ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ ᠭᠤᠷᠪᠠᠨ ᠠᠷᠭ᠎ᠠ ᠬᠡᠮᠵᠢᠶ᠎ᠡ ᠠᠪᠴᠤ ᠤᠰᠤᠯᠠᠯᠲᠠ ᠶᠢᠨ ᠬᠡᠷᠡᠭᠯᠡᠬᠦ ᠴᠠᠬᠢᠯᠭᠠᠨ ᠤ ᠠᠮᠤᠷ ᠲᠦᠪᠰᠢᠨ ᠢ ᠴᠢᠩᠭᠠᠳᠬᠠᠵᠤ ᠲᠠᠷᠢᠶᠠᠯᠠᠭ᠎ᠠ ᠶᠢ ᠲᠣᠭᠲᠠᠪᠤᠷᠢᠵᠢᠭᠤᠯᠤᠨ ᠣᠷᠣᠯᠭ᠎ᠠ ᠶᠢ ᠨᠡᠮᠡᠭᠳᠡᠭᠦᠯᠬᠦ ᠳᠤ ᠬᠦᠴᠦᠨ ᠨᠡᠮᠡᠷᠢᠯᠡᠪᠡ
ᠨᠡᠶᠢᠲᠡᠯᠡᠭᠰᠡᠨ ᠴᠠᠭ᠄
2024/7/1
       ᠨᠢᠭᠡ ᠳᠤ᠂ ᠡᠳᠦᠷ ᠲᠤᠲᠤᠮ ᠤᠨ ᠲᠣᠭᠤᠷᠢᠨ ᠪᠠᠶᠢᠴᠠᠭᠠᠬᠤ ᠪᠠ ᠬᠠᠮᠠᠭᠠᠯᠠᠬᠤ ᠶᠢ ᠴᠢᠩᠭᠠᠳᠬᠠᠪᠠ᠃ 6 ᠰᠠᠷ᠎ᠠ ᠶᠢᠨ 26 ᠤ ᠡᠳᠦᠷ ᠪᠣᠯᠲᠠᠯ᠎ᠠ᠂ ᠬᠤᠰᠢᠭᠤᠨ ᠤ ᠴᠠᠬᠢᠯᠭᠠᠨ ᠬᠦᠴᠦᠨ ᠤ ᠰᠠᠯᠠᠭ᠎ᠠ ᠮᠥᠴᠢᠷ 30 ᠮᠡᠷᠭᠡᠵᠢᠯᠲᠡᠨ ᠢ ᠵᠣᠬᠢᠶᠠᠨ ᠪᠠᠶᠢᠭᠤᠯᠵᠤ ᠬᠤᠰᠢᠭᠤᠨ ᠳᠣᠲᠣᠷᠠᠬᠢ 6 ᠴᠠᠬᠢᠯᠭᠠᠨ ᠬᠠᠩᠭᠠᠬᠤ ᠭᠠᠵᠠᠷ ᠤᠨ ᠬᠠᠮᠢᠶ᠎ᠠ ᠪᠥᠬᠦᠶ ᠴᠠᠬᠢᠯᠭᠠᠨ ᠲᠦᠭᠡᠭᠡᠬᠦ ᠲᠥᠬᠦᠭᠡᠷᠦᠮᠵᠢ ᠶᠢ ᠡᠳᠦᠷ ᠲᠤᠲᠤᠮ ᠤᠨ ᠲᠣᠭᠤᠷᠢᠨ ᠪᠠᠶᠢᠴᠠᠭᠠᠬᠤ ᠪᠠ ᠬᠠᠮᠠᠭᠠᠯᠠᠬᠤ ᠶᠢᠨ ᠬᠠᠮᠲᠤ ᠬᠠᠮᠢᠶ᠎ᠠ ᠪᠥᠬᠦᠶ ᠬᠡᠮ ᠰᠣᠭᠤᠭ ᠢ ᠴᠠᠭ ᠲᠤᠬᠠᠶ ᠳᠤᠨᠢ ᠣᠨᠣᠰᠢᠯᠠᠬᠤ ᠪᠠ ᠠᠷᠢᠯᠭᠠᠵᠤ᠂ ᠲᠠᠷᠢᠶᠠᠯᠠᠩ ᠤᠨ ᠦᠢᠯᠡᠳᠪᠦᠷᠢᠯᠡᠯ ᠢ ᠪᠥᠬᠦ ᠬᠦᠴᠦᠨ ᠢᠶᠠᠷ ᠢᠶᠠᠨ ᠬᠠᠮᠠᠭᠠᠯᠠᠪᠠ᠃    ᠬᠤᠶᠠᠷ ᠲᠤ ᠰᠠᠯᠠᠭ᠎ᠠ ᠮᠥᠴᠢᠷ ᠬᠦᠴᠦᠨ ᠢᠶᠠᠨ ᠲᠥᠪᠯᠡᠷᠡᠭᠦᠯᠦᠨ ᠬᠠᠮᠲᠤᠷᠠᠨ ᠠᠵᠢᠯᠯᠠᠨ᠎ᠠ᠃ ᠲᠠᠷᠢᠶᠠᠯᠠᠩ ᠮᠠᠯ ᠠᠵᠤ ᠠᠬᠤᠶ ᠰᠢᠨᠵᠢᠯᠡᠬᠦ ᠤᠬᠠᠭᠠᠨ ᠮᠡᠷᠭᠡᠵᠢᠯ᠂ ᠤᠰᠤᠨ ᠠᠰᠢᠭᠯᠠᠯᠲᠠ᠂ ᠴᠠᠬᠢᠯᠭᠠᠨ ᠬᠦᠴᠦᠨ ᠵᠡᠷᠭᠡ ᠰᠠᠯᠠᠭ᠎ᠠ ᠮᠥᠴᠢᠷ ᠤᠳ ᠬᠠᠮᠵᠢᠯᠴᠠᠵᠤ᠂ 3 ᠤᠳᠠᠭ᠎ᠠ ︽ᠠᠶᠤᠯᠬᠦᠢ ᠦᠢᠯᠡᠳᠪᠦᠷᠢᠯᠡᠯ ᠤᠨ ᠰᠠᠷ᠎ᠠ︾ ᠶᠢᠨ ᠠᠵᠢᠯᠯᠠᠭ᠎ᠠ ᠥᠷᠨᠢᠭᠦᠯᠬᠦ ᠪᠠᠷ ᠳᠠᠮᠵᠢᠭᠤᠯᠤᠨ᠂ 10 ᠬᠠᠮᠢᠶ᠎ᠠ ᠪᠥᠬᠦᠶ ᠠᠵᠢᠯᠲᠠᠨ ᠨᠢᠭᠡᠳᠦᠭᠡᠷ ᠹᠷᠣᠨᠲ ᠲᠤ ᠭᠦᠨᠵᠡᠭᠡᠶᠢᠷᠡᠵᠦ᠂ ᠲᠠᠷᠢᠶᠠᠯᠠᠩ ᠳᠤ ᠬᠤᠯᠪᠣᠭᠳᠠᠬᠤ ᠤᠰᠤ ᠵᠠᠯᠠᠬᠤ ᠱᠤᠭᠤᠮ᠂ ᠭᠤᠤᠯᠳᠠᠯᠭ᠎ᠠ ᠲᠠᠢ ᠲᠠᠪᠴᠠᠩ ᠲᠣᠭᠤᠷᠢᠭ᠂ ᠴᠠᠬᠢᠯᠭᠠᠨ ᠬᠡᠷᠡᠭᠯᠡᠬᠦ ᠲᠥᠬᠦᠭᠡᠷᠦᠮᠵᠢ ᠳᠤ ᠲᠣᠭᠤᠷᠢᠨ ᠪᠠᠶᠢᠴᠠᠭᠠᠯᠲᠠ ᠬᠢᠵᠦ᠂ ᠲᠠᠷᠢᠶᠠᠴᠢᠨ ᠡᠷᠦᠬᠡ ᠳᠤ ᠠᠶᠤᠯᠬᠦᠢ ᠴᠠᠬᠢᠯᠭᠠᠨ ᠬᠡᠷᠡᠭᠯᠡᠬᠦ ᠮᠡᠷᠭᠡᠵᠢᠯ ᠤᠨ ᠵᠢᠯᠣᠭᠤᠳᠣᠯᠭ᠎ᠠ ᠪᠠ ᠯᠠᠪᠯᠠᠭ᠎ᠠ ᠶᠢᠨ ᠦᠢᠯᠡᠴᠢᠯᠡᠭᠡ ᠬᠠᠩᠭᠠᠪᠠ᠃    ᠭᠤᠷᠪᠠ ᠳᠤ ᠴᠠᠬᠢᠯᠭᠠᠨ ᠬᠡᠷᠡᠭᠯᠡᠬᠦ ᠠᠮᠤᠷ ᠲᠦᠪᠰᠢᠨ ᠤ ᠬᠡᠮ ᠰᠣᠭᠤᠭ ᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠨ᠎ᠠ᠃ ᠬᠥᠳᠡᠭᠡ ᠲᠣᠰᠬᠤᠨ ᠤ ᠬᠡᠰᠡᠭ ᠬᠡᠷᠡᠭᠯᠡᠭᠴᠢ ᠶᠢᠨ ᠤᠰᠤ ᠲᠠᠲᠠᠬᠤ ᠬᠥᠭᠡᠷᠭᠡ ᠶᠢ ᠬᠡᠷᠡᠭᠯᠡᠬᠦ ᠦᠶ᠎ᠡ ᠳᠤ ᠴᠠᠬᠢᠯᠭᠠᠨ ᠬᠡᠷᠡᠭᠯᠡᠬᠦ ᠠᠮᠤᠷ ᠲᠦᠪᠰᠢᠨ ᠤ ᠳᠠᠯᠳᠠ ᠭᠡᠮ ᠠᠮᠠᠷᠬᠠᠨ ᠭᠠᠷᠬᠤ ᠠᠰᠠᠭᠤᠳᠠᠯ ᠳᠤ ᠴᠢᠭᠯᠡᠭᠦᠯᠦᠨ᠂ ᠲᠣᠰᠬᠤᠨ ᠤ ᠠᠷᠠᠳ ᠤᠨ 6 ᠤᠳᠠᠭ᠎ᠠ ᠬᠤᠷᠠᠯ ᠬᠢᠬᠦ᠂ ᠤᠬᠠᠭᠤᠯᠤᠨ ᠲᠠᠶᠢᠯᠪᠤᠷᠢᠯᠠᠬᠤ ᠵᠡᠷᠭᠡ ᠲᠣᠬᠢᠶᠠᠯ ᠢ ᠠᠰᠢᠭᠯᠠᠨ ᠠᠮᠤᠷ ᠲᠦᠪᠰᠢᠨ ᠢᠶᠠᠷ ᠴᠠᠬᠢᠯᠭᠠᠨ ᠬᠡᠷᠡᠭᠯᠡᠬᠦ ᠳᠤ ᠠᠩᠬᠠᠷᠬᠤ ᠵᠦᠢᠯᠡᠰ ᠢ ᠤᠬᠠᠭᠤᠯᠵᠤ᠂ ᠠᠮᠤᠷ ᠲᠦᠪᠰᠢᠨ ᠢᠶᠠᠷ ᠴᠠᠬᠢᠯᠭᠠᠨ ᠬᠡᠷᠡᠭᠯᠡᠬᠦ ᠠᠷᠭ᠎ᠠ ᠬᠡᠮᠵᠢᠶ᠎ᠡ ᠶᠢ ᠰᠠᠶᠢᠲᠤᠷ ᠬᠢᠵᠦ᠂ ᠪᠦᠬᠦ ᠵᠢᠯ ᠤᠨ ᠲᠠᠷᠢᠶᠠᠯᠠᠩ ᠤᠨ ᠭᠠᠷᠤᠯᠲᠠ ᠶᠢ ᠨᠡᠮᠡᠭᠳᠡᠭᠦᠯᠵᠦ ᠣᠷᠣᠯᠭ᠎ᠠ ᠶᠢ ᠨᠡᠮᠡᠭᠳᠡᠭᠦᠯᠬᠦ ᠳᠤ ᠪᠠᠲᠤᠯᠠᠭ᠎ᠠ ᠬᠠᠩᠭᠠᠪᠡ᠃ 6 ᠰᠠᠷ᠎ᠠ ᠶᠢᠨ 26 ᠤ ᠡᠳᠦᠷ ᠪᠣᠯᠲᠠᠯ᠎ᠠ᠂ ᠴᠠᠬᠢᠯᠭᠠᠨ ᠬᠡᠷᠡᠭᠯᠡᠬᠦ ᠠᠮᠤᠷ ᠲᠦᠪᠰᠢᠨ ᠤ ᠳᠠᠯᠳᠠ ᠬᠡᠮ ᠢ ᠴᠠᠭ ᠲᠤᠬᠠᠶ ᠳᠤᠨᠢ 100 ᠡᠷᠦᠬᠡ ᠪᠠᠶᠢᠴᠠᠭᠠᠵᠤ᠂ 756 ᠡᠷᠦᠬᠡ ᠲᠠᠷᠢᠶᠠᠴᠢᠨ ᠡᠷᠦᠬᠡ ᠶᠢᠨ ᠤᠰᠤᠯᠠᠯᠲᠠ ᠳᠤ ᠬᠡᠷᠡᠭᠯᠡᠬᠦ ᠴᠠᠬᠢᠯᠭᠠᠨ ᠢ ᠴᠠᠭ ᠲᠤᠬᠠᠶ ᠳᠤᠨᠢ ᠵᠢᠭᠰᠠᠭᠠᠨ ᠪᠠᠶᠢᠴᠠᠭᠠᠪᠠ᠃                      ᠵᠣᠬᠢᠶᠠᠭᠴᠢ᠄ ᠪᠦᠦ ᠵᠠᠨ ᠹᠧᠢ                      ᠤᠷᠴᠢᠭᠤᠯᠤᠭᠴᠢ᠄ ᠬᠦᠰᠡᠯ                      ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2