ᠳᠥᠷᠪᠡᠳ ᠬᠤᠰᠢᠭᠤ 2024 ᠣᠨ ᠤ ᠨᠠᠰᠤᠲᠠᠶᠢᠴᠤᠳ ᠤᠨ ᠳᠤᠮᠳᠠᠳᠤ ᠤᠯᠤᠰ ᠤᠨ ᠰᠢᠲᠠᠷ᠎ᠠ ᠶᠢᠨ ᠤᠷᠤᠯᠳᠤᠭᠠᠨ ᠤ ᠰᠣᠯᠢᠯᠴᠠᠭᠠᠨ ᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/7/10
       ᠳᠥᠷᠪᠡᠳ ᠬᠤᠰᠢᠭᠤᠨ ᠤ ᠨᠠᠰᠤᠲᠠᠶᠢᠴᠤᠳ ᠤᠨ ᠣᠶᠤᠨ ᠰᠠᠨᠠᠭ᠎ᠠ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠵᠤ᠂ ᠰᠢᠲᠠᠷ᠎ᠠ ᠳᠤ ᠪᠠᠭ᠋ᠠᠲᠠᠢ ᠨᠠᠰᠤᠲᠠᠶᠢᠴᠤᠳ ᠲᠤ ᠰᠢᠲᠠᠷ᠎ᠠ ᠶᠢᠨ ᠤᠷᠠᠯᠠᠯ᠂ ᠰᠣᠯᠢᠯᠴᠠᠭ᠎ᠠ ᠦᠢᠯᠡᠳᠦᠯᠴᠡᠯ ᠢᠶᠠᠨ ᠰᠣᠯᠢᠯᠴᠠᠬᠤ ᠲᠠᠪᠴᠠᠩ ᠬᠠᠩᠭᠠᠬᠤ ᠶᠢᠨ ᠲᠦᠯᠦᠬᠡ᠂ 7 ᠰᠠᠷ᠎ᠠ ᠶᠢᠨ 8 ᠤ ᠡᠳᠦᠷ᠂ ᠳᠥᠷᠪᠡᠳ ᠬᠤᠰᠢᠭᠤ 2024 ᠣᠨ ᠤ ᠨᠠᠰᠤᠲᠠᠶᠢᠴᠤᠳ ᠤᠨ ᠳᠤᠮᠳᠠᠳᠤ ᠤᠯᠤᠰ ᠤᠨ ᠰᠢᠲᠠᠷ᠎ᠠ ᠶᠢᠨ ᠤᠷᠤᠯᠳᠤᠭᠠᠨ ᠤ ᠰᠣᠯᠢᠯᠴᠠᠭᠠᠨ ᠤ ᠠᠵᠢᠯᠯᠠᠭ᠎ᠠ ᠶᠢ ᠥᠷᠨᠢᠭᠦᠯᠪᠡ᠃    ᠲᠣᠰ ᠤᠳᠠᠭᠠᠨ ᠤ ᠤᠷᠤᠯᠳᠤᠭᠠᠨ ᠢ ᠬᠤᠰᠢᠭᠤᠨ ᠤ ᠨᠠᠰᠤᠲᠠᠶᠢᠴᠤᠳ ᠤᠨ ᠪᠡᠶ᠎ᠡ ᠶᠢᠨ ᠲᠠᠮᠢᠷ ᠤᠨ ᠨᠡᠶᠢᠭᠡᠮᠯᠢᠭ ᠪᠠ ᠠᠬᠠᠮᠠᠳ ᠺᠠᠳ᠋ᠷᠴᠤᠳ ᠤᠨ ᠬᠥᠳᠡᠯᠭᠡᠭᠡᠨ ᠤ ᠲᠥᠪ ᠠᠴᠠ ᠬᠠᠮᠲᠤᠷᠠᠨ ᠡᠷᠭᠢᠯᠡᠵᠦ᠂ ᠪᠥᠬᠦ ᠬᠤᠰᠢᠭᠤᠨ ᠤ 16 ᠲᠥᠯᠥᠭᠡᠯᠡᠭᠴᠢᠳ ᠤᠨ ᠠᠩᠭᠢ 40 ᠰᠢᠬᠠᠮ ᠬᠥᠮᠦᠨ ᠣᠷᠣᠯᠴᠠᠵᠠᠶ᠃ ᠤᠷᠤᠯᠳᠤᠭᠠᠨ ᠤ ᠠᠬᠤᠶ ᠲᠠᠯᠠᠪᠠᠶ ᠶᠢᠨ ᠠᠭᠤᠷ ᠠᠮᠢᠰᠬᠤᠯ ᠬᠥᠷ ᠬᠥᠭᠵᠢᠶᠡᠨ ᠢᠶᠠᠷ ᠪᠢᠯᠬᠠᠵᠤ᠂ ᠤᠷᠤᠯᠳᠤᠭᠠᠨ ᠳᠤ ᠣᠷᠣᠯᠴᠠᠭᠰᠠᠨ ᠰᠢᠲᠠᠷᠴᠢᠳ ᠣᠶᠤᠨ ᠴᠢᠳᠠᠯ ᠢᠶᠠᠨ ᠰᠢᠪᠬᠠᠨ᠂ ᠴᠤᠭ ᠵᠢᠪᠬᠤᠭ᠎ᠠ ᠪᠠᠳᠠᠷᠠᠩᠭᠤᠶ ᠪᠠᠶᠢᠨ᠎ᠠ᠃ ᠤᠷᠤᠯᠳᠤᠭᠠᠨ ᠳᠤ ᠣᠷᠣᠯᠴᠠᠭᠰᠠᠨ ᠰᠢᠲᠠᠷᠴᠢᠨ ᠳ᠋ᠢᠩ ᠴᠧᠩ᠄ ︽ᠥᠨᠥᠳᠥᠷ ᠪᠢ ᠠᠳᠡ ᠰᠢᠲᠠᠷ᠎ᠠ ᠶᠢᠨ ᠤᠷᠤᠯᠳᠤᠭᠠᠨ ᠳᠤ ᠣᠷᠣᠯᠴᠠᠬᠤ ᠪᠠᠷ ᠢᠷᠡᠭᠰᠡᠨ ᠳᠤ ᠪᠠᠨ ᠮᠠᠰᠢ ᠪᠠᠶᠠᠷᠯᠠᠵᠤ᠂ ᠡᠶᠢᠮᠦᠷᠬᠦ ᠠᠵᠢᠯᠯᠠᠭ᠎ᠠ ᠨᠢ ᠮᠠᠨ ᠤ ᠨᠠᠰᠤᠲᠠᠶᠢᠴᠤᠳ ᠤᠨ ᠣᠶᠤᠨ ᠰᠠᠨᠠᠭ᠎ᠠ ᠰᠣᠶᠣᠯ ᠤᠨ ᠠᠮᠢᠳᠤᠷᠠᠯ ᠢ ᠳᠡᠭᠡᠭᠰᠢᠯᠡᠭᠦᠯᠵᠡᠢ᠂ ᠬᠤᠶᠢᠰᠢᠳᠠ ᠢᠯᠡᠭᠦᠬᠡᠨ ᠡᠶᠢᠮᠦᠷᠬᠦ ᠠᠵᠢᠯᠯᠠᠭ᠎ᠠ ᠥᠷᠨᠢᠭᠦᠯᠬᠦ ᠶᠢ ᠬᠦᠰᠡᠵᠦ ᠪᠠᠶᠢᠨ᠎ᠠ ︾ ᠭᠡᠵᠦ ᠬᠡᠯᠡᠪᠡ᠃    ᠲᠣᠰ ᠤᠳᠠᠭᠠᠨ ᠤ ᠰᠣᠯᠢᠯᠴᠠᠭᠠᠨ ᠤ ᠠᠵᠢᠯᠯᠠᠭ᠎ᠠ ᠨᠢ ᠨᠠᠰᠤᠲᠠᠶᠢᠴᠤᠳ ᠤᠨ ᠪᠡᠶ᠎ᠡ ᠶᠢᠨ ᠲᠠᠮᠢᠷ ᠤᠨ ᠬᠥᠳᠡᠯᠭᠡᠭᠡᠨ ᠳᠤ ᠣᠷᠣᠯᠴᠠᠬᠤ ᠢᠳᠡᠪᠬᠢᠵᠢᠯ ᠪᠠ ᠰᠠᠨᠠᠭᠠᠴᠢᠯᠠᠭᠠᠲᠤ ᠴᠢᠨᠠᠷ ᠢ ᠳᠠᠶᠢᠴᠢᠯᠠᠵᠤ᠂ ᠣᠯᠠᠨ ᠳᠤ ᠤᠷᠤᠯᠳᠤᠭᠠᠨ ᠤ ᠪᠡᠶ᠎ᠡ ᠶᠢᠨ ᠲᠠᠮᠢᠷ ᠲᠤ ᠣᠷᠣᠯᠴᠠᠬᠤ ᠪᠠᠶᠠᠷ ᠪᠠᠬ᠎ᠠ ᠶᠢ ᠡᠳ᠋ᠯᠡᠭᠦᠯᠦᠭᠰᠡᠨ ᠢᠶᠠᠷ ᠪᠠᠷᠠᠬᠤ ᠥᠬᠡᠶ᠂ ᠪᠠᠰᠠ ᠰᠢᠲᠠᠷ᠎ᠠ ᠶᠢᠨ ᠤᠷᠠᠯᠢᠭ ᠤᠨ ᠬᠢᠷᠢ ᠲᠦᠪᠰᠢᠨ ᠢ ᠳᠡᠭᠡᠭᠰᠢᠯᠡᠭᠦᠯᠪᠡ᠃                 ᠤᠷᠴᠢᠭᠤᠯᠤᠭᠴᠢ᠄ ᠬᠦᠰᠡᠯ                 ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2