ᠰᠦᠢ ᠸᠧᠢ ᠵᠢᠶᠦ᠋ᠨ ᠬᠤᠸᠠᠳᠧ ᠰᠢᠶᠠᠨ ᠳᠤ ᠭᠦᠨᠵᠡᠭᠡᠶᠢᠷᠡᠨ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠪᠠ ᠰᠠᠯᠬᠢᠨ ᠬᠦᠴᠦᠨ ᠤ ᠴᠠᠬᠢᠯᠭᠠᠨ ᠭᠡᠷᠡᠯ ᠴᠡᠨᠡᠭ ᠢ ᠨᠢᠭᠡ ᠴᠤᠭᠴᠠᠵᠢᠭᠤᠯᠬᠤ ᠢᠨᠵᠧᠨᠧᠷᠢᠩ ᠢ ᠠᠬᠢᠭᠤᠯᠤᠭᠰᠠᠨ ᠪᠠᠶᠢᠳᠠᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/7/1
    6 ᠰᠠᠷ᠎ᠠ ᠶᠢᠨ 27 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠰᠦᠶ ᠸᠧᠶ ᠵᠢᠶᠦ᠋ᠨ ᠬᠤᠸᠠᠳᠧ ᠰᠢᠶᠠᠨ ᠳᠤ ᠭᠦᠨᠵᠡᠭᠡᠶᠢᠷᠡᠨ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠪᠠ ᠰᠠᠯᠬᠢᠨ ᠬᠦᠴᠦᠨ ᠤ ᠴᠠᠬᠢᠯᠭᠠᠨ ᠬᠡᠷᠡᠯ ᠴᠡᠨᠡᠭ ᠤᠨ ᠨᠢᠭᠡ ᠴᠤᠭᠴᠠᠵᠢᠭᠤᠯᠬᠤ ᠢᠨᠵᠧᠨᠧᠷᠢᠩ ᠢ ᠠᠬᠢᠭᠤᠯᠤᠭᠰᠠᠨ ᠪᠠᠶᠢᠳᠠᠯ ᠢ ᠪᠠᠶᠢᠴᠠᠭᠠᠨ ᠰᠤᠳᠤᠯᠪᠠ᠃     ᠬᠤᠸᠠᠳᠧ ᠰᠢᠶᠠᠨ ᠤ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠪᠠ ᠰᠠᠯᠬᠢᠨ ᠬᠦᠴᠦᠨ ᠤ ᠴᠠᠬᠢᠯᠭᠠᠨ ᠭᠡᠷᠡᠯ ᠴᠡᠨᠡᠭ ᠢ ᠨᠢᠭᠡ ᠴᠤᠭᠴᠠᠵᠢᠭᠤᠯᠬᠤ ᠢᠨᠵᠧᠨᠧᠷᠢᠩ ᠢ ᠬᠡᠷᠡᠭᠵᠢᠭᠦᠯᠬᠦ ᠲᠤᠬᠠᠶ ᠶᠢᠨ ᠲᠠᠯᠠᠪᠠᠶ ᠳᠤ᠂ ᠰᠦᠶ ᠸᠧᠶ ᠵᠢᠶᠦ᠋ᠨ ᠠᠵᠢᠯ ᠤᠨ ᠲᠠᠨᠢᠯᠴᠠᠭᠤᠯᠭ᠎ᠠ ᠶᠢ ᠨᠠᠷᠢᠨ ᠬᠢᠨᠠᠮᠠᠭᠠᠶ ᠰᠣᠨᠣᠰᠴᠤ᠂ ᠲᠥᠯᠥᠪᠯᠡᠭᠡ ᠶᠢᠨ ᠲᠣᠬᠢᠷᠠᠭᠤᠯᠤᠯᠲᠠ᠂ ᠲᠥᠷᠥᠯ ᠵᠦᠢᠯ ᠤᠨ ᠬᠡᠷᠡᠭᠵᠢᠭᠦᠯᠦᠯᠲᠡ᠂ ᠵᠠᠯᠭᠠᠮᠵᠢ ᠬᠠᠮᠢᠶᠠᠷᠤᠯᠲᠠ ᠬᠠᠮᠠᠭᠠᠯᠠᠯᠲᠠ ᠵᠡᠷᠭᠡ ᠪᠠᠶᠢᠳᠠᠯ ᠢ ᠭᠦᠨᠵᠡᠭᠡᠶ ᠣᠶᠢᠯᠠᠭᠠᠪᠠ᠃ ᠲᠡᠷᠡ᠂ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠪᠠ ᠰᠠᠯᠬᠢᠨ ᠬᠦᠴᠦᠨ ᠤ ᠴᠠᠬᠢᠯᠭᠠᠨ ᠭᠡᠷᠡᠯ ᠴᠡᠨᠡᠭ ᠤᠨ ᠨᠢᠭᠡ ᠴᠤᠭᠴᠠᠵᠢᠭᠤᠯᠬᠤ ᠢᠨᠵᠧᠨᠧᠷᠢᠩ ᠪᠣᠯ ᠪᠢᠳᠡᠨ ᠤ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠬᠦ ᠴᠢᠬᠤᠯᠠ ᠠᠷᠭ᠎ᠠ ᠬᠡᠮᠵᠢᠶ᠎ᠡ ᠪᠣᠯᠤᠨ᠎ᠠ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠦᠷᠦ ᠶᠢ ᠡᠷᠬᠢᠮᠯᠡᠬᠦ ᠦᠨᠳᠦᠷᠴᠡ ᠠᠴᠠ ᠢᠨᠵᠧᠨᠧᠷᠢᠩ ᠤᠨ ᠬᠡᠷᠡᠭᠵᠢᠭᠦᠯᠦᠯᠲᠡ ᠶᠢ ᠲᠦᠷᠭᠡᠳᠬᠡᠨ ᠠᠬᠢᠭᠤᠯᠵᠤ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠲᠠᠰᠤᠷᠠᠯᠳᠠ ᠦᠭᠡᠢ ᠪᠠᠬᠢᠵᠢᠭᠦᠯᠬᠦ ᠬᠡᠷᠡᠭᠲᠡᠢ᠃ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠬᠤ᠂ ᠰᠢᠨᠵᠢᠯᠡᠬᠦ ᠤᠬᠠᠭᠠᠨᠴᠢ ᠪᠠᠷ ᠰᠡᠷᠭᠡᠶᠢᠯᠡᠨ ᠵᠠᠰᠠᠬᠤ ᠶᠢ ᠪᠠᠷᠢᠮᠲᠠᠯᠠᠵᠤ᠂ ᠪᠦᠲᠦᠮᠵᠢᠲᠡᠶ ᠵᠠᠰᠠᠯᠲᠠ ᠶᠢᠨ ᠵᠠᠭᠪᠤᠷ ᠢ ᠳᠡᠯᠭᠡᠷᠡᠭᠦᠯᠦᠨ ᠬᠡᠷᠡᠭᠯᠡᠵᠦ᠂ ᠰᠡᠷᠭᠡᠶᠢᠯᠡᠨ ᠵᠠᠰᠠᠬᠤ ᠶᠠᠰᠤ ᠴᠢᠨᠠᠷ ᠪᠠ ᠦᠷ᠎ᠡ ᠪᠦᠲᠦᠮᠵᠢ ᠶᠢ ᠦᠨᠡᠨᠬᠦ ᠪᠠᠲᠤᠯᠠᠬᠤ ᠬᠡᠷᠡᠭᠲᠡᠶ᠃ ᠡᠯᠡᠰᠦ ᠮᠠᠩᠬ᠎ᠠ ᠶᠢ ᠰᠡᠷᠭᠡᠶᠢᠯᠡᠨ ᠵᠠᠰᠠᠬᠤ ᠪᠠ ᠰᠠᠯᠬᠢᠨ ᠬᠦᠴᠦᠨ ᠤ ᠴᠠᠬᠢᠯᠭᠠᠨ ᠭᠡᠷᠡᠯ ᠴᠡᠨᠡᠭ ᠤᠨ ᠨᠢᠭᠡ ᠴᠤᠭᠴᠠᠵᠢᠭᠤᠯᠬᠤ ᠢᠨᠵᠧᠨᠧᠷᠢᠩ ᠢ ᠨᠢᠭᠡᠳᠦᠯᠲᠡᠶ ᠲᠥᠯᠥᠪᠯᠡᠨ ᠬᠡᠷᠡᠭᠵᠢᠭᠦᠯᠵᠦ᠂ ᠰᠢᠨ᠎ᠡ ᠡᠨᠧᠷᠭᠢ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠬᠤ ᠬᠡᠷᠡᠭᠲᠡᠶ᠃ ᠮᠠᠯᠴᠢᠨ ᠲᠠᠷᠢᠶᠠᠴᠢᠳ ᠢ ᠢᠳᠡᠪᠬᠢᠳᠡᠢ ᠵᠤᠬᠢᠶᠠᠨ ᠪᠠᠶᠢᠭᠤᠯᠤᠨ ᠲᠠᠶᠢᠴᠢᠯᠠᠵᠤ ᠠᠮᠢ ᠠᠬᠤᠢ ᠶᠢᠨ ᠬᠠᠮᠠᠭᠠᠯᠠᠯᠳᠠ ᠪᠠ ᠪᠦᠳᠦᠭᠡᠨ ᠪᠠᠶᠢᠭᠤᠯᠤᠯᠳᠠ ᠳᠤ ᠤᠷᠤᠯᠴᠠᠭᠤᠯᠵᠤ᠂ ᠮᠠᠯᠴᠢᠨ ᠲᠠᠷᠢᠶᠠᠴᠢᠨ ᠬᠢᠵᠦ ᠴᠢᠳᠠᠬᠤ ᠶᠢ ᠨᠢ ᠮᠠᠯᠴᠢᠨ ᠲᠠᠷᠢᠶᠠᠴᠢᠨ ᠢᠶᠠᠷ ᠬᠢᠯᠭᠡᠵᠦ᠂ ᠲᠡᠳᠡᠨ ᠢ ᠠᠮᠢ ᠠᠬᠤᠢ ᠶᠢᠨ ᠬᠠᠮᠠᠭᠠᠯᠠᠯᠳᠠ ᠪᠦᠳᠦᠭᠡᠨ ᠪᠠᠶᠢᠭᠤᠯᠤᠯᠳᠠ ᠲᠤᠮᠳᠠ ᠠᠰᠢᠭ ᠬᠦᠷᠳᠡᠭᠡᠬᠦ ᠬᠡᠷᠡᠭᠳᠡᠢ ᠭᠡᠵᠦ ᠬᠡᠯᠡᠪᠡ᠃     ᠡᠨᠡ ᠬᠤᠭᠤᠴᠠᠭᠠᠨ ᠳᠤ᠂ ᠰᠦᠶ ᠸᠧᠶ ᠵᠢᠶᠦ᠋ᠨ ᠪᠠᠰᠠ ᠰᠢᠶᠠᠩ ᠪᠠᠯᠭᠠᠰᠤᠨ ᠤ ᠬᠠᠷᠢᠭᠤᠴᠠᠯᠭᠠᠲᠠᠨ ᠨᠥᠬᠦᠳ᠂ ᠮᠠᠯᠴᠢᠨ ᠲᠠᠷᠢᠶᠠᠴᠢᠨ ᠲᠠᠢ ᠰᠠᠨᠠᠯ ᠢᠶᠠᠨ ᠭᠦᠨᠵᠡᠭᠡᠶ ᠰᠣᠯᠢᠯᠴᠠᠵᠤ᠂ ᠭᠠᠩ ᠬᠠᠭᠰᠠᠷᠠᠭᠠᠨ ᠲᠠᠢ ᠲᠡᠮᠡᠴᠡᠬᠦ᠂ ᠣᠯᠠᠨ ᠲᠦᠮᠡᠨ ᠤ ᠣᠷᠣᠯᠭ᠎ᠠ ᠶᠢ ᠨᠡᠮᠡᠭᠳᠡᠭᠦᠯᠬᠦ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ ᠡᠪᠡᠰᠦ ᠪᠣᠷᠳᠤᠭ᠎ᠠ ᠶᠢ ᠨᠢᠭᠡᠳᠦᠯᠲᠡᠶ ᠲᠥᠯᠥᠪᠯᠡᠨ ᠲᠣᠬᠢᠷᠠᠭᠤᠯᠵᠤ᠂ ᠮᠠᠯᠴᠢᠨ ᠲᠠᠷᠢᠶᠠᠴᠢᠨ ᠤ ᠦᠢᠯᠡᠳᠪᠦᠷᠢᠯᠡᠯ ᠠᠮᠢᠳᠤᠷᠠᠯ ᠳᠤ ᠦᠵᠡᠭᠦᠯᠬᠦ ᠭᠠᠩ ᠬᠠᠭᠰᠠᠷᠠᠭᠠᠨ ᠤ ᠨᠥᠯᠥᠭᠡ ᠶᠢ ᠪᠠᠭᠠᠰᠬᠠᠬᠤ ᠬᠡᠷᠡᠭᠲᠡᠶ᠃ ᠬᠥᠳᠡᠯᠮᠦᠷᠢ ᠬᠦᠴᠦᠨ ᠤ ᠵᠠᠭᠤᠴᠢᠯᠠᠭᠴᠢ ᠶᠢᠨ ᠠᠵᠢᠯ ᠣᠯᠭᠤᠯᠲᠠ ᠶᠢ ᠳᠠᠶᠢᠴᠢᠯᠠᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠨᠡᠩ ᠤᠯᠠᠨ ᠬᠥᠳᠡᠯᠮᠦᠷᠢ ᠦᠢᠯᠡᠴᠢᠯᠡᠭᠡᠨ ᠤ ᠵᠠᠭᠤᠴᠢᠯᠠᠭᠴᠢ ᠶᠢ ᠢᠳᠡᠪᠬᠢᠲᠡᠢ ᠪᠤᠶᠢᠵᠢᠭᠤᠯᠵᠤ᠂ ᠮᠠᠯᠴᠢᠨ ᠲᠠᠷᠢᠶᠠᠴᠢᠨ ᠢ ᠦᠨᠡᠨᠬᠦ ᠵᠣᠬᠢᠶᠠᠨ ᠪᠠᠶᠢᠭᠤᠯᠵᠤ᠂ ᠨᠡᠩ ᠤᠯᠠᠨ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠬᠦ ᠬᠡᠷᠡᠭᠲᠡᠢ ᠭᠡᠵᠦ ᠬᠡᠯᠡᠪᠡ᠃     ᠰᠦᠢ ᠵᠢᠶᠠᠨ ᠬᠤᠸᠠ ᠣᠷᠣᠯᠴᠠᠪᠠ᠃                                               ᠣᠷᠴᠢᠭᠤᠯᠤᠭᠴᠢ᠄ ᠭᠤᠸ᠎ᠠ                                               ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2