7 ᠰᠠᠷ᠎ᠠ ᠶᠢᠨ 11 ᠤ ᠡᠳᠦᠷ᠂ ᠬᠤᠳᠠ ᠶᠢᠨ ᠨᠠᠮ ᠤᠨ ᠬᠤᠷᠢᠶᠠᠨ ᠤ ᠱᠦᠵᠢ ᠰᠦᠢ ᠸᠧᠢ ᠵᠢᠶᠦ᠋ᠨ ᠳᠤᠮᠳᠠᠳᠤ | ᠤᠯᠤᠰ ᠤᠨ ᠲᠠᠷᠢᠶᠠᠯᠠᠩ ᠤᠨ ᠪᠠᠩᠬᠢ ᠶᠢᠨ ᠥᠪᠥᠷ ᠮᠣᠩᠭᠤᠯ ᠳᠠᠬᠢ ᠬᠤᠪᠢᠶᠠᠷᠢ ᠪᠠᠩᠬᠢ ᠶᠢᠨ ᠨᠠᠮ ᠤᠨ ᠬᠤᠷᠢᠶᠠᠨ ᠤ | ᠱᠦᠵᠢ᠂ ᠪᠠᠩᠬᠢ ᠶᠢᠨ ᠳᠠᠷᠤᠭ᠎ᠠ ᠹᠦ᠋ ᠰᠢᠶᠤᠤ ᠨᠡᠷ ᠲᠠᠢ ᠶᠠᠷᠢᠯᠴᠠᠵᠤ᠂ ᠬᠤᠶᠠᠷ ᠲᠠᠯ᠎ᠠ ᠪᠠᠷ ᠢᠶᠠᠨ ᠭᠠᠵᠠᠷ ᠣᠷᠣᠨ ᠤ | ᠪᠠᠩᠬᠢ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ᠂ ᠬᠠᠷᠢᠯᠴᠠᠨ ᠠᠰᠢᠭᠲᠠᠢ ᠬᠠᠮᠲᠤᠪᠠᠷ ᠠᠰᠢᠭ ᠬᠦᠷᠳᠡᠬᠦ ᠶᠢ | ᠠᠬᠢᠭᠤᠯᠬᠤ ᠲᠤᠬᠠᠢ ᠰᠠᠨᠠᠯ ᠢᠶᠠᠨ ᠭᠦᠨᠵᠡᠭᠡᠢ ᠰᠣᠯᠢᠯᠴᠠᠪᠠ᠃ | ᠰᠦᠢ ᠸᠧᠢ ᠵᠢᠶᠦ᠋ᠨ ᠳᠤᠮᠳᠠᠳᠤ ᠤᠯᠤᠰ ᠤᠨ ᠲᠠᠷᠢᠶᠠᠯᠠᠩ ᠤᠨ ᠪᠠᠩᠬᠢ ᠶᠢᠨ ᠥᠪᠥᠷ ᠮᠣᠩᠭᠤᠯ ᠳᠠᠬᠢ | ᠬᠤᠪᠢᠶᠠᠷᠢ ᠪᠠᠩᠬᠢ ᠶᠢᠨ ᠤᠷᠳᠤ ᠬᠤᠭᠤᠴᠠᠭᠠᠨ ᠤ ᠲᠤᠷᠰᠢ ᠤᠯᠠᠭᠠᠨᠴᠠᠪ ᠤᠨ ᠬᠥᠭᠵᠢᠯᠲᠡ ᠳᠤ ᠦᠵᠡᠭᠦᠯᠦᠭᠰᠡᠨ | ᠳᠡᠮᠵᠢᠯᠭᠡ ᠪᠠ ᠬᠠᠪᠰᠤᠷᠤᠯᠭ᠎ᠠ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃ ᠲᠡᠷᠡ᠂ ᠣᠳᠣᠬᠠᠨ ᠳᠤ᠂ ᠤᠯᠠᠭᠠᠨᠴᠠᠪ | ᠬᠤᠲᠠ ᠶᠠᠭ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ᠂ | ᠤᠯᠠᠮᠵᠢᠯᠠᠯᠲᠤ ᠠᠵᠤ ᠦᠢᠯᠡᠰ ᠢ ᠬᠦᠴᠦᠯᠡᠨ ᠥᠭᠡᠷᠡᠴᠢᠯᠡᠨ ᠳᠡᠭᠡᠭᠰᠢᠯᠡᠭᠦᠯᠵᠦ᠂ ᠳᠠᠪᠠᠭᠤᠯᠢᠭ ᠠᠵᠤ ᠦᠢᠯᠡᠰ ᠢ | ᠰᠢᠯᠢᠳᠡᠭᠵᠢᠭᠦᠯᠦᠨ ᠬᠦᠴᠦᠷᠬᠡᠭᠵᠢᠭᠦᠯᠵᠦ᠂ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠪᠤᠶᠢᠵᠢᠭᠤᠯᠤᠨ | ᠪᠤᠵᠠᠭᠠᠶᠢᠷᠠᠭᠤᠯᠵᠤ᠂ ᠢᠷᠡᠭᠡᠳᠦᠶ ᠶᠢᠨ ᠠᠵᠤ ᠦᠢᠯᠡᠰ ᠢ ᠪᠠᠷᠠᠯᠠᠨ᠂ ᠴᠢᠨᠠᠷ ᠰᠠᠶᠢᠲᠠᠶ ᠬᠥᠭᠵᠢᠯᠲᠡ ᠶᠢᠨ ᠠᠯᠬᠤᠭ᠎ᠠ | ᠨᠠᠩ ᠪᠠᠲᠤ ᠪᠠᠬᠢ ᠪᠣᠯᠵᠤ ᠪᠠᠶᠢᠨ᠎ᠠ᠃ ᠳᠤᠮᠳᠠᠳᠤ ᠤᠯᠤᠰ ᠤᠨ ᠲᠠᠷᠢᠶᠠᠯᠠᠩ ᠤᠨ ᠪᠠᠩᠬᠢ ᠶᠢᠨ ᠥᠪᠥᠷ ᠮᠣᠩᠭᠤᠯ ᠳᠠᠬᠢ | ᠬᠤᠪᠢᠶᠠᠷᠢ ᠪᠠᠩᠬᠢ ᠠᠵᠤ ᠦᠢᠯᠡᠰ ᠤᠨ ᠬᠥᠭᠵᠢᠯᠲᠡ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ᠂ ᠮᠥᠩᠭᠦᠨ | ᠭᠦᠢᠯᠭᠡᠭᠡᠨ ᠤ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠵᠡᠷᠭᠡ ᠬᠦᠷᠢᠶᠡᠨ ᠳᠤ ᠠᠩᠬᠠᠷᠤᠯ ᠢᠶᠠᠨ | ᠲᠥᠪᠯᠡᠷᠡᠭᠦᠯᠵᠦ᠂ ᠤᠯᠠᠭᠠᠨᠴᠠᠪ ᠲᠤ ᠮᠥᠩᠭᠦᠨ ᠭᠦᠢᠯᠭᠡᠭᠡᠨ ᠤ ᠳᠡᠮᠵᠢᠯᠭᠡ ᠶᠢᠨ ᠡᠷᠴᠢᠮ ᠢᠶᠠᠨ ᠦᠷᠭᠦᠯᠵᠢᠯᠡᠨ | ᠴᠢᠩᠭᠠᠷᠠᠭᠤᠯᠬᠤ ᠶᠢ ᠬᠦᠰᠡᠵᠦ ᠪᠠᠶᠢᠨ᠎ᠠ᠃ ᠤᠯᠠᠭᠠᠨᠴᠠᠪ ᠬᠤᠳᠠ ᠶᠢᠨ ᠬᠢᠨ ᠬᠤᠳᠠᠯᠳᠤᠭ᠎ᠠ ᠡᠷᠬᠢᠯᠡᠬᠦ ᠣᠷᠴᠢᠨ | ᠨᠦᠬᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂ ᠤᠨᠢᠨ ᠳᠡᠭᠡᠷ᠎ᠡ ᠨᠢ ᠦᠢᠯᠡᠴᠢᠯᠡᠬᠦ ᠶᠢ ᠰᠠᠶᠢᠲᠤᠷ ᠬᠢᠵᠦ᠂ | ᠪᠠᠩᠬᠢ ᠶᠢᠨ ᠬᠥᠭᠵᠢᠨ ᠪᠤᠵᠠᠭᠠᠢᠢᠷᠠᠬᠤ ᠶᠢ ᠲᠡᠮᠵᠢᠵᠤ᠂ ᠮᠥᠩᠭᠦᠨ ᠭᠦᠢᠯᠭᠡᠭᠡ ᠪᠣᠯᠤᠨ ᠣᠷᠣᠨ ᠨᠤᠲᠤᠭ ᠤᠨ ᠠᠵᠤ | ᠠᠬᠤᠢ ᠶᠢᠨ ᠬᠠᠮᠲᠤᠪᠠᠷ ᠠᠰᠢᠭ ᠬᠦᠷᠳᠡᠬᠦ ᠬᠠᠮᠲᠤᠪᠠᠷ ᠤᠷᠤᠭᠰᠢᠯᠠᠬᠤ᠂ ᠬᠠᠮᠲᠤᠪᠠᠷ ᠬᠥᠭᠵᠢᠬᠦ ᠶᠢ ᠠᠬᠢᠭᠤᠯᠤᠨ᠎ᠠ | ᠭᠡᠵᠦ ᠬᠡᠯᠡᠪᠡ᠃ | ᠹᠦ᠋ ᠰᠢᠶᠤᠤ᠂ ᠳᠤᠮᠳᠠᠳᠤ ᠤᠯᠤᠰ ᠤᠨ ᠲᠠᠷᠢᠶᠠᠯᠠᠩ ᠤᠨ ᠪᠠᠩᠬᠢ ᠶᠢᠨ ᠥᠪᠥᠷ ᠮᠣᠩᠭᠤᠯ ᠳᠠᠬᠢ ᠬᠤᠪᠢᠶᠠᠷᠢ | ᠪᠠᠩᠬᠢ ᠲᠤᠰ ᠪᠡᠶ᠎ᠡ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠤᠯᠠᠭᠠᠨᠴᠠᠪ ᠤᠨ ᠬᠥᠭᠵᠢᠯᠲᠡ ᠶᠢᠨ | ᠬᠡᠷᠡᠭᠴᠡᠭᠡ ᠱᠠᠭᠠᠷᠳᠠᠯᠭ᠎ᠠ ᠲᠠᠢ ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ᠂ ᠴᠢᠨᠠᠷ ᠰᠠᠶᠢᠲᠠᠶ ᠥᠨᠳᠥᠷ ᠪᠦᠲᠦᠮᠵᠢᠲᠡᠶ | ᠮᠥᠩᠭᠦᠨ ᠭᠦᠢᠯᠭᠡᠭᠡᠨ ᠤ ᠦᠢᠯᠡᠴᠢᠯᠡᠭᠡ ᠪᠠᠷ ᠣᠷᠣᠨ ᠨᠤᠲᠤᠭ ᠤᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ | ᠬᠥᠭᠵᠢᠯᠲᠡ ᠳᠤ ᠬᠦᠴᠦᠨ ᠨᠡᠮᠡᠷᠢᠯᠡᠵᠦ᠂ ᠰᠢᠨ᠎ᠡ ᠴᠠᠭ ᠦᠶ᠎ᠡ ᠶᠢᠨ ᠪᠠᠩᠬᠢ ᠪᠠ ᠣᠷᠣᠨ ᠨᠤᠲᠤᠭ ᠤᠨ | ᠬᠠᠮᠲᠤᠷᠠᠯᠴᠠᠭᠠᠨ ᠤ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠨ᠎ᠡ ᠭᠡᠵᠦ ᠬᠡᠯᠡᠪᠡ᠃ | ᠹᠠᠩ ᠽᠧ᠂ ᠵᠠᠩ ᠶᠦᠩ ᠸᠧᠨ᠂ ᠰᠦᠢ ᠵᠢᠶᠠᠨ ᠬᠤᠸᠠ ᠣᠷᠣᠯᠴᠠᠵᠠᠢ᠃ | | ᠣᠷᠴᠢᠭᠤᠯᠤᠭᠴᠢ᠄ ᠭᠤᠸ᠎ᠠ | ᠬᠢᠨᠠᠭᠴᠢ᠄ ᠠᠷᠢᠭᠤᠨ |