ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ ᠶᠡᠷᠦᠩᠬᠡᠶ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠪᠠ
ᠨᠡᠶᠢᠲᠡᠯᠡᠭᠰᠡᠨ ᠴᠠᠭ᠄
2024/7/11
   7 ᠰᠠᠷ᠎ᠠ ᠶᠢᠨ 9 ᠤ ᠡᠳᠦᠷ᠂ ᠬᠤᠳᠠ ᠶᠢᠨ ᠨᠠᠮ ᠤᠨ ᠬᠤᠷᠢᠶᠠᠨ ᠤ ᠱᠦᠵᠢ ᠰᠦᠢ ᠸᠧᠢ ᠵᠢᠶᠦ᠋ᠨ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠢ ᠡᠷᠬᠢᠯᠡᠨ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠪᠦᠬᠦ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠶᠡᠭᠡ ᠬᠤᠷᠠᠯ᠂ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠱᠠᠩᠨᠠᠯ ᠤᠨ ᠶᠡᠭᠡ ᠬᠤᠷᠠᠯ᠂ ᠬᠤᠶᠠᠷ ᠬᠦᠷᠢᠶᠡᠯᠡᠩ ᠤᠨ ᠠᠺᠠᠳᠧᠮᠢᠴᠢ ᠶᠢᠨ ᠶᠡᠭᠡ ᠬᠤᠷᠠᠯ ᠪᠣᠯᠤᠨ 6 ᠰᠠᠷ᠎ᠠ ᠶᠢᠨ 27 ᠤ ᠡᠳᠦᠷ ᠤᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠬᠤᠨᠠᠨ ᠤ ᠶᠤᠸᠠᠢ ᠶᠠᠩ ᠬᠤᠳᠠ ᠶᠢᠨ ᠬᠤᠸᠠ ᠷᠦᠩ ᠰᠢᠶᠠᠨ ᠤ ᠲᠤᠸᠠᠨ ᠵᠧᠦ ᠳ᠋ᠦᠩ ᠲᠢᠩ ᠬᠤ᠋ ᠨᠠᠭᠤᠷ ᠤᠨ ᠨᠢᠭᠡᠳᠦᠭᠡᠷ ᠹᠷᠣᠨᠲ ᠤᠨ ᠬᠠᠰᠢᠯᠭ᠎ᠠ ᠳᠠᠯᠠᠩ ᠡᠭᠦᠰᠬᠦ ᠦᠶ᠎ᠡ ᠳᠤ ᠭᠠᠷᠭᠠᠭᠰᠠᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠵᠢᠴᠢ ︽ᠦᠨᠡᠨ︾ ᠰᠡᠳᠬᠦᠯ ᠳᠡᠭᠡᠷ᠎ᠡ ᠨᠡᠶᠢᠲᠡᠯᠡᠭᠰᠡᠨ ᠴᠢᠬᠤᠯᠠ ᠵᠣᠬᠢᠶᠠᠯ ︽ᠮᠠᠨ ᠤ ᠤᠯᠤᠰ ᠤᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠪᠠᠶᠢᠳᠠᠯ ᠢ ᠡᠭᠦᠳᠦᠨ᠎ᠡ︾ ᠭᠡᠬᠦ ᠴᠢᠬᠤᠯᠠ ᠵᠣᠬᠢᠶᠠᠯ ᠢ ᠰᠤᠳᠤᠯᠤᠨ ᠪᠠᠶᠢᠷᠢᠯᠠᠭᠤᠯᠪᠠ᠃    ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ︽ᠪᠦᠰᠡᠯᠡᠯᠲᠡ ᠶᠢ ᠰᠢᠪᠲᠤᠯᠬᠤ︾ ᠢᠨᠵᠧᠨᠧᠷᠢᠩ ᠢ ᠲᠦᠷᠭᠡᠳᠬᠡᠨ ᠠᠬᠢᠭᠤᠯᠵᠤ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠯᠤᠭ᠎ᠠ ᠶᠢᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠰᠢᠨᠵᠢᠯᠡᠬᠦ ᠤᠬᠠᠭᠠᠨ ᠤ ᠰᠤᠳᠤᠯᠭᠠᠨ ᠤ ᠪᠣᠭᠤᠮᠲᠠ ᠰᠢᠪᠲᠤᠯᠬᠤ ᠪᠠ ᠦᠷ᠎ᠡ ᠪᠦᠲᠦᠭᠡᠯ ᠢ ᠬᠤᠪᠢᠷᠠᠭᠤᠯᠤᠨ ᠬᠡᠷᠡᠭᠯᠡᠬᠦ ᠡᠷᠴᠢᠮ ᠢᠶᠠᠨ ᠴᠢᠩᠭᠠᠷᠠᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠠᠵᠤ ᠦᠢᠯᠡᠰ ᠤᠨ ᠬᠥᠭᠵᠢᠯᠲᠡ ᠶᠢ ᠳᠠᠶᠢᠴᠢᠯᠠᠬᠤ ᠬᠡᠷᠡᠭᠲᠡᠢ᠃ ᠰᠢᠨᠵᠢᠯᠡᠬᠦ ᠤᠬᠠᠭᠠᠨ ᠮᠡᠷᠭᠡᠵᠢᠯ ᠤᠨ ᠣᠷᠣᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠭᠤᠣᠯ ᠴᠣᠭᠴᠠ ᠶᠢᠨ ᠪᠠᠶᠢᠷᠢ ᠰᠠᠭᠤᠷᠢ ᠶᠢ ᠴᠢᠩᠭᠠᠳᠬᠠᠵᠤ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠲᠠᠪᠴᠠᠩ ᠤᠨ ᠦᠢᠯᠡᠳᠦᠯ ᠢ ᠰᠠᠶᠢᠲᠤᠷ ᠪᠠᠳᠠᠷᠠᠭᠤᠯᠵᠤ᠂ ︽ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠳᠠᠬᠢᠨ ᠢᠶᠠᠷ ᠨᠡᠮᠡᠭᠳᠡᠭᠦᠯᠬᠦ ᠲᠥᠯᠥᠪᠯᠡᠭᠡ︾ ᠶᠢ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠢ᠃ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠠᠵᠢᠯ ᠢ ᠴᠢᠩᠭᠠᠳᠬᠠᠵᠤ᠂ ︽ᠰᠠᠭᠠᠳ ᠦᠭᠡᠢ ᠨᠡᠪᠲᠡᠷᠡᠬᠦ ᠵᠠᠮ︾ ᠢ ᠰᠠᠭᠠᠳ ᠦᠭᠡᠢ ᠨᠡᠪᠲᠡᠷᠡᠭᠦᠯᠵᠦ᠂ ᠪᠠᠶᠢᠭᠤᠯᠤᠮᠵᠢ ᠲᠣᠭᠲᠠᠴᠠ ᠶᠢᠨ ᠰᠢᠨ᠎ᠡ ᠶᠢ ᠡᠭᠦᠳᠴᠦ᠂ ︽ᠤᠶᠠᠨ ᠬᠠᠳᠠᠨ ᠴᠢᠨᠠᠷᠲᠠᠢ ᠪᠠᠷ ᠴᠢᠳᠠᠪᠤᠷᠢᠲᠠᠨ ᠢ ᠣᠷᠣᠭᠤᠯᠤᠨ ᠠᠪᠴᠢᠷᠠᠬᠤ︾ ᠶᠢ ᠢᠳᠡᠪᠬᠢᠲᠡᠢ ᠠᠬᠢᠭᠤᠯᠵᠤ᠂ ᠲᠤᠰ ᠭᠠᠵᠠᠷ ᠣᠷᠣᠨ ᠤ ᠴᠢᠳᠠᠪᠤᠷᠢᠲᠠᠨ ᠢ ᠠᠮᠢᠳᠤᠯᠢᠭ ᠢᠶᠠᠷ ᠰᠠᠶᠢᠲᠤᠷ ᠬᠡᠷᠡᠭᠯᠡᠬᠦ ᠬᠡᠷᠡᠭᠲᠡᠢ ᠭᠡᠵᠦ ᠴᠢᠬᠤᠯᠠᠴᠢᠯᠠᠪᠠ᠃     ᠬᠤᠷᠠᠯ ᠠᠴᠠ᠂ ᠦᠶᠡᠷ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠠᠵᠢᠯ ᠢ ᠥᠴᠦᠬᠡᠨ ᠴᠦ ᠰᠤᠯᠠᠷᠠᠭᠤᠯᠤᠯ ᠦᠭᠡᠢ ᠰᠠᠶᠢᠲᠤᠷ ᠬᠢᠵᠦ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠶᠢ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠬᠤ ᠲᠥᠰᠦᠯ ᠪᠣᠯᠤᠨ ᠪᠠᠴᠢᠮ ᠪᠠᠶᠢᠳᠠᠯ ᠢ ᠠᠷᠭᠠᠴᠠᠬᠤ ᠪᠠᠲᠤᠯᠠᠭ᠎ᠠ ᠶᠢ ᠰᠠᠶᠢᠲᠤᠷ ᠬᠢᠵᠦ᠂ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠪᠠᠲᠤᠯᠠᠬᠤ ᠬᠡᠷᠡᠭᠲᠡᠢ᠃ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠵᠦ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠡᠷᠴᠢᠮ ᠢᠶᠠᠨ ᠴᠢᠩᠭᠠᠷᠠᠭᠤᠯᠵᠤ᠂ ᠪᠦᠬᠦ ᠬᠤᠳᠠ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠢ᠃ ᠠᠷᠭ᠎ᠠ ᠪᠦᠬᠦᠨ ᠢ ᠰᠦᠪᠡᠭᠴᠢᠯᠡᠨ ᠬᠡᠷᠡᠭᠯᠡᠭᠡ ᠶᠢ ᠥᠷᠭᠡᠳᠬᠡᠵᠦ᠂ ︽ᠤᠯᠠᠭᠠᠨᠴᠠᠪ ᠤᠨ︾ ᠤᠨ ᠭᠡᠬᠦ ᠰᠢᠷᠢᠰ ᠲᠦᠷᠦᠯ ᠲᠡᠮᠳᠡᠭ ᠤᠨ ᠰᠣᠶᠣᠯ ᠵᠢᠭᠤᠯᠴᠢᠯᠠᠯ ᠤᠨ ᠠᠵᠢᠯᠯᠠᠭ᠎ᠠ ᠶᠢ ᠦᠷᠭᠦᠯᠵᠢᠯᠡᠨ ᠰᠠᠶᠢᠲᠤᠷ ᠬᠢᠵᠦ᠂ ᠠᠷᠠᠯᠵᠢᠶ᠎ᠠ ᠬᠤᠳᠠᠯᠳᠤᠭ᠎ᠠ ᠪᠠᠷᠠᠭᠠᠨ ᠤ ᠭᠦᠢᠯᠭᠡᠭᠡ ᠪᠠ ᠵᠢᠭᠤᠯᠴᠢᠯᠠᠯ ᠤᠨ ᠦᠢᠯᠡᠰ ᠤᠨ ᠭᠦᠨᠵᠡᠭᠡᠢ ᠠᠭᠤᠰᠤᠯᠴᠠᠨ ᠬᠥᠭᠵᠢᠬᠦ ᠶᠢ ᠠᠬᠢᠭᠤᠯᠬᠤ ᠬᠡᠷᠡᠭᠲᠡᠢ᠃ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠣᠯᠭᠠᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠶᠢᠨ ᠲᠣᠭᠤᠷᠢᠨ ᠳᠤ ︽ᠵᠢᠷᠭᠤᠭᠠᠨ ᠢᠨᠵᠧᠨᠧᠷᠢᠩ︾ ᠢ ᠰᠠᠶᠢᠲᠤᠷ ᠬᠡᠷᠡᠭᠵᠢᠭᠦᠯᠵᠦ᠂ ᠡᠯ᠎ᠡ ᠵᠦᠢᠯ ᠤᠨ ᠥᠭᠡᠷᠡᠴᠢᠯᠡᠯᠲᠡ ᠶᠢᠨ ᠡᠭᠦᠷᠭᠡ ᠶᠢ ᠢᠳᠡᠪᠬᠢᠲᠡᠢ ᠲᠥᠯᠥᠪᠵᠢᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ ᠪᠥᠬᠦ ᠬᠤᠲᠠ ᠶᠢᠨ ᠵᠠᠬᠢᠳᠠᠯ ᠰᠤᠷᠪᠤᠯᠵᠢᠯᠠᠭ᠎ᠠ ᠪᠠ ᠲᠣᠭᠲᠠᠭᠤᠨ ᠪᠠᠶᠢᠳᠠᠯ ᠢ ᠬᠠᠮᠠᠭᠠᠯᠠᠬᠤ᠂ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠪᠥᠬᠦ ᠣᠷᠣᠨ ᠤ ᠨᠠᠮ ᠤᠨ ᠰᠤᠷᠭᠠᠭᠤᠯᠢ ︵ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ︶ ᠶᠢᠨ ᠵᠠᠬᠢᠷᠤᠯ ︵ᠳᠡᠭᠡᠳᠦ ᠰᠤᠷᠭᠠᠭᠤᠯᠢ ᠶᠢᠨ ᠵᠠᠬᠢᠷᠤᠯ︶ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ︽ᠤᠯᠠᠭᠠᠨᠴᠠᠪ ᠬᠤᠲᠠ ᠶᠢᠨ ᠨᠠᠮ ᠤᠨ ᠬᠤᠷᠢᠶ᠎ᠠ ᠶᠢᠨ ︿ᠪᠥᠬᠦ ᠣᠷᠣᠨ ᠤ ᠨᠠᠮ ᠤᠨ ᠰᠤᠷᠭᠠᠭᠤᠯᠢ ︵ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ︶ ᠶᠢᠨ ᠰᠢᠨ᠎ᠡ ᠶᠢ ᠡᠭᠦᠳᠦᠨ ᠳᠡᠭᠡᠭᠰᠢᠯᠡᠭᠦᠯᠬᠦ ᠭᠤᠷᠪᠠᠨ ᠵᠢᠯ ᠤᠨ ᠠᠵᠢᠯᠯᠠᠭᠠᠨ ᠤ ᠲᠥᠰᠦᠯ ︵2024 - 2026 ᠣᠨ︶﹀ ᠢ ᠨᠠᠶᠢᠳᠠᠪᠤᠷᠢᠵᠢᠭᠤᠯᠬᠤ ᠬᠡᠷᠡᠭᠵᠢᠭᠦᠯᠬᠦ ᠲᠥᠰᠦᠯ︾ ᠢ ᠬᠢᠨᠠᠨ ᠵᠥᠪᠯᠡᠵᠦ᠂ ᠪᠥᠬᠦ ᠬᠤᠲᠠ ᠶᠢᠨ ᠵᠠᠬᠢᠳᠠᠯ ᠰᠤᠷᠪᠤᠯᠵᠢᠯᠠᠭ᠎ᠠ ᠪᠠ ᠲᠣᠭᠲᠠᠭᠤᠨ ᠪᠠᠶᠢᠳᠠᠯ ᠢ ᠬᠠᠮᠠᠭᠠᠯᠠᠬᠤ ᠠᠵᠢᠯ ᠢ ᠪᠣᠳᠠᠲᠠᠶ ᠪᠥᠭᠡᠳ ᠨᠠᠷᠢᠯᠢᠭ ᠠᠳᠬᠤᠵᠤ᠂ ᠰᠢᠨ᠎ᠡ ᠴᠠᠭ ᠦᠶ᠎ᠡ ᠶᠢᠨ ︽ᠹᠧᠩᠴᠢᠶᠤᠤ ᠶᠢᠨ ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠵᠦ᠂ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠵᠤ᠂ ᠨᠡᠶᠢᠭᠡᠮ ᠤᠨ ᠶᠡᠭᠡ ᠲᠠᠯ᠎ᠠ ᠶᠢᠨ ᠡᠶ᠎ᠡ ᠵᠣᠬᠢᠴᠠᠩᠭᠤᠶ ᠲᠣᠭᠲᠠᠭᠤᠨ ᠢ ᠪᠠᠲᠤᠯᠠᠬᠤ ᠬᠡᠷᠡᠭᠲᠡᠶ᠃ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠬᠦᠴᠦᠲᠡᠢ ᠪᠥᠭᠡᠳ ᠡᠮᠬᠢ ᠵᠢᠷᠤᠮ ᠲᠠᠢ ᠠᠬᠢᠭᠤᠯᠵᠤ᠂ ᠴᠡᠭᠴᠡᠯᠡᠨ ᠰᠠᠶᠢᠵᠢᠷᠠᠭᠤᠯᠬᠤ ᠠᠰᠠᠭᠤᠳᠠᠯ ᠢ ᠴᠢᠩᠭ᠎ᠠ ᠠᠩᠬᠠᠷᠴᠤ᠂ ᠴᠠᠭ ᠲᠤᠬᠠᠢ ᠳᠤᠨᠢ ᠲᠦᠷᠢᠮ ᠲᠣᠭᠲᠠᠭᠠᠯ ᠲᠣᠭᠲᠠᠭᠠᠵᠤ᠂ ᠨᠢᠭᠡᠳᠦᠯᠲᠡᠢ ᠲᠥᠯᠥᠪᠵᠢᠭᠦᠯᠦᠨ ᠨᠡᠶᠢᠳᠡ ᠳᠤᠨᠢ ᠬᠠᠷᠠᠭᠠᠯᠵᠠᠵᠤ᠂ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠪᠠᠷᠢᠨ ᠬᠡᠷᠡᠭᠵᠢᠭᠦᠯᠵᠦ ᠪᠠᠷᠢᠨ ᠰᠠᠶᠢᠵᠢᠷᠠᠭᠤᠯᠵᠤ᠂ ᠨᠢᠭᠡ ᠠᠴᠠ ᠵᠦᠢᠴᠢᠯᠡᠵᠦ ᠨᠦᠬᠦᠭᠡ ᠶᠢ ᠮᠡᠳᠡᠬᠦ ᠬᠡᠷᠡᠭᠲᠡᠢ᠃ ᠨᠠᠮ ᠤᠨ ᠰᠤᠷᠭᠠᠭᠤᠯᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠴᠢᠳᠠᠪᠤᠷᠢᠲᠠᠨ ᠢ ᠬᠥᠭᠵᠢᠭᠡᠬᠦ ᠪᠠ ᠴᠢᠳᠠᠪᠤᠷᠢᠲᠠᠨ ᠢ ᠣᠷᠣᠭᠤᠯᠤᠨ ᠬᠥᠮᠦᠵᠢᠭᠦᠯᠬᠦ ᠶᠢ  ᠵᠡᠷᠭᠡᠪᠡᠷ ᠴᠢᠬᠤᠯᠠᠴᠢᠯᠠᠬᠤ᠂ ᠰᠤᠷᠭᠠᠭᠤᠯᠢ ᠶᠢ ᠴᠢᠩᠭ᠎ᠠ ᠵᠠᠰᠠᠬᠤ ᠪᠠ ᠶᠠᠰᠤ ᠴᠢᠨᠠᠷ ᠢᠶᠠᠷ ᠰᠤᠷᠭᠠᠭᠤᠯᠢ ᠪᠠᠶᠢᠭᠤᠯᠬᠤ ᠶᠢ ᠵᠡᠷᠭᠡᠪᠡᠷ ᠴᠢᠬᠤᠯᠠᠴᠢᠯᠠᠬᠤ ᠶᠢ ᠪᠠᠷᠢᠮᠲᠠᠯᠠᠵᠤ᠂ ᠰᠠᠭᠤᠷᠢ ᠡᠬᠢ ᠪᠠᠶᠠᠯᠢᠭ ᠢ ᠨᠡᠶᠢᠳᠬᠡᠵᠦ᠂ ᠵᠢᠭᠠᠨ ᠰᠤᠷᠭᠠᠯᠲᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠨᠠᠮ ᠤᠨ ᠰᠤᠷᠭᠠᠭᠤᠯᠢ ᠶᠢᠨ ᠦᠢᠯᠡᠰ ᠤᠨ ᠬᠥᠭᠵᠢᠯᠲᠡ ᠶᠢᠨ ᠲᠠᠬᠢᠨ ᠰᠢᠨ᠎ᠡ ᠳᠡᠭᠲᠡᠷ ᠲᠤ ᠭᠠᠷᠬᠤ ᠶᠢ ᠦᠷᠭᠦᠯᠵᠢᠯᠡᠨ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ  ᠃     ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃                                      ᠣᠷᠴᠢᠭᠤᠯᠤᠭᠴᠢ᠄ ᠭᠤᠸ᠎ᠠ                                      ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2