ᠮᠠᠨ ᠤ ᠬᠤᠲᠠ ᠶᠢᠨ 1 - 6 ᠰᠠᠷ᠎ᠠ ᠶᠢᠨ ᠪᠦᠬᠦ ᠨᠡᠶᠢᠭᠡᠮ ᠤᠨ ᠴᠠᠬᠢᠯᠭᠠᠨ ᠬᠡᠷᠡᠭᠯᠡᠭᠰᠡᠨ ᠬᠡᠮᠵᠢᠶ᠎ᠡ 369.7 ᠳ᠋ᠦᠩᠰᠢᠭᠤᠷ ᠺᠢᠯᠣᠸᠠᠲ ᠴᠠᠭ ᠲᠤ ᠬᠦᠷᠪᠡ
ᠨᠡᠶᠢᠲᠡᠯᠡᠭᠰᠡᠨ ᠴᠠᠭ᠄
2024/7/11
   ᠴᠠᠬᠢᠯᠭᠠᠨ ᠬᠦᠴᠦᠨ ᠤ ᠰᠠᠯᠠᠭ᠎ᠠ ᠮᠥᠴᠢᠷ ᠤᠨ ᠲᠤᠭ᠎ᠠ ᠪᠠᠷᠢᠮᠲᠠ ᠶᠢᠨ ᠬᠠᠷᠢᠭᠤ ᠲᠤᠰᠬᠠᠯ ᠢ ᠦᠨᠳᠦᠰᠦᠯᠡᠪᠡᠯ᠂ 2024 ᠣᠨ ᠤ 1 - 6 ᠰᠠᠷ᠎ᠠ ᠳᠤ᠂ ᠪᠥᠬᠦ ᠬᠤᠲᠠ ᠶᠢᠨ ᠪᠥᠬᠦ ᠨᠡᠶᠢᠭᠡᠮ ᠤᠨ ᠴᠠᠬᠢᠯᠭᠠᠨ ᠬᠡᠷᠡᠭᠯᠡᠭᠰᠡᠨ ᠬᠡᠮᠵᠢᠶ᠎ᠡ 369.7 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 14.5% ᠪᠠᠷ ᠨᠡᠮᠡᠭᠳᠡᠪᠡ᠃ 6 ᠰᠠᠷ᠎ᠠ ᠳᠤ ᠪᠦᠬᠦ ᠨᠡᠶᠢᠭᠡᠮ ᠤᠨ ᠴᠠᠬᠢᠯᠭᠠᠨ ᠬᠡᠷᠡᠭᠯᠡᠭᠰᠡᠨ ᠬᠡᠮᠵᠢᠶ᠎ᠡ 62.9 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 14.1% ᠨᠡᠮᠡᠭᠳᠡᠪᠡ᠃    2024 ᠣᠨ ᠤ 1 - 6 ᠰᠠᠷ᠎ᠠ ᠳᠤ᠂ ᠪᠥᠬᠦ ᠠᠵᠢᠯ ᠲᠥᠷᠥᠯ ᠤᠨ ᠴᠠᠬᠢᠯᠭᠠᠨ ᠬᠡᠷᠡᠭᠯᠡᠭᠰᠡᠨ ᠬᠡᠮᠵᠢᠶ᠎ᠡ 362. 0 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 14.5 % ᠪᠠᠷ ᠨᠡᠮᠡᠭᠳᠡᠨ᠂ 6 ᠰᠠᠷ᠎ᠠ ᠶᠢᠨ ᠲᠣᠰ ᠰᠠᠷ᠎ᠠ ᠳᠤ ᠠᠵᠢᠯ ᠲᠥᠷᠥᠯ ᠤᠨ ᠴᠠᠬᠢᠯᠭᠠᠨ ᠬᠡᠷᠡᠭᠯᠡᠭᠰᠡᠨ ᠬᠡᠮᠵᠢᠶ᠎ᠡ 61.9 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 14.4 % ᠪᠠᠷ ᠨᠡᠮᠡᠭᠳᠡᠪᠡ᠃ ᠡᠭᠦᠨ ᠳᠤ᠂ ᠨᠢᠭᠡᠳᠦᠭᠡᠷ ᠠᠵᠤ ᠦᠢᠯᠡᠰ ᠤᠨ 1 - 6 ᠰᠠᠷ᠎ᠠ ᠳᠤ ᠴᠠᠬᠢᠯᠭᠠᠨ ᠬᠡᠷᠡᠭᠯᠡᠭᠰᠡᠨ ᠬᠡᠮᠵᠢᠶ᠎ᠡ 1.9 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 27.3% ᠨᠡᠮᠡᠭᠳᠡᠵᠦ᠂ 6 ᠳ᠋ᠤᠭᠠᠷ ᠰᠠᠷ᠎ᠠ ᠳᠤ ᠴᠠᠬᠢᠯᠭᠠᠨ ᠬᠡᠷᠡᠭᠯᠡᠭᠰᠡᠨ ᠬᠡᠮᠵᠢᠶ᠎ᠡ 0.3 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 11.5% ᠨᠡᠮᠡᠭᠳᠡᠪᠡ︔ ᠬᠤᠶᠠᠳᠤᠭᠠᠷ ᠠᠵᠤ ᠦᠢᠯᠡᠰ ᠤᠨ 1 - 6 ᠳ᠋ᠤᠭᠠᠷ ᠰᠠᠷ᠎ᠠ ᠶᠢᠨ ᠴᠠᠬᠢᠯᠭᠠᠨ ᠬᠡᠷᠡᠭᠯᠡᠭᠰᠡᠨ ᠬᠡᠮᠵᠢᠶ᠎ᠡ 337.2 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 13.4% ᠨᠡᠮᠡᠭᠳᠡᠨ᠂ ᠪᠥᠬᠦ ᠨᠡᠶᠢᠭᠡᠮ ᠤᠨ ᠴᠠᠬᠢᠯᠭᠠᠨ ᠬᠡᠷᠡᠭᠯᠡᠭᠰᠡᠨ ᠬᠡᠮᠵᠢᠶ᠎ᠡ ᠶᠢᠨ 91.2 % ᠢ ᠡᠵᠡᠯᠡᠵᠦ᠂ 6 ᠳ᠋ᠤᠭᠠᠷ ᠰᠠᠷ᠎ᠠ ᠳᠤ ᠴᠠᠬᠢᠯᠭᠠᠨ ᠬᠡᠷᠡᠭᠯᠡᠭᠰᠡᠨ ᠬᠡᠮᠵᠢᠶ᠎ᠡ 57.1 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 14.1 % ᠪᠠᠷ ᠨᠡᠮᠡᠭᠳᠡᠪᠡ︔ ᠭᠤᠷᠪᠠᠳᠤᠭᠠᠷ ᠠᠵᠤ ᠦᠢᠯᠡᠰ ᠤᠨ 1 - 6 ᠳ᠋ᠤᠭᠠᠷ ᠰᠠᠷ᠎ᠠ ᠶᠢᠨ ᠴᠠᠬᠢᠯᠭᠠᠨ ᠬᠡᠷᠡᠭᠯᠡᠭᠰᠡᠨ ᠬᠡᠮᠵᠢᠶ᠎ᠡ 22.9 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 30.6 % ᠪᠠᠷ ᠨᠡᠮᠡᠭᠳᠡᠨ᠂ ᠪᠥᠬᠦ ᠨᠡᠶᠢᠭᠡᠮ ᠤᠨ ᠴᠠᠬᠢᠯᠭᠠᠨ ᠬᠡᠷᠡᠭᠯᠡᠭᠰᠡᠨ ᠬᠡᠮᠵᠢᠶ᠎ᠡ ᠳᠠᠬᠢ ᠬᠤᠪᠢ ᠶᠢᠨ ᠵᠢᠩ 6.2 % ᠳᠤ ᠬᠦᠷᠴᠦ᠂ 6 ᠳ᠋ᠤᠭᠠᠷ ᠰᠠᠷ᠎ᠠ ᠳᠤ ᠴᠠᠬᠢᠯᠭᠠᠨ ᠬᠡᠷᠡᠭᠯᠡᠭᠰᠡᠨ ᠬᠡᠮᠵᠢᠶ᠎ᠡ 4.5 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 17.7 % ᠪᠠᠷ ᠨᠡᠮᠡᠭᠳᠡᠪᠡ᠃    2024 ᠣᠨ ᠤ 1 - 6 ᠰᠠᠷ᠎ᠠ ᠳᠤ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠠᠮᠢᠳᠤᠷᠠᠯ ᠤᠨ ᠴᠠᠬᠢᠯᠭᠠᠨ ᠬᠡᠷᠡᠭᠯᠡᠭᠰᠡᠨ ᠬᠡᠮᠵᠢᠶ᠎ᠡ ᠨᠡᠶᠢᠲᠡ 7.7 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 15.5 % ᠪᠠᠷ ᠨᠡᠮᠡᠭᠳᠡᠨ᠂ ᠪᠥᠬᠦ ᠨᠡᠶᠢᠭᠡᠮ ᠤᠨ ᠴᠠᠬᠢᠯᠭᠠᠨ ᠬᠡᠷᠡᠭᠯᠡᠭᠰᠡᠨ ᠬᠡᠮᠵᠢᠶ᠎ᠡ ᠶᠢᠨ 2.1% ᠶᠢ ᠡᠵᠡᠯᠡᠪᠡ᠃ 6 ᠰᠠᠷ᠎ᠠ ᠳᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠴᠠᠬᠢᠯᠭᠠᠨ ᠬᠡᠷᠡᠭᠯᠡᠭᠰᠡᠨ ᠬᠡᠮᠵᠢᠶ᠎ᠡ 1.0 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 0.6% ᠨᠡᠮᠡᠭᠳᠡᠪᠡ᠃ 1 - 6 ᠰᠠᠷ᠎ᠠ ᠳᠤ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠴᠠᠬᠢᠯᠭᠠᠨ ᠬᠡᠷᠡᠭᠯᠡᠭᠰᠡᠨ ᠬᠡᠮᠵᠢᠶ᠎ᠡ 5.2 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 11.0% ᠨᠡᠮᠡᠭᠳᠡᠪᠡ︔ ᠬᠥᠳᠡᠭᠡ ᠲᠣᠰᠬᠤᠨ ᠤ ᠰᠠᠭᠤᠭᠠᠯᠢ ᠠᠷᠠᠳ ᠤᠨ ᠴᠠᠬᠢᠯᠭᠠᠨ ᠬᠡᠷᠡᠭᠯᠡᠭᠰᠡᠨ ᠬᠡᠮᠵᠢᠶ᠎ᠡ 2.5 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 26.5% ᠨᠡᠮᠡᠭᠳᠡᠪᠡ᠃
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2