| ᠠᠯᠢ ᠡᠷᠲᠡ 2013 ᠣᠨ ᠳᠤ᠂ ᠤᠯᠤᠰ ᠤᠨ ᠲᠣᠮᠣ ᠳ᠋ᠠᠶᠢᠲ᠋ᠠ ᠶᠢᠨ ᠲᠡᠷᠢᠭᠦᠨ ᠵᠢᠯ᠂ ᠤᠯᠠᠭᠠᠨᠴᠠᠪ ᠳᠠᠷᠤᠶ | ᠳ᠋ᠠᠶᠢᠲ᠋ᠠ ᠶᠢᠨ ᠴᠠᠭ ᠦᠶ᠎ᠡ ᠶᠢᠨ ᠬᠠᠮᠤᠭ ᠤᠨ ᠡᠮᠦᠨ᠎ᠡ ᠡᠩᠨᠡᠭᠡᠨ ᠳᠤ ᠡᠷᠡᠯᠬᠡᠭᠯᠡᠨ ᠵᠣᠭᠰᠣᠵᠤ᠂ ᠮᠠᠰᠢ ᠣᠯᠠᠨ ᠲᠣᠮᠣ | ᠳ᠋ᠠᠶᠢᠲ᠋ᠠ ᠶᠢᠨ ᠠᠵᠤ ᠠᠬᠤᠶᠢᠯᠠᠯ ᠢ ᠲᠡᠳᠡᠨ ᠬᠤᠶᠢᠨ᠎ᠠ ᠬᠤᠶᠢᠨ᠎ᠠ ᠠᠴᠠ ᠪᠠᠨ ᠰᠠᠭᠤᠷᠢᠰᠢᠭᠤᠯᠪᠠ᠃ | ᠣᠶᠢᠷ᠎ᠠ ᠶᠢᠨ ᠵᠢᠯ ᠤᠳ ᠲᠤ᠂ ᠤᠯᠠᠭᠠᠨᠴᠠᠪ ᠲᠣᠮᠣ ᠳ᠋ᠠᠶᠢᠲ᠋ᠠ ᠶᠢᠨ ᠠᠵᠤ ᠦᠢᠯᠡᠰ ᠤᠨ ᠲᠣᠨᠤᠭ ᠲᠥᠬᠦᠭᠡᠷᠦᠮᠵᠢ | ᠦᠢᠯᠡᠳᠬᠦ᠂ ᠳ᠋ᠠᠶᠢᠲ᠋ᠠ ᠶᠢᠨ ᠬᠡᠷᠡᠭᠯᠡᠭᠡ ᠵᠡᠷᠭᠡ ᠳᠡᠭᠡᠳᠦ ᠳᠣᠤᠷᠠᠳᠤ ᠤᠷᠤᠰᠬᠠᠯ ᠤᠨ ᠠᠵᠤ ᠦᠢᠯᠡᠰ ᠢ ᠢᠳᠡᠪᠬᠢᠲᠡᠶ | ᠬᠥᠭᠵᠢᠭᠦᠯᠵᠦ᠂ ᠠᠵᠤ ᠦᠢᠯᠡᠰ ᠤᠨ ᠬᠡᠯᠬᠢᠶ᠎ᠡ ᠤᠯᠠᠮ ᠤᠷᠲᠤᠳᠴᠤ᠂ ᠤᠯᠠᠮ ᠬᠦᠴᠦᠷᠬᠡᠭᠵᠢᠪᠡ᠃ | | | | | ᠥᠪᠥᠷ ᠮᠣᠩᠭᠤᠯ ᠤᠨ ᠲᠦᠩ ᠹᠠᠩ ᠰᠢᠨᠵᠢᠯᠡᠭᠡ ᠮᠡᠷᠭᠡᠵᠢᠯ ᠤᠨ ᠪᠦᠷᠢᠨ ᠠᠦ᠋ᠲ᠋ᠤ᠋ ᠦᠢᠯᠡᠴᠢᠯᠡᠭᠦᠷ ᠤᠨ | ᠦᠢᠯᠡᠳᠪᠦᠷᠢᠯᠡᠯ ᠤᠨ ᠱᠤᠭᠤᠮ ᠶᠠᠭ ᠦᠢᠯᠡᠳᠪᠦᠷᠢᠯᠡᠵᠦ ᠪᠠᠢᠨ᠎ᠠ | | | | | | | | | | ᠣᠳᠣᠬᠠᠨ ᠳᠤ᠂ ᠤᠯᠠᠭᠠᠨᠴᠠᠪ 35 ᠲᠤᠭ᠎ᠠ ᠪᠠᠷᠢᠮᠲᠠ ᠶᠢᠨ ᠲᠥᠪ ᠤᠨ ᠲᠥᠷᠥᠯ ᠵᠦᠢᠯ ᠢ ᠭᠡᠷ᠎ᠡ ᠲᠣᠭᠲᠠᠵᠤ | ᠨᠠᠶᠢᠳᠠᠪᠤᠷᠢᠵᠢᠭᠤᠯᠵᠤ᠂ ᠶᠡᠷᠦᠩᠬᠡᠶ ᠪᠠᠯᠠ ᠣᠷᠣᠭᠤᠯᠤᠯᠲᠠ ᠨᠢ 1306.3 ᠳ᠋ᠦᠩᠰᠢᠭᠤᠷ ᠲᠥᠭᠦᠷᠢᠭ ᠲᠤ ᠬᠦᠷᠴᠦ᠂ | ᠭᠡᠷ᠎ᠡ ᠲᠣᠭᠲᠠᠭᠰᠠᠨ ᠮᠠᠰᠢᠨ ᠤ ᠵᠢᠶᠠᠰᠠ ᠶᠢᠨ ᠬᠡᠪᠴᠢᠶ᠎ᠡ ᠨᠢ 105 ᠲᠦᠮᠡ ᠶᠢ ᠳᠠᠪᠠᠵᠤ᠂ ᠪᠤᠳᠤᠬᠤ ᠬᠦᠴᠦᠨ ᠤ | ᠡᠵᠡᠩᠨᠡᠯᠲᠡ ᠶᠢᠨ ᠶᠡᠷᠦᠩᠬᠡᠶ ᠬᠡᠪᠴᠢᠶ᠎ᠡ ᠨᠢ 2.4 ᠲᠦᠮᠡᠨ P ᠳᠤ ᠬᠦᠷᠴᠦ᠂ ᠣᠶᠤᠨᠴᠢ ᠪᠣᠳᠣᠯᠭ᠎ᠠ ᠶᠢᠨ | ᠬᠠᠷᠢᠴᠠᠯ ᠨᠢ 70% ᠳᠤ ᠬᠦᠷᠴᠡᠶ᠃ ᠪᠥᠸᠧ ᠶᠤᠸᠠᠢ ᠴᠢᠮᠡᠭᠡ ᠬᠤᠯᠪᠣᠭ᠎ᠠ᠂ ᠵᠦᠩ ᠶᠠᠨ ᡁᠢ ᠳ᠋ᠠ ᠵᠡᠷᠭᠡ 10 | ᠭᠠᠷᠤᠢ ᠳ᠋ᠠᠶᠢᠲ᠋ᠠ ᠶᠢᠨ ᠬᠡᠷᠡᠭᠯᠡᠯᠲᠡ ᠪᠠ ᠦᠢᠯᠡᠴᠢᠯᠡᠭᠡᠨ ᠤ ᠠᠵᠤ ᠠᠬᠤᠶᠢᠯᠠᠯ ᠤᠷᠢᠳ ᠬᠤᠵᠢᠳ ᠣᠷᠣᠵᠤ ᠰᠠᠭᠤᠪᠠ᠃ | ᠥᠪᠥᠷ ᠮᠣᠩᠭᠤᠯ ᠤᠨ ᠲᠦᠩ ᠹᠠᠩ ᠰᠢᠨᠵᠢᠯᠡᠭᠡ ᠮᠡᠷᠭᠡᠵᠢᠯ ᠤᠨ ᠦᠢᠯᠡᠴᠢᠯᠡᠭᠦᠷ ᠤᠨ ᠦᠢᠯᠡᠳᠪᠦᠷᠢᠯᠡᠯ ᠤᠨ ᠱᠤᠭᠤᠮ᠂ | ᠰᠢᠨ ᠶᠤᠸᠠᠢ ᠳ᠋ᠠ ᠮᠠᠰᠢᠨ ᠤ ᠬᠤᠷᠭᠤ ᠦᠢᠯᠡᠳᠪᠦᠷᠢᠯᠡᠵᠦ ᠦᠢᠯᠡᠳᠬᠦ ᠵᠡᠷᠭᠡ ᠲᠥᠷᠥᠯ ᠵᠦᠢᠯ ᠢ ᠪᠠᠶᠢᠭᠤᠯᠤᠨ | ᠠᠰᠢᠭᠯᠠᠯᠲᠠ ᠳᠤ ᠣᠷᠣᠭᠤᠯᠵᠤ᠂ ᠾᠧ ᠰᠢᠨ ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠴᠢᠯᠡᠬᠡᠨ ᠤ | ᠦᠢᠯᠡᠳᠪᠦᠷᠢᠯᠡᠯ ᠤᠨ ᠱᠤᠭᠤᠮ᠂ ᠪᠡᠭᠡᠵᠢᠩ ᠤᠨ ᠵᠢᠩ ᠷᠦᠩ ᠯᠢᠲ᠋ᠢ ᠳ᠋ᠢᠶᠠᠨ ᡂᠢ ᠶᠢ ᠱᠠᠲᠤᠯᠢᠭ ᠠᠰᠢᠭᠯᠠᠬᠤ ᠵᠢᠴᠢ | ᠮᠠᠲ᠋ᠧᠷᠢᠶᠠᠯᠵᠢᠭᠤᠯᠬᠤ ᠵᠡᠷᠭᠡ ᠲᠥᠷᠥᠯ ᠵᠦᠢᠯ ᠭᠡᠷ᠎ᠡ ᠲᠣᠭᠲᠠᠨ ᠨᠠᠶᠢᠳᠠᠪᠤᠷᠢᠵᠢᠭᠤᠯᠤᠭᠳᠠᠵᠤ᠂ ᠪᠠᠢ ᠳ᠋ᠦ᠋ ᠪᠠᠷ | ᠲᠥᠯᠥᠭᠡᠯᠡᠭᠦᠯᠦᠭᠰᠡᠨ ᠨᠡᠪᠴᠢᠭᠦᠯᠬᠦ ᠲᠠᠪᠴᠠᠩ ᠳᠤ ᠨᠡᠶᠢᠲᠡ 60 ᠭᠠᠷᠤᠶ ᠠᠵᠤ ᠠᠬᠤᠶᠢᠯᠠᠯ ᠢ ᠨᠡᠪᠴᠢᠭᠦᠯᠪᠡ᠃ | ᠣᠶᠢᠷ᠎ᠠ ᠳᠤ᠂ ᠤᠯᠠᠭᠠᠨᠴᠠᠪ ᠪᠠᠰᠠ ᠰᠠᠶᠢᠨ ᠴᠢᠮᠡᠭᠡ ᠢᠷᠡᠵᠦ᠂ 2024 ᠳᠤᠮᠳᠠᠳᠤ ᠤᠯᠤᠰ ᠤᠨ ᠪᠣᠬᠢᠷᠲᠤᠯ | ᠥᠬᠡᠶ ᠪᠤᠳᠤᠬᠤ ᠴᠢᠳᠠᠪᠤᠷᠢ ︵ᠵᠣᠬᠢᠶᠠᠮᠠᠯ ᠣᠶᠤᠨ ᠴᠢᠳᠠᠪᠤᠷᠢ︶ ᠶᠢᠨ ᠶᠡᠭᠡ ᠬᠤᠷᠠᠯ ᠳᠡᠭᠡᠷ᠎ᠡ᠂ 5 ᠲᠥᠷᠥᠯ | ᠵᠦᠢᠯ ᠳᠤ ᠠᠮᠵᠢᠯᠲᠠ ᠲᠠᠢ ᠭᠠᠷ ᠤᠨ ᠥᠰᠥᠭ ᠵᠢᠷᠤᠵᠤ᠂ ᠶᠡᠷᠦᠩᠬᠡᠶ ᠪᠠᠯᠠ ᠣᠷᠣᠭᠤᠯᠤᠯᠲᠠ ᠶᠢᠨ ᠲᠤᠭ᠎ᠠ ᠨᠢ 282 | ᠳ᠋ᠦᠩᠰᠢᠭᠤᠷ ᠲᠥᠭᠦᠷᠢᠭ ᠲᠤ ᠬᠦᠷᠴᠡᠶ᠃ ︵ᠳ᠋ᠣᠸᠠᠨ ᠵᠢᠶᠠᠨ ᠨᠢᠩ ᠰᠡᠬᠦᠳᠡᠷᠯᠡᠪᠡ︶ | ᠵᠤᠬᠢᠶᠠᠭᠴᠢ᠄ ᠬᠤᠸᠠᠩ ᠹᠦ᠋ ᠮᠸᠢ ᠰᠢᠶᠠᠨ ᠭᠥᠸᠧ ᠴᠢ ᠨᠠᠨ | ᠤᠷᠴᠢᠭᠤᠯᠤᠭᠴᠢ᠄ ᠬᠦᠰᠡᠯ | ᠬᠢᠨᠠᠭᠴᠢ᠄ ᠠᠷᠢᠭᠤᠨ | |