ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ᠄ ᠤᠯᠠᠭᠠᠨᠴᠠᠪ ᠬᠤᠲᠠ ᠶᠢᠨ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ ᠤᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠵᠢᠴᠢ ᠰᠡᠷᠡᠮᠵᠢᠯᠡᠭᠦᠯᠬᠦ ᠬᠥᠮᠦᠵᠢᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/7/1
    6 ᠰᠠᠷ᠎ᠠ ᠶᠢᠨ 6 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ ᠤᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠵᠢᠴᠢ ᠰᠡᠷᠡᠮᠵᠢᠯᠡᠭᠦᠯᠬᠦ ᠬᠥᠮᠦᠵᠢᠯ ᠤᠨ ᠬᠤᠷᠠᠯ ᠬᠤᠷᠠᠯᠳᠤᠵᠤ᠂ ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠪᠥᠬᠦ ᠲᠠᠯ᠎ᠠ ᠪᠠᠷ ᠴᠢᠩᠭᠠᠳᠬᠠᠬᠤ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠪᠠ᠃ ᠬᠤᠲᠠ ᠶᠢᠨ ᠨᠠᠮ ᠤᠨ ᠬᠤᠷᠢᠶᠠᠨ ᠤ ᠱᠦᠵᠢ ᠰᠦᠶ ᠸᠧᠶ ᠵᠢᠶᠦ᠋ᠨ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃     ᠬᠤᠷᠠᠯ ᠳᠡᠭᠡᠷ᠎ᠡ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠳ ᠦᠵᠡᠯ ᠰᠠᠨᠠᠭ᠎ᠠ ᠪᠠ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠰᠠᠨᠠᠯ ᠢᠶᠠᠨ ᠰᠣᠯᠢᠯᠴᠠᠬᠤ ᠶᠠᠷᠢᠶ᠎ᠠ ᠲᠠᠯᠪᠢᠵᠤ᠂ ᠬᠤᠷᠠᠯ ᠳᠤ ᠣᠷᠣᠯᠴᠠᠭᠰᠠᠳ ᠰᠡᠷᠡᠮᠵᠢᠯᠡᠭᠦᠯᠬᠦ ᠬᠥᠮᠦᠵᠢᠯ ᠤᠨ ᠹᠢᠯᠢᠮ ᠢ ᠬᠠᠮᠲᠤ ᠪᠠᠷ ᠰᠣᠨᠢᠷᠬᠠᠪᠠ᠃     ᠰᠦᠢ ᠸᠧᠢ ᠵᠢᠶᠦ᠋ᠨ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠬᠤ ᠲᠤᠬᠠᠢ ᠴᠢᠬᠤᠯᠠ ᠥᠭᠦᠯᠡᠯᠲᠡ ᠨᠢ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢ ᠴᠢᠩᠭᠠᠳᠬᠠᠬᠤ᠂ ᠨᠠᠮ ᠤᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠶᠢ ᠠᠬᠢᠭᠤᠯᠬᠤ ᠳᠤ ᠤᠷᠤᠭᠰᠢᠯᠠᠯᠲᠠ ᠶᠢᠨ ᠴᠢᠭᠯᠡᠯ ᠢ ᠲᠣᠳᠣᠷᠬᠠᠢ ᠵᠢᠭᠠᠵᠤ᠂ ᠶᠠᠭ ᠥᠷᠨᠢᠭᠦᠯᠵᠦ ᠪᠠᠶᠢᠭ᠎ᠠ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠳᠤ ᠦᠨᠳᠦᠰᠦᠨ ᠵᠢᠷᠤᠮᠯᠠᠯ ᠬᠠᠩᠭᠠᠵᠠᠢ᠃ ᠪᠢᠳᠡ ᠭᠦᠨᠵᠡᠭᠡᠢ ᠰᠤᠷᠤᠯᠴᠠᠨ ᠣᠶᠢᠯᠠᠭᠠᠵᠤ᠂ ᠨᠡᠩ ᠥᠨᠳᠥᠷ ᠪᠠᠷᠢᠮᠵᠢᠶ᠎ᠠ ᠪᠠᠷ ᠨᠡᠩ ᠴᠢᠩᠭ᠎ᠠ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠤᠯᠤᠰ ᠲᠦᠷᠦ ᠶᠢᠨ ᠲᠣᠭᠲᠠᠯ ᠬᠦᠴᠦᠨ᠂ ᠰᠠᠬᠢᠯᠭ᠎ᠠ ᠪᠠᠲᠤ ᠶᠢᠨ ᠲᠣᠭᠲᠠᠯ ᠬᠦᠴᠦᠨ᠂ ᠶᠣᠰᠣ ᠰᠤᠷᠲᠠᠬᠤᠨ ᠤ ᠲᠣᠭᠲᠠᠯ ᠬᠦᠴᠦᠨ᠂ ᠢᠯᠵᠢᠷᠡᠯ ᠢ ᠡᠰᠡᠷᠭᠦᠴᠡᠬᠦ ᠲᠣᠭᠲᠠᠯ ᠬᠦᠴᠦᠨ ᠢᠶᠠᠨ ᠴᠢᠨᠠᠭᠰᠢᠳᠠ ᠴᠢᠩᠭᠠᠳᠬᠠᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠦᠨᠡᠨ ᠬᠦ ᠬᠠᠷᠢᠭᠤᠴᠠᠯᠭ᠎ᠠ ᠡᠭᠦᠷᠭᠡᠯᠡᠨ ᠪᠣᠳᠠᠲᠠᠢ ᠠᠵᠢᠯᠯᠠᠬᠤ ᠪᠣᠳᠠᠲᠠᠢ ᠠᠵᠢᠯᠯᠠᠭ᠎ᠠ ᠪᠣᠯᠭᠠᠨ ᠬᠤᠪᠢᠷᠠᠭᠤᠯᠬᠤ ᠬᠡᠷᠡᠭᠲᠡᠢ ᠭᠡᠵᠦ ᠬᠡᠯᠡᠪᠡ᠃     ᠰᠦᠢ ᠸᠧᠢ ᠵᠢᠶᠦ᠋ᠨ᠂ ᠨᠢᠭᠡᠳᠦᠯᠲᠡᠢ ᠲᠥᠯᠥᠪᠵᠢᠭᠦᠯᠦᠨ ᠨᠡᠶᠢᠳᠡ ᠳᠤᠨᠢ ᠬᠠᠷᠠᠭᠠᠯᠵᠠᠬᠤ ᠶᠢ ᠰᠠᠶᠢᠲᠤᠷ ᠠᠳᠬᠤᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠨᠢᠭᠡ ᠴᠤᠬᠴᠠᠵᠢᠭᠤᠯᠤᠨ ᠠᠬᠢᠭᠤᠯᠵᠤ᠂ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠵᠦ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ ᠴᠡᠭᠴᠡᠯᠡᠨ ᠵᠠᠰᠠᠵᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠦᠨᠡᠨ ᠬᠦ ᠴᠢᠩᠭᠠᠳᠬᠠᠵᠤ᠂ ᠠᠵᠢᠯ ᠢᠶᠠᠨ ᠨᠢᠭᠡᠳᠬᠡᠵᠦ᠂ ᠬᠠᠷᠠᠯᠲᠠ ᠴᠢᠭᠯᠡᠯ ᠢᠶᠠᠨ ᠦᠨᠡᠨ ᠬᠦ ᠣᠨᠣᠪᠴᠢᠲᠠᠢ ᠡᠵᠡᠮᠳᠡᠵᠦ᠂ ᠠᠵᠢᠯ ᠢᠶᠠᠨ ᠪᠣᠳᠠᠲᠠᠢ ᠳᠤ ᠨᠠᠶᠢᠳᠠᠪᠤᠷᠢᠵᠢᠭᠤᠯᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠦᠨᠡᠨ ᠬᠦ ᠪᠠᠷᠢᠮᠲᠠᠯᠠᠵᠤ᠂ ᠠᠰᠠᠭᠤᠳᠠᠯ ᠢ ᠲᠦᠢᠯᠪᠤᠷᠢᠲᠠᠢ ᠴᠡᠭᠴᠡᠯᠡᠨ ᠰᠠᠶᠢᠵᠢᠷᠠᠭᠤᠯᠵᠤ᠂ ᠡᠨᠡ ᠭᠤᠷᠪᠠᠨ ᠵᠦᠢᠯ ᠤᠨ ᠠᠵᠢᠯ ᠤᠨ ᠯᠠᠪᠳᠠᠭᠤᠨ ᠪᠠᠲᠤᠲᠠᠢ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ ᠭᠡᠵᠦ ᠬᠡᠯᠡᠪᠡ᠃     ᠰᠦᠢ ᠸᠧᠢ ᠵᠢᠶᠦ᠋ᠨ᠂ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠬᠢᠨ ᠬᠤᠶᠠᠷ ᠲᠠᠯ᠎ᠠ ᠪᠠᠷ ᠠᠳᠬᠤᠵᠤ ᠬᠤᠶᠠᠷ ᠢ ᠠᠬᠢᠭᠤᠯᠬᠤ ᠶᠢ ᠪᠠᠷᠢᠮᠲᠠᠯᠠᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠶᠢ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠳᠠ ᠶᠢᠨ ᠨᠠᠮ ᠤᠨ ᠬᠤᠷᠢᠶ᠎ᠠ ᠶᠢᠨ ᠠᠵᠢᠯ ᠤᠨ ᠱᠠᠭᠠᠷᠳᠠᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠠᠢ ᠨᠢᠭᠲᠠ ᠤᠶᠠᠯᠳᠤᠭᠤᠯᠵᠤ᠂ ᠣᠳᠣᠬᠠᠨ ᠤ ᠴᠢᠨᠠᠷ ᠰᠠᠶᠢᠲᠠᠢ ᠬᠥᠭᠵᠢᠯᠲᠡ ᠶᠢᠨ ᠡᠯ᠎ᠡ ᠵᠦᠢᠯ ᠤᠨ ᠠᠵᠢᠯ ᠢ ᠰᠠᠶᠢᠲᠤᠷ ᠬᠢᠬᠦ ᠲᠠᠢ ᠨᠢᠭᠲᠠ ᠤᠶᠠᠯᠳᠤᠭᠤᠯᠵᠤ᠂ ᠲᠤᠰ ᠭᠠᠵᠠᠷ ᠣᠷᠣᠨ ᠲᠤᠰ ᠰᠠᠯᠠᠭ᠎ᠠ ᠮᠥᠴᠢᠷ ᠤᠨ ᠭᠤᠣᠯᠳᠠᠯᠭ᠎ᠠ ᠲᠠᠢ ᠠᠵᠢᠯ ᠢ ᠪᠡᠶᠡᠯᠡᠭᠦᠯᠬᠦ ᠲᠠᠢ ᠨᠢᠭᠲᠠ ᠤᠶᠠᠯᠳᠤᠭᠤᠯᠵᠤ᠂ ᠪᠦᠬᠦ ᠬᠦᠴᠦᠨ ᠢᠶᠠᠷ ᠢᠶᠠᠨ ᠠᠵᠤ ᠠᠬᠤᠢ ᠶᠢ ᠲᠡᠮᠡᠴᠡᠵᠦ᠂ ᠰᠡᠳᠬᠢᠯ ᠲᠠᠯᠪᠢᠨ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠠᠶᠤᠯ ᠲᠦᠭᠰᠢᠭᠦᠷᠢ ᠶᠢ ᠪᠦᠬᠦ ᠲᠠᠯ᠎ᠠ ᠪᠠᠷ ᠰᠡᠷᠭᠡᠶᠢᠯᠡᠵᠦ᠂ ᠪᠦᠬᠦ ᠬᠤᠳᠠ ᠳᠤ ᠡᠭᠦᠷᠭᠡ ᠶᠢ ᠤᠷᠮᠠᠰᠢᠭᠤᠯᠬᠤ᠂ ᠶᠡᠬᠡᠪᠡᠷ ᠬᠢᠬᠦ ᠲᠦᠷᠭᠡᠨ ᠬᠢᠬᠦ ᠭᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠵᠤ᠂ ᠤᠯᠠᠭᠠᠨᠴᠠᠪ ᠤᠨ ᠴᠢᠨᠠᠷ ᠰᠠᠶᠢᠲᠠᠢ ᠬᠥᠭᠵᠢᠯᠲᠡ ᠶᠢᠨ ᠲᠠᠬᠢᠨ ᠰᠢᠨ᠎ᠡ ᠳᠡᠭᠲᠡᠷ ᠲᠤ ᠭᠠᠷᠬᠤ ᠶᠢ ᠬᠦᠴᠦᠯᠡᠨ ᠠᠬᠢᠭᠤᠯᠬᠤ ᠬᠡᠷᠡᠭᠲᠡᠢ ᠭᠡᠵᠦ ᠬᠡᠯᠡᠪᠡ᠃                                             ᠣᠷᠴᠢᠭᠤᠯᠤᠭᠴᠢ᠄ ᠭᠤᠸ᠎ᠠ                                             ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2