ᠤᠯᠠᠭᠠᠨᠴᠠᠪ ᠤᠨ ᠰᠣᠶᠣᠯ ᠵᠢᠭᠤᠯᠴᠢᠯᠠᠯ ᠤᠨ ᠨᠠᠷᠠᠲᠤ ᠲᠡᠮᠳᠡᠭ ᠢ ᠥᠪᠥᠷ ᠮᠣᠩᠭᠤᠯ ᠠᠴᠠ ᠭᠠᠷᠭᠠᠵᠤ᠂ ᠪᠥᠬᠦ ᠳᠤᠮᠳᠠᠳᠤ ᠤᠯᠤᠰ ᠲᠤ ᠬᠠᠨᠳᠤᠭᠤᠯᠪᠠ
ᠨᠡᠶᠢᠲᠡᠯᠡᠭᠰᠡᠨ ᠴᠠᠭ᠄
2024/7/12
ᠴᠠᠭ᠄ 2024 ᠤᠨ ᠤ 7 ᠰᠠᠷ᠎ᠡ ᠶᠢᠨ 9 ᠤ ᠡᠳᠦᠷ  ᠰᠤᠷᠪᠤᠯᠵᠢᠯᠠᠭ᠎ᠠ ᠬᠦᠯᠢᠶᠡᠭᠴᠢ᠄ ᠤᠯᠠᠭᠠᠨᠴᠠᠪ ᠬᠤᠲᠠ ᠶᠢᠨ ᠰᠣᠶᠣᠯ ᠵᠤᠭᠠᠴᠠᠯ ᠪᠡᠶ᠎ᠡ ᠶᠢᠨ ᠲᠠᠮᠢᠷ ᠤᠨ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠬᠤᠤ ᠸᠧᠨ ᠶᠤᠸᠠᠢ    ᠤᠯᠠᠭᠠᠨᠴᠠᠪ ᠬᠤᠲᠠ ᠤᠯᠠᠨ ᠠᠴᠠ ᠣᠨᠴᠠᠭᠠᠢ ᠣᠷᠣᠨ ᠪᠠᠶᠢᠷᠢ ᠶᠢᠨ ᠳᠠᠪᠠᠭᠤᠯᠢᠭ ᠪᠠ ᠠᠮᠢ ᠠᠬᠤᠢ ᠶᠢᠨ ᠨᠥᠬᠦᠴᠡᠯ ᠳᠤ ᠲᠦᠰᠢᠭᠯᠡᠨ᠂ ᠪᠡᠭᠡᠵᠢᠩ ᠤᠨ ᠰᠡᠯᠡᠭᠦᠴᠡᠯ ᠡᠷᠡᠭᠦᠯᠵᠢᠯ ᠤᠨ ︽ᠠᠷᠤ ᠳᠠᠯ᠎ᠠ ᠶᠢᠨ ᠴᠡᠴᠡᠷᠯᠢᠭ︾ ᠢ ᠪᠥᠬᠦ ᠬᠦᠴᠦᠨ ᠢᠶᠠᠷ ᠢᠶᠠᠨ ᠴᠣᠭᠴᠠᠯᠠᠵᠤ᠂ ︽ᠪᠡᠭᠡᠵᠢᠩ ᠠᠴᠠ ᠪᠠᠷᠠᠭᠤᠨᠰᠢ ᠨᠢᠬᠡ ᠠᠯᠬᠤᠮ᠂ ᠳᠠᠷᠤᠢ ᠤᠯᠠᠭᠠᠨᠴᠠᠪ᠂ ᠳᠥᠷᠪᠡᠨ ᠤᠯᠠᠷᠢᠯ ᠤᠨ ᠵᠢᠭᠤᠯᠴᠢᠯᠠᠯ ᠤᠨ ᠰᠠᠶᠢᠨ ᠭᠠᠵᠠᠷ︾ ᠰᠣᠶᠣᠯ ᠵᠢᠭᠤᠯᠴᠢᠯᠠᠯ ᠤᠨ ᠨᠠᠷᠠᠲᠤ ᠲᠡᠮᠳᠡᠭ ᠢ ᠪᠥᠬᠦ ᠲᠠᠯ᠎ᠠ ᠪᠠᠷ ᠭᠡᠷᠡᠯᠲᠦᠭᠦᠯᠵᠦ᠂ ᠤᠯᠠᠭᠠᠨᠴᠠᠪ ᠤᠨ ᠭᠠᠯᠲᠤ ᠠᠭᠤᠯᠠ᠂ ᠬᠦᠢᠲᠡᠨ ᠰᠢᠯᠢ ᠲᠠᠯ᠎ᠠ ᠨᠤᠲᠤᠭ ᠤᠨ ᠵᠢᠭᠤᠯᠴᠢᠯᠠᠯ ᠤᠨ ᠦᠵᠡᠮᠵᠢ ᠶᠢᠨ ᠣᠷᠣᠨ᠂ ︽ᠤᠯᠠᠭᠠᠨᠴᠠᠪ ᠤᠨ ᠰᠥᠨᠢ︾ ᠵᠡᠭᠡᠯᠢ ᠲᠣᠭᠤᠷᠢᠭ ᠵᠡᠷᠭᠡ ᠦᠵᠡᠮᠵᠢ ᠶᠢᠨ ᠣᠷᠣᠨ ᠢ ᠪᠡᠭᠡᠵᠢᠩ ᠲᠢᠶᠠᠨᠵᠢᠨ ᠾᠧᠪᠧᠶ ᠴᠢᠨᠠᠭᠰᠢᠯᠠᠪᠠᠯ ᠪᠥᠬᠦ ᠤᠯᠤᠰ ᠤᠨ ᠬᠠᠯᠠᠮᠰᠢᠯ ᠦᠵᠡᠮᠵᠢ ᠶᠢᠨ ᠣᠷᠣᠨ ᠪᠣᠯᠭᠠᠪᠠ᠃    ᠰᠤᠷᠪᠤᠯᠵᠢᠯᠠᠭ᠎ᠠ ᠶᠢᠨ ᠪᠣᠳᠠᠳᠤ ᠲᠡᠮᠳᠡᠭᠯᠡᠯ    7 ᠰᠠᠷ᠎ᠠ ᠶᠢᠨ 9 ᠤ ᠡᠳᠦᠷ᠂ ᠳᠤᠮᠳᠠᠳᠤ ᠤᠯᠤᠰ ᠤᠨ ᠬᠠᠶᠢᠯᠳᠠ ᠠᠴᠠ ᠭᠤᠤᠯᠯᠠᠨ ᠡᠷᠭᠢᠯᠡᠭᠰᠡᠨ ︽2024 ᠳᠤᠮᠳᠠᠳᠤ ᠤᠯᠤᠰ ᠢ ᠮᠠᠭᠳᠠᠨ ᠰᠠᠶᠢᠰᠢᠶᠠᠬᠤ ᠰᠠᠶᠢᠨ ᠥᠯᠢᠭᠡᠷ · ᠰᠢᠨ᠎ᠡ ᠶᠢ ᠡᠭᠦᠳᠬᠦ ᠶᠠᠷᠢᠶᠠᠨ ᠤ ᠲᠠᠪᠴᠠᠩ︾ ᠤᠨ ᠬᠤᠶᠠᠳᠤᠭᠠᠷ ᠬᠤᠭᠤᠴᠠᠭᠠᠨ ᠤ ᠠᠵᠢᠯᠯᠠᠭ᠎ᠠ ᠪᠡᠭᠡᠵᠢᠩ ᠳᠤ ᠶᠠᠪᠤᠭᠳᠠᠵᠤ᠂ ᠤᠯᠠᠭᠠᠨᠴᠠᠪ ᠬᠤᠲᠠ ᠶᠢᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠬᠤᠤ ᠸᠧᠨ ᠶᠤᠸᠠᠢ ᠶᠠᠷᠢᠶᠠᠨ ᠤ ᠲᠠᠪᠴᠠᠩ ᠳᠤ ᠣᠷᠣᠯᠴᠠᠪᠠ᠃ ᠬᠤᠤ ᠸᠧᠨ ᠶᠤᠸᠠᠢ ᠶᠠᠷᠢᠶᠠᠨ ᠤ ᠲᠠᠪᠴᠠᠩ ᠳᠡᠭᠡᠷ᠎ᠡ ︽ᠪᠡᠭᠡᠵᠢᠩ ᠠᠴᠠ ᠪᠠᠷᠠᠭᠤᠨᠰᠢ ᠨᠢᠬᠡ ᠠᠯᠬᠤᠮ᠂ ᠳᠠᠷᠤᠢ ᠤᠯᠠᠭᠠᠨᠴᠠᠪ᠂ ᠳᠥᠷᠪᠡᠨ ᠤᠯᠠᠷᠢᠯ ᠤᠨ ᠵᠢᠭᠤᠯᠴᠢᠯᠠᠯ ᠤᠨ ᠰᠠᠶᠢᠨ ᠭᠠᠵᠠᠷ ︾ ᠢᠶᠠᠷ ᠭᠤᠤᠯ ᠰᠡᠳᠦᠪ ᠪᠣᠯᠭᠠᠭᠰᠠᠨ ᠶᠠᠷᠢᠶ᠎ᠠ ᠲᠠᠯᠪᠢᠵᠤ᠂ ᠲᠤᠬᠠᠶ ᠶᠢᠨ ᠲᠠᠯᠠᠪᠠᠶ ᠳᠤ ᠤᠯᠠᠭᠠᠨᠴᠠᠪ ᠤᠨ ᠰᠣᠶᠣᠯ ᠵᠢᠭᠤᠯᠴᠢᠯᠠᠯ ᠤᠨ ᠡᠬᠢ ᠪᠠᠶᠠᠯᠢᠭ ᠢ ᠲᠠᠨᠢᠯᠴᠠᠭᠤᠯᠪᠠ᠃    ᠬᠤᠤ ᠸᠧᠨ ᠶᠤᠸᠠ᠄ ᠤᠯᠠᠭᠠᠨᠴᠠᠪ ᠥᠪᠥᠷ ᠮᠣᠩᠭᠤᠯ ᠤᠨ ᠪᠡᠭᠡᠵᠢᠩ ᠠᠴᠠ ᠬᠠᠮᠤᠭ ᠤᠨ ᠣᠶᠢᠷ᠎ᠠ ᠪᠠᠶᠢᠭ᠎ᠠ ᠭᠠᠵᠠᠷ ᠤᠨ ᠲᠠᠰ ᠤᠨ ᠬᠤᠲᠠ ᠪᠣᠯᠤᠭᠰᠠᠨ ᠤ ᠬᠤᠪᠢ ᠳᠤ᠂ ᠲᠡᠤᠬᠡ ᠶᠢᠨ ᠰᠠᠭᠤᠷᠢ ᠭᠦᠨ ᠵᠤᠵᠠᠭᠠᠨ᠂ ᠡᠬᠢ ᠪᠠᠶᠠᠯᠢᠭ ᠤᠨ ᠳᠠᠪᠠᠭᠤᠯᠢᠭ ᠥᠪᠡᠷᠮᠢᠴᠡ ᠣᠨᠴᠠᠯᠢᠭ ᠲᠠᠢ᠂ ᠤᠷᠢᠳ ᠬᠤᠵᠢᠳ ︽ᠳᠤᠮᠳᠠᠳᠤ ᠤᠯᠤᠰ ᠤᠨ ᠲᠠᠯ᠎ᠠ ᠨᠤᠲᠤᠭ ᠤᠨ ᠵᠤᠰᠠᠯᠠᠩ ᠤᠨ ᠲᠦᠪ︾᠂ ︽ᠳᠤᠮᠳᠠᠳᠤ ᠤᠯᠤᠰ ᠤᠨ ᠲᠥᠮᠥᠰᠤᠨ ᠤ ᠲᠦᠪ︾᠂ ︽ᠳᠤᠮᠳᠠᠳᠤ ᠤᠯᠤᠰ ᠤᠨ ᠲᠠᠯ᠎ᠠ ᠨᠤᠲᠤᠭ ᠤᠨ ᠡᠭᠡᠳᠡᠭᠰᠡᠨ ᠰᠦ ᠶᠢᠨ ᠬᠤᠲᠠ︾᠂ ︽ᠳᠤᠮᠳᠠᠳᠤ ᠤᠯᠤᠰ ᠤᠨ ᠨᠣᠬᠠᠶ ᠶᠢᠨ ᠬᠤᠰᠢᠭᠤ ᠶᠢᠨ ᠬᠤᠲᠠ︾ ᠵᠡᠷᠭᠡ ᠢᠷᠠᠭᠤ ᠠᠯᠳᠠᠷ ᠢ ᠭᠥᠷᠳᠡᠪᠡ᠃ ᠤᠯᠠᠭᠠᠨᠴᠠᠪ ᠤᠨ ᠰᠣᠶᠣᠯ ᠵᠢᠭᠤᠯᠴᠢᠯᠠᠯ ᠤᠨ ᠡᠬᠢ ᠪᠠᠶᠠᠯᠢᠭ ᠲᠤ᠂ ᠪᠥᠬᠦ ᠬᠤᠲᠠ ᠶᠢᠨ ᠬᠢᠯᠢ ᠳᠤᠳᠤᠷ᠎ᠡ ᠪᠠᠯᠠᠷ ᠡᠷᠲᠡᠨ ᠤ ᠦᠯᠡᠳᠡᠭᠳᠡᠯ᠂ ᠣᠶ ᠰᠢᠭᠤᠶ ᠨᠠᠭᠤᠷ ᠴᠥᠭᠦᠷᠥᠮ᠂ ᠬᠠᠯᠠᠭᠤᠨ ᠷᠠᠰᠢᠶᠠᠨ ᠤ ᠭᠠᠯᠲᠤ ᠠᠭᠤᠯᠠ᠂ ᠪᠥᠬᠦ ᠲᠥᠷᠥᠯ ᠤᠨ ᠨᠤᠲᠤᠭ ᠪᠡᠯᠴᠢᠭᠡᠷ ᠵᠡᠷᠭᠡ ᠡᠬᠢ ᠪᠠᠶᠠᠯᠢᠭ ᠪᠠᠶᠢᠨ᠎ᠠ᠃ ᠣᠶᠢᠷ᠎ᠠ ᠶᠢᠨ ᠵᠢᠯ ᠤᠳ ᠲᠤ ᠤᠯᠠᠭᠠᠨᠴᠠᠪ ᠬᠤᠲᠠ ᠥᠪᠡᠷᠮᠢᠴᠡ ᠣᠷᠣᠨ ᠪᠠᠶᠢᠷᠢ ᠶᠢᠨ ᠳᠠᠪᠠᠭᠤᠯᠢᠭ ᠪᠠ ᠠᠮᠢ ᠠᠬᠤᠶ ᠶᠢᠨ ᠨᠥᠬᠦᠴᠡᠯ ᠳᠤ ᠲᠦᠰᠢᠭᠯᠡᠨ᠂ ᠪᠡᠭᠡᠵᠢᠩ ᠤᠨ ᠰᠡᠯᠡᠭᠦᠴᠡᠯ ᠡᠷᠡᠭᠦᠯᠵᠢᠯ ᠤᠨ ︽ᠠᠷᠤ ᠳᠠᠯ᠎ᠠ ᠶᠢᠨ ᠴᠡᠴᠡᠷᠯᠢᠭ︾ ᠢ ᠪᠥᠬᠦ ᠬᠦᠴᠦᠨ ᠢᠶᠠᠷ ᠢᠶᠠᠨ ᠴᠣᠭᠴᠠᠯᠠᠵᠤ᠂ ︽ᠪᠡᠭᠡᠵᠢᠩ ᠠᠴᠠ ᠪᠠᠷᠠᠭᠤᠨᠰᠢ ᠨᠢᠬᠡ ᠠᠯᠬᠤᠮ᠂ ᠳᠠᠷᠤᠢ ᠤᠯᠠᠭᠠᠨᠴᠠᠪ᠂ ᠳᠥᠷᠪᠡᠨ ᠤᠯᠠᠷᠢᠯ ᠤᠨ ᠵᠢᠭᠤᠯᠴᠢᠯᠠᠯ ᠤᠨ ᠰᠠᠶᠢᠨ ᠭᠠᠵᠠᠷ︾ ᠰᠣᠶᠣᠯ ᠵᠢᠭᠤᠯᠴᠢᠯᠠᠯ ᠤᠨ ᠨᠠᠷᠠᠲᠤ ᠲᠡᠮᠳᠡᠭ ᠢ ᠪᠥᠬᠦ ᠲᠠᠯ᠎ᠠ ᠪᠠᠷ ᠭᠡᠷᠡᠯᠲᠦᠭᠦᠯᠵᠦ᠂ ᠤᠯᠠᠭᠠᠨᠴᠠᠪ ᠤᠨ ᠭᠠᠯᠲᠤ ᠠᠭᠤᠯᠠ᠂ ᠬᠦᠢᠲᠡᠨ ᠰᠢᠯᠢ ᠲᠠᠯ᠎ᠠ ᠨᠤᠲᠤᠭ ᠤᠨ ᠵᠢᠭᠤᠯᠴᠢᠯᠠᠯ ᠤᠨ ᠦᠵᠡᠮᠵᠢ ᠶᠢᠨ ᠣᠷᠣᠨ᠂ ︽ᠤᠯᠠᠭᠠᠨᠴᠠᠪ ᠤᠨ ᠰᠥᠨᠢ︾ ᠵᠡᠭᠡᠯᠢ ᠲᠣᠭᠤᠷᠢᠭ ᠵᠡᠷᠭᠡ ᠦᠵᠡᠮᠵᠢ ᠶᠢᠨ ᠣᠷᠣᠨ ᠢ ᠪᠡᠭᠡᠵᠢᠩ ᠲᠢᠶᠠᠨᠵᠢᠨ ᠾᠧᠪᠧᠶ ᠴᠢᠨᠠᠭᠰᠢᠯᠠᠪᠠᠯ ᠪᠥᠬᠦ ᠤᠯᠤᠰ ᠤᠨ ᠬᠠᠯᠠᠮᠰᠢᠯ ᠦᠵᠡᠮᠵᠢ ᠶᠢᠨ ᠣᠷᠣᠨ ᠪᠣᠯᠭᠠᠵᠤ᠂ ᠡᠨᠡ ᠵᠢᠯ ᠤᠨ ᠳᠡᠭᠡᠷ᠎ᠡ ᠬᠠᠭᠠᠰ ᠵᠢᠯ ᠳᠤ ᠮᠢᠩᠭᠠᠨ ᠲᠦᠮᠡᠨ ᠵᠤᠭᠠᠴᠠᠭᠰᠠᠳ ᠢ ᠲᠠᠲᠠᠪᠠ᠃    ᠬᠤᠤ ᠸᠧᠨ ᠶᠤᠸᠠ᠄ ᠤᠯᠠᠭᠠᠨᠴᠠᠪ ᠤᠨ ᠰᠣᠶᠣᠯ ᠵᠢᠭᠤᠯᠴᠢᠯᠠᠯ ᠤᠨ ᠠᠵᠤ ᠦᠢᠯᠡᠰ ᠨᠢᠭᠡᠨᠲᠡ ᠴᠢᠨᠠᠷ ᠰᠠᠶᠢᠲᠠᠶ ᠠᠭᠤᠰᠤᠯᠴᠠᠨ ᠬᠥᠭᠵᠢᠭᠰᠡᠨ ︽ᠲᠦᠷᠭᠡᠨ ᠵᠠᠮ︾ ᠳᠤ ᠣᠷᠣᠵᠤ᠂ ᠡᠨᠡ ᠵᠢᠯ ᠤᠨ ᠳᠡᠭᠡᠷ᠎ᠡ ᠬᠠᠭᠠᠰ ᠵᠢᠯ ᠳᠤ ᠭᠥᠯᠢᠶᠡᠨ ᠠᠪᠤᠭᠰᠠᠨ ᠬᠥᠮᠦᠨ ᠤ ᠲᠤᠭ᠎ᠠ ᠪᠠ ᠵᠢᠭᠤᠯᠴᠢᠯᠠᠭᠴᠢᠳ ᠤᠨ ᠵᠠᠷᠤᠯᠭ᠎ᠠ ᠶᠢᠨ ᠨᠡᠮᠡᠭᠳᠡᠯ ᠤᠨ ᠬᠡᠮᠵᠢᠶ᠎ᠡ ᠴᠥᠮ ᠪᠥᠬᠦ ᠣᠷᠣᠨ ᠤ ᠨᠢᠭᠡᠳᠦᠭᠡᠷ ᠲᠤ ᠣᠷᠣᠵᠤ᠂ ᠵᠢᠭᠤᠯᠴᠢᠯᠠᠯ ᠤᠨ ᠠᠷᠠᠳ ᠤᠨ ᠣᠷᠣᠨ ᠰᠠᠭᠤᠴᠠ᠂ ᠥᠪᠡᠰᠦᠪᠡᠨ ᠲᠡᠷᠭᠡ ᠵᠢᠯᠣᠭᠤᠳᠴᠤ ᠬᠡᠭᠡᠷ᠎ᠡ ᠪᠠᠭᠤᠳᠠᠯᠯᠠᠬᠤ᠂ ᠵᠡᠭᠡᠯᠢ ᠲᠣᠭᠤᠷᠢᠭ ᠤᠨ ᠰᠥᠨᠢ ᠶᠢᠨ ᠵᠢᠭᠤᠯᠴᠢᠯᠠᠯ᠂ ᠰᠣᠶᠣᠯ ᠵᠢᠭᠤᠯᠴᠢᠯᠠᠯ ᠤᠨ ᠲᠣᠭᠯᠠᠯᠲᠠ ᠵᠡᠷᠭᠡ ᠰᠣᠶᠣᠯ ᠵᠢᠭᠤᠯᠴᠢᠯᠠᠯ ᠤᠨ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠥᠷᠢᠰᠥᠯᠳᠦᠨ ᠢᠯᠡᠷᠡᠵᠦ᠂ ᠪᠥᠬᠦ ᠬᠤᠲᠠ ᠶᠢᠨ ᠠᠵᠤ ᠠᠬᠤᠶ ᠨᠡᠶᠢᠭᠡᠮ ᠤᠨ ᠬᠥᠭᠵᠢᠯᠲᠡ ᠶᠢ ᠪᠦᠲᠦᠮᠵᠢᠲᠡᠶ ᠠᠬᠢᠭᠤᠯᠪᠠ᠃    ᠬᠤᠤ ᠸᠧᠨ ᠶᠤᠸᠠᠢ᠄ ᠤᠯᠠᠭᠠᠨᠴᠠᠪ ᠲᠦᠷᠪᠡᠨ ᠳᠠᠯ᠎ᠠ ᠶᠢᠨ ᠵᠣᠴᠢᠳ ᠢ ᠬᠠᠯᠠᠭᠤᠨ ᠰᠡᠳᠬᠢᠯᠭᠡ ᠪᠠᠷ ᠤᠷᠢᠵᠤ᠂ ᠬᠠᠮᠤᠭ ᠤᠨ ᠭᠤᠶᠤ ᠤᠯᠠᠷᠢᠯ ᠳᠤ ᠬᠠᠮᠤᠭ ᠤᠨ ᠭᠤᠶᠤ ᠤᠯᠠᠭᠠᠨᠴᠠᠪ ᠲᠤ ᠢᠷᠡᠵᠤ᠂ ︽ᠳᠤᠮᠳᠠᠳᠤ ᠤᠯᠤᠰ ᠤᠨ ᠲᠠᠯ᠎ᠠ ᠨᠤᠲᠤᠭ ᠤᠨ ᠵᠤᠰᠠᠯᠠᠩ ᠤᠨ ᠲᠥᠪ︾ ᠤᠨ ᠥᠪᠡᠷᠮᠢᠴᠡ ᠷᠢᠳᠢ ᠰᠢᠳᠢ ᠶᠢ ᠪᠡᠶᠡᠴᠢᠯᠡᠨ ᠣᠶᠢᠯᠠᠭᠠᠭᠤᠯᠵᠤ᠂ ᠤᠯᠠᠭᠠᠨᠴᠠᠪ ᠤᠨ ᠰᠣᠶᠣᠯ ᠵᠢᠭᠤᠯᠴᠢᠯᠠᠯ ᠤᠨ ᠴᠢᠨᠠᠷ ᠰᠠᠶᠢᠲᠠᠢ ᠠᠭᠤᠰᠤᠯᠴᠠᠨ ᠬᠥᠭᠵᠢᠭᠰᠡᠨ ᠦᠷ᠎ᠡ ᠪᠦᠲᠦᠭᠡᠯ ᠢ ᠪᠡᠶ᠎ᠡ ᠪᠠᠷ ᠢᠶᠠᠨ ᠮᠡᠳᠡᠷᠡᠭᠦᠯᠵᠦ᠂ ᠬᠠᠮᠲᠤᠪᠠᠷ ᠵᠤᠭᠠᠴᠠᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠳᠤ ᠯᠠᠪᠳᠠᠭᠤᠨ ᠢᠶᠠᠷ ᠬᠤᠯᠠ ᠠᠶᠠᠯᠠᠬᠤ ᠳᠤ ᠬᠦᠴᠦᠨ ᠨᠡᠮᠡᠷᠢᠯᠡᠨ᠎ᠡ᠃    ︽2024 ᠳᠤᠮᠳᠠᠳᠤ ᠤᠯᠤᠰ ᠢ ᠮᠠᠭᠳᠠᠨ ᠰᠠᠶᠢᠰᠢᠶᠠᠬᠤ ᠰᠠᠶᠢᠨ ᠥᠯᠢᠭᠡᠷ · ᠰᠢᠨ᠎ᠡ ᠶᠢ ᠡᠭᠦᠳᠬᠦ ᠶᠠᠷᠢᠶᠠᠨ ᠤ ᠲᠠᠪᠴᠠᠩ︾ ᠢ ᠳᠤᠮᠳᠠᠳᠤ ᠤᠯᠤᠰ ᠤᠨ ᠬᠠᠶᠢᠯᠳᠡ ᠠᠴᠠ ᠭᠤᠤᠯᠯᠠᠨ ᠡᠷᠬᠢᠯᠡᠵᠦ᠂ ᠳᠤᠮᠳᠠᠳᠤ ᠤᠯᠤᠰ ᠤᠨ ᠠᠵᠢᠯᠲᠠᠨ ᠤ ᠮᠡᠷᠭᠡᠵᠢᠯ ᠤᠨ ᠨᠡᠶᠢᠭᠡᠮᠯᠢᠭ᠂ ᠪᠡᠭᠡᠵᠢᠩ ᠬᠤᠲᠠ ᠶᠢᠨ ᠰᠢᠴᠧᠩ ᠲᠣᠭᠤᠷᠢᠭ ᠤᠨ ᠬᠤᠲᠠ ᠶᠢᠨ ᠰᠢᠨᠡᠴᠢᠯᠡᠯᠲᠡ ᠶᠢᠨ ᠠᠵᠤ ᠠᠬᠤᠶᠢᠯᠠᠯ ᠤᠨ ᠬᠤᠯᠪᠣᠭᠠᠲᠤ ᠬᠤᠷᠠᠯ᠂ ᠵᠦᠩ ᠭᠤᠸᠠᠨ ᠼᠦᠨ ᠤ ᠲᠣᠭᠠᠴᠢᠯᠠᠭᠰᠠᠨ ᠵᠠᠭᠤᠴᠢᠯᠠᠭᠤᠷ ᠤᠨ ᠠᠵᠤ ᠦᠢᠯᠡᠰ ᠤᠨ ᠬᠤᠯᠪᠣᠭ᠎ᠠ ᠬᠠᠮᠲᠤ ᠪᠠᠷ ᠬᠠᠮᠵᠢᠯᠴᠠᠨ ᠡᠷᠬᠢᠯᠡᠪᠡ᠃ ᠵᠠᠰᠠᠭ ᠤᠨ ᠣᠷᠳᠣᠨ ᠤ ᠰᠠᠯᠠᠭ᠎ᠠ ᠮᠥᠴᠢᠷ᠂ ᠶᠡᠭᠡ ᠳᠡᠭᠡᠳᠦ ᠰᠤᠷᠭᠠᠭᠤᠯᠢ᠂ ᠠᠵᠤ ᠠᠬᠤᠶᠢᠯᠠᠯ᠂ ᠰᠤᠳᠤᠯᠭᠠᠨ ᠤ ᠪᠠᠶᠢᠭᠤᠯᠤᠮᠵᠢ ᠵᠢᠴᠢ ᠠᠵᠢᠯ ᠲᠥᠷᠥᠯ ᠤᠨ ᠨᠡᠶᠢᠭᠡᠮᠯᠢᠭ ᠤᠨ ᠬᠦᠨᠳᠦᠲᠦ ᠵᠣᠴᠢᠳ ︽2024 ᠳᠤᠮᠳᠠᠳᠤ ᠤᠯᠤᠰ ᠢ ᠮᠠᠭᠳᠠᠨ ᠰᠠᠶᠢᠰᠢᠶᠠᠬᠤ ᠰᠠᠶᠢᠨ ᠥᠯᠢᠭᠡᠷ︾ ᠭᠡᠬᠦ ᠪᠥᠬᠦ ᠤᠯᠤᠰ ᠤᠨ ᠬᠡᠷᠡᠭ ᠤᠨ ᠵᠢᠱᠢᠶ᠎ᠡ ᠶᠢ ᠴᠤᠭᠯᠠᠭᠤᠯᠬᠤ ᠠᠵᠢᠯᠯᠠᠭ᠎ᠠ ᠪᠠᠷ ᠠᠵᠠ ᠲᠣᠬᠢᠶᠠᠯ ᠪᠣᠯᠭᠠᠵᠤ᠂ ᠪᠤᠳᠤᠭᠰᠠᠨ ᠢᠶᠠᠨ ᠠᠭᠤᠵᠢᠷᠠᠲᠠᠯ᠎ᠠ ᠶᠠᠷᠢᠵᠤ᠂ ᠭᠦᠨᠵᠡᠭᠡᠶ ᠰᠤᠳᠤᠯᠤᠨ ᠶᠠᠷᠢᠯᠴᠠᠵᠤ᠂ ᠬᠠᠷᠢᠯᠴᠠᠨ ᠰᠤᠷᠤᠯᠴᠠᠵᠤ ᠬᠠᠷᠢᠯᠴᠠᠨ ᠲᠣᠯᠢ ᠪᠣᠯᠭᠠᠵᠤ᠂ ᠭᠠᠷ ᠬᠤᠯᠪᠣᠨ ᠬᠠᠮᠲᠤ ᠪᠠᠷ ᠤᠷᠤᠭᠰᠢᠯᠠᠪᠠ᠃                              ᠵᠤᠬᠢᠶᠠᠭᠴᠢ᠄ ᠵᠧᠩ ᡁᠢ ᠪᠢᠨ                              ᠤᠷᠴᠢᠭᠤᠯᠤᠭᠴᠢ᠄ ᠬᠦᠰᠡᠯ                              ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2