ᠲᠠᠶᠢᠸᠠᠨ ᠤ ᠪᠠᠭᠰᠢ ᠰᠤᠷᠤᠭᠴᠢᠳ ᠪᠡᠭᠡᠵᠢᠩ ᠤᠨ ᠪᠠᠭᠰᠢ ᠶᠢᠨ ᠶᠡᠭᠡ ᠰᠤᠷᠭᠠᠭᠤᠯᠢ ᠶᠢᠨ ᠵᠢᠨᠢᠩ ᠤᠨ ᠬᠠᠷᠢᠶᠠᠲᠤ ᠳᠤᠮᠳᠠᠳᠤ ᠰᠤᠷᠭᠠᠭᠤᠯᠢ ᠳᠤ ᠬᠦᠷᠴᠦ ᠰᠤᠳᠤᠯᠤᠨ ᠰᠤᠷᠤᠯᠴᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/7/12
     7 ᠰᠠᠷ᠎ᠠ ᠶᠢᠨ 11 ᠤ ᠡᠳᠦᠷ ᠤᠨ ᠦᠳᠡ ᠶᠢᠨ ᠡᠮᠦᠨ᠎ᠡ᠂ ᠲᠠᠶᠢᠸᠠᠨ ᠤ 20 ᠭᠠᠷᠤᠶ ᠳᠤᠮᠳᠠᠳᠤ ᠰᠤᠷᠭᠠᠭᠤᠯᠢ ᠶᠢᠨ 66 ᠪᠠᠭᠰᠢ ᠰᠤᠷᠤᠭᠴᠢᠳ ᠪᠡᠭᠡᠵᠢᠩ ᠤᠨ ᠪᠠᠭᠰᠢ ᠶᠢᠨ ᠶᠡᠭᠡ ᠰᠤᠷᠭᠠᠭᠤᠯᠢ ᠶᠢᠨ ᠵᠢᠨᠢᠩ ᠤᠨ ᠬᠠᠷᠢᠶᠠᠲᠤ ᠳᠤᠮᠳᠠᠳᠤ ᠰᠤᠷᠭᠠᠭᠤᠯᠢ ᠳᠤ ᠬᠦᠷᠴᠦ᠂ ︽ᠬᠤᠶᠠᠷ ᠡᠷᠭᠢ ᠶᠢᠨ ᠵᠠᠯᠠᠭᠤᠴᠤᠳ ᠤᠨ ᠰᠣᠯᠢᠯᠴᠠᠭ᠎ᠠ ᠰᠤᠳᠤᠯᠭᠠᠨ ᠤ ᠬᠤᠸᠠᠷᠠᠨ᠂ ᠥᠪᠥᠷ ᠮᠣᠩᠭᠤᠯ ᠤᠨ ᠤᠮᠠᠷᠠᠲᠤ ᠬᠢᠯᠢ ᠶᠢᠨ ᠰᠣᠶᠣᠯ ᠤᠨ ᠰᠤᠳᠤᠯᠭᠠᠨ ᠤ ᠠᠶᠠᠯᠠᠯ︾ ᠢ ᠡᠬᠢᠯᠡᠭᠦᠯᠪᠡ᠃    ᠪᠡᠭᠡᠵᠢᠩ ᠤᠨ ᠪᠠᠭᠰᠢ ᠶᠢᠨ ᠶᠡᠭᠡ ᠰᠤᠷᠭᠠᠭᠤᠯᠢ ᠶᠢᠨ ᠵᠢᠨᠢᠩ ᠤᠨ ᠬᠠᠷᠢᠶᠠᠲᠤ ᠳᠤᠮᠳᠠᠳᠤ ᠰᠤᠷᠭᠠᠭᠤᠯᠢ ᠶᠢᠨ ᠨᠣᠮ ᠤᠨ ᠰᠠᠩ᠂ ᠰᠣᠶᠣᠯ ᠲᠠᠮᠢᠷ ᠤᠨ ᠲᠥᠪ ᠲᠤ᠂ ᠰᠤᠳᠤᠯᠤᠨ ᠰᠤᠷᠤᠯᠴᠠᠬᠤ ᠪᠠᠷ ᠢᠷᠡᠭᠰᠡᠨ ᠪᠠᠭᠰᠢ ᠰᠤᠷᠤᠭᠴᠢᠳ ᠰᠤᠷᠭᠠᠭᠤᠯᠢ ᠶᠢᠨ ᠰᠤᠷᠭᠠᠭᠤᠯᠢ ᠡᠷᠬᠢᠯᠡᠬᠦ ᠣᠨᠴᠠᠯᠢᠭ᠂ ᠵᠢᠭᠠᠨ ᠰᠤᠷᠭᠠᠯᠲᠠ ᠶᠢᠨ ᠥᠭᠡᠷᠡᠴᠢᠯᠡᠯᠲᠡ᠂ ᠪᠠᠭᠰᠢ ᠶᠢᠨ ᠲᠤᠰᠬᠠᠢ ᠮᠡᠷᠭᠡᠵᠢᠯ ᠤᠨ ᠬᠥᠭᠵᠢᠯᠲᠡ ᠵᠢᠴᠢ ᠰᠤᠷᠤᠭᠴᠢᠳ ᠤᠨ ᠬᠡᠪ ᠪᠣᠯᠪᠠᠰᠤᠷᠠᠯ ᠢ ᠳᠡᠭᠡᠭᠰᠢᠯᠡᠭᠦᠯᠬᠦ ᠵᠡᠷᠭᠡ ᠡᠯ᠎ᠡ ᠲᠠᠯ᠎ᠠ ᠶᠢᠨ ᠪᠣᠳᠠᠲᠠᠢ ᠠᠷᠭ᠎ᠠ ᠬᠡᠮᠵᠢᠶ᠎ᠡ ᠪᠣᠯᠤᠨ ᠬᠥᠭᠵᠢᠯᠲᠡ ᠶᠢᠨ ᠦᠷ᠎ᠡ ᠪᠦᠲᠦᠮᠵᠢ ᠶᠢ ᠨᠠᠷᠢᠨ ᠣᠶᠢᠯᠠᠭᠠᠬᠤ ᠶᠢᠨ ᠬᠠᠮᠲᠤ ᠲᠤᠰ ᠰᠤᠷᠭᠠᠭᠤᠯᠢ ᠶᠢᠨ ᠪᠠᠭᠰᠢ ᠰᠤᠷᠤᠭᠴᠢᠳ ᠲᠠᠢ ᠬᠠᠮᠲᠤ ᠪᠠᠷ ᠰᠤᠳᠤᠯᠤᠨ ᠰᠤᠷᠤᠯᠴᠠᠵᠤ ᠰᠠᠨᠠᠯ ᠢᠶᠠᠨ ᠰᠣᠯᠢᠯᠴᠠᠵᠤ᠂ ᠠᠷᠠᠳ ᠤᠨ ᠵᠠᠩ ᠦᠢᠯᠡ ᠶᠢᠨ ᠰᠣᠶᠣᠯ ᠢ ᠪᠡᠶᠡᠴᠢᠯᠡᠨ ᠣᠶᠢᠯᠠᠭᠠᠪᠠ᠃    ᠡᠨᠡ ᠤᠳᠠᠭᠠᠨ ᠤ ᠰᠤᠳᠤᠯᠤᠨ ᠰᠤᠷᠤᠯᠴᠠᠬᠤ ᠵᠢᠭᠤᠯᠴᠢᠯᠠᠯ ᠨᠢ ᠲᠤᠬᠠᠶ ᠶᠢᠨ ᠭᠠᠵᠠᠷ ᠤᠨ ᠪᠠᠶᠢᠴᠠᠭᠠᠯᠲᠠ᠂ ᠰᠣᠶᠣᠯ ᠤᠨ ᠣᠶᠢᠯᠠᠭᠠᠯᠴᠠᠭ᠎ᠠ᠂ ᠰᠣᠯᠢᠯᠴᠠᠭ᠎ᠠ ᠵᠡᠷᠭᠡ ᠠᠷᠭ᠎ᠠ ᠬᠡᠯᠪᠡᠷᠢ ᠪᠠᠷ ᠳᠠᠮᠵᠢᠨ᠂ ᠬᠤᠶᠠᠷ ᠡᠷᠭᠢ ᠶᠢᠨ ᠵᠠᠯᠠᠭᠤᠴᠤᠳ ᠢ ᠪᠠᠶᠠᠷ ᠪᠠᠶᠠᠰᠬᠤᠯᠠᠩ ᠲᠠᠢ ᠠᠭᠤᠷ ᠠᠮᠢᠰᠬᠤᠯ ᠤᠨ ᠳᠤᠮᠳᠠ ᠣᠶᠢᠯᠠᠭᠠᠯᠴᠠᠭ᠎ᠠ ᠪᠠᠨ ᠨᠡᠮᠡᠭᠳᠡᠭᠦᠯᠵᠦ᠂ ᠨᠥᠬᠦᠷᠯᠡᠯ ᠢᠶᠠᠨ ᠤᠯᠠᠮ ᠭᠦᠨᠵᠡᠭᠡᠶᠢᠷᠡᠭᠦᠯᠪᠡ᠃                      ᠤᠷᠴᠢᠭᠤᠯᠤᠭᠴᠢ᠄ ᠬᠦᠰᠡᠯ                       ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2