ᠬᠤᠲᠠ ᠶᠢᠨ ᠵᠠᠰᠠᠭ ᠤᠨ ᠣᠷᠳᠣᠨ ᠪᠥᠬᠦ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠠᠮᠢ ᠠᠬᠤᠶ ᠣᠷᠴᠢᠨ ᠲᠣᠭᠤᠷᠢᠨ ᠤ ᠬᠦᠷᠢᠶᠡᠨ ᠳᠠᠬᠢ ᠬᠠᠤᠯᠢ ᠠᠴᠠ ᠵᠥᠷᠢᠴᠡᠭᠰᠡᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠲᠤᠰᠬᠠᠶ ᠠᠵᠢᠯᠯᠠᠭ᠎ᠠ ᠶᠢᠨ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/7/10
   7 ᠰᠠᠷ᠎ᠠ ᠶᠢᠨ 8 ᠤ ᠡᠳᠦᠷ᠂ ᠬᠤᠲᠠ ᠶᠢᠨ ᠵᠠᠰᠠᠭ ᠤᠨ ᠣᠷᠳᠣᠨ ᠪᠥᠬᠦ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠠᠮᠢ ᠠᠬᠤᠶ ᠣᠷᠴᠢᠨ ᠲᠣᠭᠤᠷᠢᠨ ᠤ ᠬᠦᠷᠢᠶᠡᠨ ᠳᠠᠬᠢ ᠬᠠᠤᠯᠢ ᠠᠴᠠ ᠵᠥᠷᠢᠴᠡᠭᠰᠡᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠲᠤᠰᠬᠠᠶ ᠠᠵᠢᠯᠯᠠᠭ᠎ᠠ ᠶᠢ ᠠᠬᠢᠭᠤᠯᠬᠤ ᠬᠤᠷᠠᠯ ᠬᠤᠷᠠᠯᠳᠤᠭᠤᠯᠪᠠ᠃ ᠬᠤᠲᠠ ᠶᠢᠨ ᠳᠡᠳ᠋ ᠳᠠᠷᠤᠭ᠎ᠠ ᠴᠠᠢ ᠶᠤᠸᠠᠢ᠂ ᠢᠦᠶ ᠬᠠᠶ ᠴᠧᠩ᠂ ᠸᠠᠩ ᠵᠧᠨ ᠬᠠᠶ ᠬᠤᠷᠠᠯ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠵᠤ᠂ ᠬᠤᠲᠠ ᠶᠢᠨ ᠰᠢᠭᠤᠳ ᠬᠠᠷᠢᠶ᠎ᠠ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃    ᠬᠤᠷᠠᠯ ᠠᠴᠠ᠂ ᠡᠯ᠎ᠡ ᠰᠠᠯᠠᠭ᠎ᠠ ᠮᠥᠴᠢᠷ ᠤᠨ ᠬᠢᠨ ᠲᠥᠪᠯᠡᠷᠡᠭᠦᠯᠦᠨ ᠴᠡᠭᠴᠡᠯᠡᠨ ᠵᠠᠰᠠᠬᠤ ᠶᠢ ᠨᠢᠭᠡ ᠵᠦᠢᠯ ᠤᠨ ᠴᠢᠬᠤᠯᠠ ᠤᠯᠤᠰ ᠲᠦᠷᠦ ᠶᠢᠨ ᠡᠭᠦᠷᠭᠡ ᠪᠣᠯᠭᠠᠵᠤ᠂ ᠬᠠᠮᠤᠭ ᠤᠨ ᠡᠷᠡᠰ ᠰᠢᠭᠤᠷᠬᠠᠢ ᠣᠪᠣᠷ᠂ ᠬᠠᠮᠤᠭ ᠤᠨ ᠬᠦᠴᠦᠲᠡᠢ ᠠᠵᠢᠯᠯᠠᠭ᠎ᠠ᠂ ᠬᠠᠮᠤᠭ ᠤᠨ ᠴᠢᠩᠭ᠎ᠠ ᠱᠠᠭᠠᠷᠳᠠᠯᠭ᠎ᠠ ᠪᠠᠷ ᠲᠤᠰᠬᠠᠢ ᠠᠵᠢᠯᠯᠠᠭ᠎ᠠ ᠶᠢ ᠲᠡᠷᠡ ᠬᠡᠪ ᠢᠶᠠᠷ ᠨᠢ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ᠃ ᠬᠠᠮᠵᠢᠯᠴᠠᠨ ᠬᠠᠮᠲᠤᠷᠠᠯᠴᠠᠬᠤ ᠶᠢ ᠴᠢᠩᠭᠠᠳᠬᠠᠬᠤ ᠬᠡᠷᠡᠭᠲᠡᠢ᠃ ᠠᠵᠢᠯ ᠤᠨ ᠵᠥᠪᠳᠡᠯᠴᠡᠬᠦ ᠪᠠ ᠬᠠᠮᠲᠤᠷᠠᠨ ᠬᠠᠤᠯᠢ ᠬᠡᠷᠡᠭᠵᠢᠭᠦᠯᠬᠦ ᠶᠢ ᠴᠢᠩᠭᠠᠳᠬᠠᠵᠤ᠂ ᠠᠵᠢᠯ ᠤᠨ ᠨᠡᠶᠢᠯᠡᠮᠡᠯ ᠬᠦᠴᠦᠨ ᠢ ᠪᠤᠶ ᠪᠣᠯᠭᠠᠬᠤ ᠬᠡᠷᠡᠭᠲᠡᠢ᠃ ᠠᠰᠠᠭᠤᠳᠠᠯ ᠤᠨ ᠲᠦᠷᠦᠯ ᠬᠡᠯᠪᠡᠷᠢ ᠶᠢ ᠦᠨᠳᠦᠰᠦᠯᠡᠨ᠂ ᠲᠦᠷᠦᠯ ᠬᠤᠪᠢᠶᠠᠨ ᠠᠷᠭ᠎ᠠ ᠪᠤᠳᠤᠯᠭ᠎ᠠ ᠬᠡᠷᠡᠭᠵᠢᠭᠦᠯᠬᠦ ᠠᠵᠢᠯ ᠢ ᠰᠠᠶᠢᠲᠤᠷ ᠬᠢᠵᠦ᠂ ᠠᠵᠢᠯ ᠲᠦᠷᠦᠯ ᠤᠨ ᠬᠠᠮᠢᠶᠠᠷᠤᠯᠲᠠ ᠶᠢᠨ ᠲᠣᠭᠲᠠᠴᠠ ᠶᠢ ᠪᠦᠷᠢᠨᠰᠢᠬᠦᠯᠬᠦ ᠬᠡᠷᠡᠭᠲᠡᠢ᠃ ᠡᠯ᠎ᠡ ᠬᠤᠰᠢᠭᠤ ᠰᠢᠶᠠᠨ ᠬᠤᠲᠠ ᠲᠣᠭᠤᠷᠢᠭ ᠢ ᠰᠢᠮᠳᠠᠭᠤᠯᠵᠤ ᠪᠠᠶᠢᠭᠠᠳ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠲᠦᠷᠭᠡᠳᠬᠡᠨ ᠥᠷᠨᠢᠭᠦᠯᠵᠦ᠂ ᠠᠰᠠᠭᠤᠳᠠᠯ ᠤᠨ ᠨᠠᠷᠢᠨ ᠬᠠᠭᠤᠳᠠᠰᠤ ᠶᠢ ᠪᠠᠶᠢᠭᠤᠯᠤᠨ᠂ ᠴᠡᠭᠴᠡᠯᠡᠨ ᠵᠠᠰᠠᠬᠤ ᠠᠷᠭ᠎ᠠ ᠬᠡᠮᠵᠢᠶ᠎ᠡ ᠶᠢ ᠲᠣᠳᠣᠷᠬᠠᠶᠢᠯᠠᠵᠤ᠂ ᠴᠡᠭᠴᠡᠯᠡᠨ ᠵᠠᠰᠠᠬᠤ ᠬᠠᠷᠢᠭᠤᠴᠠᠯᠭ᠎ᠠ ᠪᠠ ᠪᠡᠶᠡᠯᠡᠭᠦᠯᠬᠦ ᠴᠠᠭ ᠤᠨ ᠬᠢᠵᠠᠭᠠᠷ ᠢ ᠲᠣᠳᠣᠷᠬᠠᠶᠢᠯᠠᠵᠤ᠂ ᠴᠡᠭᠴᠡᠯᠡᠨ ᠵᠠᠰᠠᠬᠤ ᠶᠢ ᠪᠥᠬᠦ ᠶᠠᠪᠤᠴᠠ ᠳᠤ ᠠᠩᠬᠠᠷᠴᠤ᠂ ᠲᠤᠰᠬᠠᠶ ᠠᠵᠢᠯᠯᠠᠭ᠎ᠠ ᠶᠢᠨ ᠦᠷ᠎ᠡ ᠪᠦᠲᠦᠮᠵᠢ ᠤᠯᠬᠤ ᠶᠢ ᠦᠨᠡᠨᠬᠦ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ᠃                                         ᠣᠷᠴᠢᠭᠤᠯᠤᠭᠴᠢ᠄ ᠭᠤᠸ᠎ᠠ                                         ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2