᠠ
ᠨᠡᠶᠢᠲᠡᠯᠡᠭᠰᠡᠨ ᠴᠠᠭ᠄
2024/7/1
       6 ᠰᠠᠷ᠎ᠠ ᠶᠢᠨ 28 ᠤ ᠡᠳᠦᠷ ᠤᠨ ᠥᠷᠯᠥᠭᠡ᠂ 5 ᠴᠠᠭ ᠭᠠᠷᠤᠢ ᠪᠠᠴᠢᠮ ᠪᠠᠷᠢᠯᠭ᠎ᠠ ᠪᠠᠷ ᠳᠠᠮᠵᠢᠨ᠂ ᠵᠢᠨᠢᠩ ᠳ᠋ᠠᠲ᠋ᠦ᠋ᠩ ᠶᠤᠸᠠᠨᠫᠢᠩ ᠤᠨ ᠲᠦᠷᠬᠡᠨ ᠤ ᠲᠡᠮᠦᠷ ᠵᠠᠮ ᠪᠡᠭᠡᠵᠢᠩ ᠪᠤᠭᠤᠳᠤ ᠶᠢᠨ ᠠᠶᠠᠨᠴᠢᠳ ᠤᠨ ᠲᠤᠰᠬᠠᠢ ᠱᠤᠭᠤᠮ ᠤᠨ ᠤᠯᠠᠭᠠᠨᠴᠠᠪ ᠦᠷᠳᠡᠭᠡ ᠳᠤ ᠠᠮᠵᠢᠯᠳᠠ ᠲᠠᠢ ᠵᠠᠯᠭᠠᠯᠳᠤᠪᠠ᠃ ᠡᠨᠡ ᠨᠢ ᠥᠪᠥᠷ ᠮᠣᠩᠭᠤᠯ ᠤᠨ ᠰᠢᠨ᠎ᠡ ᠪᠠᠷ ᠪᠠᠶᠢᠭᠤᠯᠤᠭᠰᠠᠨ ᠵᠢᠨᠢᠩ ᠳ᠋ᠠᠲ᠋ᠦ᠋ᠩ ᠶᠤᠸᠠᠨᠫᠢᠩ ᠲᠦᠷᠭᠡᠨ ᠤ ᠲᠡᠮᠦᠷ ᠵᠠᠮ ᠢ ᠤᠯᠤᠰ ᠤᠨ ︽ᠨᠠᠢᠮᠠᠨ ᠬᠥᠨᠳᠡᠯᠡᠨ ᠨᠠᠢᠮᠠᠨ ᠭᠤᠯᠳᠤ︾ ᠲᠦᠷᠭᠡᠨ ᠤ ᠲᠡᠮᠦᠷ ᠵᠠᠮ ᠤᠨ ᠲᠣᠣᠷ ᠲᠤ ᠵᠢᠩᠬᠢᠨᠢ ᠪᠠᠷ ᠵᠠᠯᠭᠠᠵᠤ᠂ ᠵᠠᠯᠭᠠᠮᠵᠢ ᠢᠨᠵᠧᠨᠧᠷᠢᠩ ᠢ ᠬᠡᠷᠡᠭᠵᠢᠭᠦᠯᠬᠦ ᠳᠤ ᠪᠠᠲᠤ ᠪᠠᠬᠢ ᠰᠠᠭᠤᠷᠢ ᠶᠢ ᠲᠠᠯᠪᠢᠵᠤ ᠥᠭᠭᠦᠭᠰᠡᠨ ᠢ ᠬᠠᠷᠠᠭᠤᠯᠵᠤ ᠪᠠᠶᠢᠨ᠎ᠠ᠃  
    ᠤᠯᠠᠭᠠᠨᠴᠠᠪ ᠬᠤᠳᠠ ᠶᠢᠨ ᠬᠢᠯᠢ ᠳᠤᠳᠤᠷᠡᠬᠢ ᠵᠢᠨᠢᠩ ᠳ᠋ᠠᠲ᠋ᠦ᠋ᠩ ᠶᠤᠸᠠᠨᠫᠢᠩ ᠤᠨ ᠲᠦᠷᠭᠡᠨ ᠤ ᠲᠡᠮᠦᠷ ᠵᠠᠮ ᠤᠨ ᠪᠠᠷᠢᠯᠭ᠎ᠠ ᠶᠢᠨ ᠠᠬᠤᠢ ᠲᠠᠯᠠᠪᠠᠢ
    ᠠᠵᠢᠯᠴᠢᠳ ᠶᠠᠭᠠᠷᠠᠯᠲᠠᠢ ᠠᠵᠢᠯᠯᠠᠵᠤ ᠪᠠᠶᠢᠨ᠎ᠠ᠃
 
    ᠵᠠᠮ ᠳᠡᠪᠢᠰᠬᠦ ᠠᠵᠢᠯ    ᠵᠢᠨᠢᠩ ᠳ᠋ᠠᠲ᠋ᠦ᠋ᠩ ᠶᠤᠸᠠᠨᠫᠢᠩ ᠤᠨ ᠲᠦᠷᠭᠡᠨ ᠤ ᠲᠡᠮᠦᠷ ᠵᠠᠮ ᠪᠣᠯ ᠤᠯᠤᠰ ᠤᠨ ︽ᠨᠠᠢᠮᠠ ᠬᠥᠨᠳᠡᠯᠡᠨ ᠨᠠᠢᠮᠠᠨ ᠭᠤᠯᠳᠤ︾  ᠲᠦᠷᠭᠡᠨ ᠤ ᠲᠡᠮᠦᠷ ᠵᠠᠮ ᠤᠨ ᠲᠣᠣᠷ ᠤᠨ ᠬᠥᠬᠡᠬᠤᠲᠠ ᠶᠢᠨ ᠡᠮᠦᠨ᠎ᠡ ᠵᠠᠮ ᠤᠨ ᠴᠢᠬᠤᠯᠠ ᠪᠦᠷᠢᠯᠳᠦᠭᠦᠨ ᠬᠡᠰᠡᠭ ᠪᠣᠯᠣᠨ᠎ᠠ᠂ ᠤᠮᠠᠷᠠᠰᠢ ᠪᠠᠨ ᠥᠪᠥᠷ ᠮᠣᠩᠭᠤᠯ ᠤᠨ ᠤᠯᠠᠭᠠᠨᠴᠠᠪ ᠬᠤᠲᠠ ᠠᠴᠠ ᠡᠬᠢᠯᠡᠨ᠂ ᠱᠠᠨ ᠰᠢ ᠮᠤᠵᠢ ᠶᠢᠨ ᠳ᠋ᠠᠲ᠋ᠦ᠋ᠩ ᠬᠤᠲᠠ᠂ ᠰᠢᠨᠵᠸᠤ ᠬᠤᠲᠠ ᠪᠠᠷ ᠳᠠᠮᠵᠢᠨ᠂ ᠳ᠋ᠠᠲ᠋ᠦ᠋ᠩ ᠰᠢ ᠠᠨ ᠤ ᠠᠶᠠᠨᠴᠢᠳ ᠤᠨ ᠲᠤᠰᠬᠠᠢ ᠱᠤᠭᠤᠮ ᠤᠨ ᠪᠠᠷᠠᠭᠤᠨ ᠥᠷᠲᠡᠭᠡ ᠳᠤ ᠵᠠᠯᠭᠠᠨ ᠣᠷᠣᠭᠤᠯᠵᠤ᠂ ᠪᠠᠶᠢᠭᠤᠯᠵᠤ ᠳᠠᠭᠤᠰᠤᠭᠰᠠᠨ ᠤ ᠳᠠᠷᠠᠭ᠎ᠠ ᠥᠪᠥᠷ ᠮᠣᠩᠭᠤᠯ ᠤᠨ ᠳᠤᠮᠳᠠ ᠪᠠᠷᠠᠭᠤᠨ ᠬᠡᠰᠡᠭ ᠤᠨ ᠭᠠᠵᠠᠷ ᠣᠷᠣᠨ  ᠪᠦᠬᠦ ᠤᠯᠤᠰ ᠤᠨ ᠲᠦᠷᠭᠡᠨ ᠤ ᠲᠡᠮᠦᠷ ᠵᠠᠮ ᠤᠨ ᠲᠣᠣᠷ ᠲᠤ ᠵᠢᠩᠬᠢᠨᠢ ᠪᠠᠷ ᠠᠭᠤᠰᠤᠯᠴᠠᠵᠤ᠂ ᠬᠥᠬᠡᠬᠤᠲᠠ᠂ ᠪᠤᠭᠤᠲᠤ ᠠᠴᠠ ᠡᠬᠢᠯᠡᠵᠦ ᠢᠷᠡᠭᠰᠡᠨ  ᠲᠦᠷᠬᠡᠨ ᠤ ᠲᠡᠮᠦᠷ ᠵᠠᠮ ᠤᠨ ᠭᠠᠯᠲᠤ ᠲᠡᠷᠭᠡ ᠪᠦᠬᠦ ᠤᠯᠤᠰ ᠤᠨ ᠡᠯ᠎ᠡ ᠭᠠᠵᠠᠷ ᠲᠤ ᠰᠢᠭᠤᠳ ᠬᠦᠷᠴᠦ ᠪᠣᠯᠣᠨ᠎ᠠ᠃ ᠤᠯᠤᠰ ᠤᠨ  ᠲᠦᠷᠭᠡᠨ ᠤ ᠲᠡᠮᠦᠷ ᠵᠠᠮ ᠤᠨ ᠲᠣᠣᠷ ᠤᠨ ᠪᠠᠶᠢᠷᠢᠯᠠᠭᠤᠯᠤᠯᠲᠠ ᠶᠢ ᠲᠡᠭᠦᠯᠳᠡᠷᠵᠢᠭᠦᠯᠵᠦ᠂ ᠭᠠᠵᠠᠷ ᠣᠷᠣᠨ ᠤ ᠠᠵᠤ ᠠᠬᠤᠢ ᠨᠡᠶᠢᠭᠡᠮ ᠤᠨ ᠵᠣᠬᠢᠴᠠᠩᠭᠤᠢ ᠬᠥᠭᠵᠢᠯᠲᠡ ᠶᠢ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃                 ᠵᠣᠬᠢᠶᠠᠭᠴᠢ᠄ ᠵᠧᠤ ᠸᠧᠶ ᠪᠢᠩ                 ᠤᠷᠴᠢᠭᠤᠯᠤᠭᠴᠢ᠄ ᠬᠦᠰᠡᠯ                 ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2