︽ᠤᠯᠠᠭᠠᠨᠴᠠᠪ ᠬᠤᠲᠠ ᠶᠢᠨ ᠲᠥᠰᠦᠪ ᠢ ᠲᠣᠭᠲᠠᠪᠤᠷᠢᠵᠢᠭᠤᠯᠤᠨ ᠲᠤᠬᠢᠷᠠᠭᠤᠯᠬᠤ ᠰᠠᠭᠤᠷᠢ ᠮᠥᠩᠭᠦ ᠶᠢᠨ ᠬᠠᠮᠢᠶᠠᠷᠤᠯᠲᠠ ᠶᠢᠨ ᠠᠷᠭ᠎ᠠ︾ ᠶᠢᠨ ᠲᠤᠬᠠᠶ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2024/7/12
   ᠪᠥᠬᠦ ᠲᠠᠯ᠎ᠠ ᠪᠠᠷ ᠵᠢᠷᠤᠮᠵᠢᠭᠤᠨ ᠪᠥᠭᠡᠳ ᠢᠯᠡ ᠲᠣᠳᠣ᠂ ᠪᠠᠷᠢᠮᠵᠢᠶ᠎ᠠ ᠨᠢ ᠰᠢᠨᠵᠢᠯᠡᠬᠦ ᠤᠬᠠᠭᠠᠨᠴᠢ᠂ ᠬᠢᠵᠠᠭᠠᠷᠯᠠᠯ ᠨᠢ ᠬᠦᠴᠦᠲᠡᠶ ᠲᠥᠰᠦᠪ ᠤᠨ ᠲᠦᠷᠢᠮ ᠢ ᠪᠠᠶᠢᠭᠤᠯᠵᠤ᠂ ᠲᠥᠰᠦᠪ ᠢ ᠲᠣᠭᠲᠠᠪᠤᠷᠢᠵᠢᠭᠤᠯᠤᠨ ᠲᠤᠬᠢᠷᠠᠭᠤᠯᠬᠤ ᠰᠠᠭᠤᠷᠢ ᠮᠥᠩᠭᠦ ᠶᠢᠨ ᠬᠡᠷᠡᠭᠯᠡᠯᠲᠡ ᠶᠢᠨ ᠦᠷ᠎ᠡ ᠠᠰᠢᠭ ᠢ ᠭᠦᠢᠴᠡᠳ ᠪᠠᠳᠠᠷᠠᠭᠤᠯᠬᠤ ᠶᠢᠨ ᠲᠥᠯᠥᠭᠡ᠂ ︽ᠤᠯᠠᠭᠠᠨᠴᠠᠪ ᠬᠤᠲᠠ ᠶᠢᠨ ᠲᠥᠰᠦᠪ ᠢ ᠲᠣᠭᠲᠠᠪᠤᠷᠢᠵᠢᠭᠤᠯᠤᠨ ᠲᠤᠬᠢᠷᠠᠭᠤᠯᠬᠤ ᠰᠠᠭᠤᠷᠢ ᠮᠥᠩᠭᠦ ᠶᠢᠨ ᠬᠠᠮᠢᠶᠠᠷᠤᠯᠲᠠ ᠶᠢᠨ ᠠᠷᠭ᠎ᠠ︾ ᠶᠢ ᠲᠣᠭᠲᠠᠭᠠᠪᠠ᠃ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ᠂ ᠨᠢᠭᠡᠴᠢ ᠶᠢᠨ ᠬᠠᠮᠢᠶ᠎ᠠ ᠪᠥᠬᠦᠶ ᠠᠭᠤᠯᠭ᠎ᠠ ᠶᠢ ᠨᠠᠩ ᠰᠠᠶᠢᠨ ᠣᠶᠢᠯᠠᠭᠠᠬᠤ ᠳᠤ ᠲᠥᠬᠦᠮ ᠦᠵᠡᠭᠦᠯᠵᠦ᠂ ᠲᠤᠭᠤᠰᠢᠯᠠᠭᠤᠯᠤᠨ ᠬᠡᠷᠡᠭᠵᠢᠭᠦᠯᠬᠦ ᠠᠵᠢᠯ ᠢ ᠦᠨᠡᠨ ᠬᠦ ᠰᠠᠶᠢᠲᠤᠷ ᠬᠢᠬᠦ ᠶᠢᠨ ᠲᠥᠯᠥᠭᠡ᠂ ᠡᠳᠦᠭᠡ ᠳᠣᠤᠷᠠᠬᠢ ᠮᠡᠲᠦ ᠲᠠᠶᠢᠯᠤᠮᠵᠢ ᠬᠢᠶ᠎ᠠ᠄ᠨᠢᠭᠡ᠂ ᠲᠤᠭᠤᠷᠪᠢᠭᠰᠠᠨ ᠠᠬᠤᠶ ᠪᠠᠶᠢᠳᠠᠯ    ᠪᠦᠬᠦ ᠲᠠᠯ᠎ᠠ ᠪᠠᠷ ᠵᠢᠷᠤᠮᠵᠢᠭᠤᠨ ᠪᠥᠭᠡᠳ ᠢᠯᠡ ᠲᠣᠳᠣ᠂ ᠪᠠᠷᠢᠮᠵᠢᠶᠠᠵᠢᠭᠰᠠᠨ ᠰᠢᠨᠵᠢᠯᠡᠬᠦ ᠤᠬᠠᠭᠠᠨᠴᠢ᠂ ᠬᠦᠴᠦᠲᠡᠶ ᠬᠢᠵᠠᠭᠠᠷᠯᠠᠯ ᠲᠠᠢ ᠲᠥᠰᠦᠪ ᠤᠨ ᠳᠦᠷᠢᠮ ᠢ ᠪᠠᠶᠢᠭᠤᠯᠵᠤ᠂ ᠤᠨ ᠠᠯᠤᠰᠯᠠᠭᠰᠠᠨ ᠲᠥᠰᠦᠪ ᠤᠨ ᠲᠡᠩᠴᠡᠭᠦᠷᠢ ᠶᠢᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠪᠠ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠢ ᠲᠤᠭᠤᠰᠢᠯᠠᠭᠤᠯᠬᠤ ᠲᠦᠰᠦᠪ ᠤᠨ ᠪᠠᠲᠤᠯᠠᠭ᠎ᠠ ᠶᠢᠨ ᠴᠢᠳᠠᠪᠤᠷᠢ ᠶᠢ ᠴᠢᠩᠭᠠᠳᠬᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠯᠭᠠᠬᠤ ᠠᠵᠢᠯ ᠤᠨ ᠭᠤᠤᠯ ᠰᠢᠵᠢᠮ ᠢ ᠪᠠᠲᠤ ᠡᠵᠡᠮᠳᠡᠵᠦ᠂ ᠲᠥᠰᠦᠪ ᠢ ᠲᠣᠭᠲᠠᠪᠤᠷᠢᠵᠢᠭᠤᠯᠤᠨ ᠲᠤᠬᠢᠷᠠᠭᠤᠯᠬᠤ ᠰᠠᠭᠤᠷᠢ ᠮᠥᠩᠭᠦ ᠶᠢ ᠪᠠᠶᠢᠷᠢᠯᠠᠭᠤᠯᠬᠤ᠂ ᠲᠣᠬᠢᠷᠠᠭᠤᠯᠬᠤ ᠪᠠ ᠬᠡᠷᠡᠭᠯᠡᠬᠦ ᠶᠢ ᠵᠢᠷᠤᠮᠵᠢᠭᠤᠯᠬᠤ ᠶᠢᠨ ᠲᠥᠯᠥᠭᠡ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠥᠰᠦᠪ ᠤᠨ ᠬᠠᠤᠯᠢ︾ ᠵᠢᠴᠢ ᠬᠡᠷᠡᠭᠵᠢᠭᠦᠯᠬᠦ ᠳᠦᠷᠢᠮ ᠵᠡᠷᠭᠡ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ᠂ ᠮᠠᠨ ᠤ ᠬᠤᠲᠠ ᠶᠢᠨ ᠪᠣᠳᠠᠲᠠᠶ ᠲᠠᠢ ᠪᠠᠨ ᠤᠶᠠᠯᠳᠤᠭᠤᠯᠵᠤ᠂ ︽ᠤᠯᠠᠭᠠᠨᠴᠠᠪ ᠬᠤᠲᠠ ᠶᠢᠨ ᠲᠥᠰᠦᠪ ᠢ ᠲᠣᠭᠲᠠᠪᠤᠷᠢᠵᠢᠭᠤᠯᠤᠨ ᠲᠤᠬᠢᠷᠠᠭᠤᠯᠬᠤ ᠰᠠᠭᠤᠷᠢ ᠮᠥᠩᠭᠦ ᠶᠢᠨ ᠬᠠᠮᠢᠶᠠᠷᠤᠯᠲᠠ ᠶᠢᠨ ᠠᠷᠭ᠎ᠠ︾ ᠶᠢ ᠨᠡᠶᠢᠲᠡᠯᠡᠪᠡ᠃ᠬᠤᠶᠠᠷ᠂ ᠲᠣᠭᠲᠠᠭᠠᠭᠰᠠᠨ ᠦᠨᠳᠦᠰᠦᠯᠡᠯ    ︽ᠤᠯᠠᠭᠠᠨᠴᠠᠪ ᠬᠤᠲᠠ ᠶᠢᠨ ᠲᠥᠰᠦᠪ ᠢ ᠲᠣᠭᠲᠠᠪᠤᠷᠢᠵᠢᠭᠤᠯᠤᠨ ᠲᠤᠬᠢᠷᠠᠭᠤᠯᠬᠤ ᠰᠠᠭᠤᠷᠢ ᠮᠥᠩᠭᠦ ᠶᠢᠨ ᠬᠠᠮᠢᠶᠠᠷᠤᠯᠲᠠ ᠶᠢᠨ ᠠᠷᠭ᠎ᠠ︾ ᠪᠣᠯ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠥᠰᠦᠪ ᠤᠨ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠥᠰᠦᠪ ᠤᠨ ᠬᠠᠤᠯᠢ ᠶᠢ ᠬᠡᠷᠡᠭᠵᠢᠭᠦᠯᠬᠦ ᠳᠦᠷᠢᠮ︾ ᠢ ᠦᠨᠳᠦᠰᠦᠯᠡᠨ᠂ ᠬᠤᠲᠠ ᠶᠢᠨ ᠲᠣᠰ ᠱᠠᠲᠤᠨ ᠤ ᠲᠥᠰᠦᠪ ᠤᠨ ᠬᠠᠮᠢᠶᠠᠷᠤᠯᠲᠠ ᠶᠢᠨ ᠠᠵᠢᠯ ᠤᠨ ᠪᠣᠳᠠᠲᠠᠶ ᠪᠠᠶᠢᠳᠠᠯ ᠲᠠᠢ ᠪᠠᠨ ᠤᠶᠠᠯᠳᠤᠭᠤᠯᠤᠨ ᠲᠤᠭᠤᠷᠪᠢᠨ ᠲᠣᠭᠲᠠᠭᠠᠵᠤ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠵᠣᠷᠢᠭ ᠰᠠᠨᠠᠭ᠎ᠠ ᠲᠠᠢ ᠨᠡᠶᠢᠴᠡᠵᠦ᠂ ᠭᠠᠵᠠᠷ ᠣᠷᠣᠨ ᠤ ᠪᠣᠳᠠᠲᠤ ᠪᠠᠶᠢᠳᠠᠯ ᠲᠠᠢ ᠨᠡᠶᠢᠴᠡᠨ᠎ᠡ᠃ᠭᠤᠷᠪᠠ᠂ ᠭᠤᠣᠯ ᠠᠭᠤᠯᠭ᠎ᠠ    ︽ᠤᠯᠠᠭᠠᠨᠴᠠᠪ ᠬᠤᠲᠠ ᠶᠢᠨ ᠲᠥᠰᠦᠪ ᠢ ᠲᠣᠭᠲᠠᠪᠤᠷᠢᠵᠢᠭᠤᠯᠤᠨ ᠲᠤᠬᠢᠷᠠᠭᠤᠯᠬᠤ ᠰᠠᠭᠤᠷᠢ ᠮᠥᠩᠭᠦ ᠶᠢᠨ ᠬᠠᠮᠢᠶᠠᠷᠤᠯᠲᠠ ᠶᠢᠨ ᠠᠷᠭ᠎ᠠ︾ ᠶᠢᠨ ᠠᠭᠤᠯᠭ᠎ᠠ ᠶᠢ ᠶᠡᠷᠦᠩᠬᠡᠶ ᠳᠡᠭᠡᠨ ᠲᠠᠪᠤᠨ ᠬᠡᠰᠡᠭ ᠬᠤᠪᠢᠶᠠᠪᠠ᠃    ᠨᠢᠭᠡᠳᠦᠭᠡᠷ ᠬᠡᠰᠡᠭ᠂ ᠶᠡᠷᠦᠩᠬᠡᠶ ᠳᠦᠷᠢᠮ᠃ ᠲᠤᠰ ᠬᠡᠰᠡᠭ ᠲᠤ᠂ ᠲᠥᠰᠥᠪ ᠢ ᠲᠣᠭᠲᠠᠪᠤᠷᠢᠵᠢᠭᠤᠯᠤᠨ ᠲᠤᠬᠢᠷᠠᠭᠤᠯᠬᠤ ᠰᠠᠭᠤᠷᠢ ᠮᠦᠩᠭᠦ ᠶᠢ ᠪᠠᠶᠢᠭᠤᠯᠬᠤ ᠵᠣᠷᠢᠯᠭ᠎ᠠ ᠪᠣᠯᠣᠨ ᠲᠤᠰ ᠰᠠᠭᠤᠷᠢ ᠮᠦᠩᠭᠦ ᠶᠢᠨ ᠬᠡᠷᠡᠭᠴᠡᠭᠡ ᠵᠢᠴᠢ ᠲᠥᠰᠥᠪ ᠢ ᠲᠣᠭᠲᠠᠪᠤᠷᠢᠵᠢᠭᠤᠯᠤᠨ ᠲᠤᠬᠢᠷᠠᠭᠤᠯᠬᠤ ᠰᠠᠭᠤᠷᠢ ᠮᠦᠩᠭᠦ ᠶᠢ ᠪᠠᠶᠢᠷᠢᠯᠠᠭᠤᠯᠬᠤ᠂ ᠲᠣᠬᠢᠷᠠᠭᠤᠯᠬᠤ ᠪᠠ ᠬᠡᠷᠡᠭᠯᠡᠬᠦ ᠦᠶ᠎ᠡ ᠳᠤ᠂ ᠭᠦᠢᠴᠡᠳᠬᠡᠬᠦ ᠶᠣᠰᠣᠲᠠᠢ ᠶᠠᠪᠤᠴᠠ ᠶᠢ ᠳᠠᠶᠢᠯᠪᠤᠷᠢᠯᠠᠪᠠ᠃    ᠬᠤᠶᠠᠳᠤᠭᠠᠷ ᠬᠡᠰᠡᠭ᠂ ᠲᠥᠰᠦᠪ ᠢ ᠲᠣᠭᠲᠠᠪᠤᠷᠢᠵᠢᠭᠤᠯᠤᠨ ᠲᠤᠬᠢᠷᠠᠭᠤᠯᠬᠤ ᠰᠠᠭᠤᠷᠢ ᠮᠥᠩᠭᠦ ᠶᠢᠨ ᠡᠯ᠎ᠡ ᠲᠦᠷᠦᠯ ᠤᠨ ᠪᠡᠯᠡ ᠮᠥᠩᠭᠦ ᠶᠢ ᠲᠣᠭᠲᠠᠭᠠᠪᠠ᠄ ① ᠡᠩ ᠤᠨ ᠤᠯᠠᠨ ᠨᠡᠶᠢᠲᠡ ᠶᠢᠨ ᠲᠥᠰᠦᠪ ᠤᠨ ᠳᠠᠪᠠᠭᠤᠯᠤᠨ ᠬᠤᠷᠢᠶᠠᠭᠰᠠᠨ ᠣᠷᠣᠯᠭ᠎ᠠ᠂ ᠦᠯᠡᠳᠡᠪᠦᠷᠢ ᠪᠡᠯᠡ ᠮᠥᠩᠭᠦ ᠵᠢᠴᠢ ᠬᠤᠶᠠᠷ ᠵᠢᠯ ᠳ᠋ᠦᠩᠨᠡᠨ ᠰᠢᠯᠵᠢᠭᠦᠯᠦᠭᠡᠳ ᠮᠥᠨ ᠬᠡᠷᠡᠭᠯᠡᠵᠦ ᠳᠠᠭᠤᠰᠤᠭᠠᠳᠤᠢ ᠪᠡᠯᠡ ᠮᠥᠩᠭᠦ᠃ ② ᠵᠠᠰᠠᠭ ᠤᠨ ᠣᠷᠳᠣᠨ ᠤ ᠴᠢᠨᠠᠷᠲᠠᠢ ᠰᠠᠭᠤᠷᠢ ᠮᠥᠩᠭᠦ ᠶᠢᠨ ᠲᠥᠰᠥᠪ ᠤᠨ ᠣᠷᠣᠯᠭ᠎ᠠ ᠶᠢᠨ ᠳ᠋ᠦᠩᠨᠡᠨ ᠰᠢᠯᠵᠢᠭᠦᠯᠦᠭᠰᠡᠨ ᠬᠡᠮᠵᠢᠶ᠎ᠡ ᠨᠢ ᠲᠤᠰ ᠵᠦᠢᠯ ᠤᠨ ᠰᠠᠭᠤᠷᠢ ᠮᠥᠩᠭᠦ ᠶᠢᠨ ᠲᠤᠬᠠᠢ ᠶᠢᠨ ᠵᠢᠯ ᠤᠨ ᠣᠷᠣᠯᠭ᠎ᠠ ᠶᠢᠨ 30% ᠠᠴᠠ ᠳᠠᠪᠠᠭᠰᠠᠨ ᠬᠡᠰᠡᠭ᠂ ᠬᠤᠶᠠᠷ ᠵᠢᠯ ᠳ᠋ᠦᠩᠨᠡᠨ ᠰᠢᠯᠵᠢᠭᠦᠯᠦᠭᠡᠳ ᠮᠥᠨ ᠬᠡᠷᠡᠭᠯᠡᠵᠦ ᠳᠠᠭᠤᠰᠤᠭᠠᠳᠤᠢ ᠪᠡᠯᠡ ᠮᠥᠩᠭᠦ᠃ ③ᠤᠯᠤᠰ ᠤᠨ ᠥᠮᠴᠢᠯᠡᠯ ᠤᠨ ᠬᠥᠷᠥᠩᠭᠡ ᠶᠢᠨ ᠡᠵᠡᠩᠨᠡᠯᠲᠡ ᠶᠢᠨ ᠲᠥᠰᠦᠪ ᠤᠨ ᠣᠷᠣᠯᠭ᠎ᠠ ᠪᠠᠷ ᠵᠠᠷᠤᠯᠭ᠎ᠠ ᠶᠢ ᠲᠣᠬᠢᠷᠠᠭᠤᠯᠤᠭᠰᠠᠨ ᠤ ᠳᠠᠷᠠᠭᠠᠬᠢ ᠦᠯᠡᠳᠡᠪᠦᠷᠢ ᠪᠡᠯᠡ ᠮᠥᠩᠭᠦ ᠪᠤᠶᠤ ᠵᠠᠷᠤᠯᠭ᠎ᠠ ᠶᠢ ᠲᠣᠬᠢᠷᠠᠭᠤᠯᠤᠭ᠎ᠠ ᠦᠭᠡᠢ ᠪᠡᠯᠡ ᠮᠥᠩᠭᠦ᠃ ④ ᠣᠯᠠᠨ ᠨᠡᠶᠢᠲᠡ ᠶᠢᠨ ᠲᠥᠰᠥᠪ ᠲᠤ ᠬᠡᠷᠡᠭᠯᠡᠬᠦ ᠦᠭᠡᠢ ᠰᠤᠯᠠ ᠲᠠᠯᠪᠢᠭᠰᠠᠨ ᠲᠥᠰᠥᠪ ᠤᠨ ᠡᠷᠭᠢᠯᠲᠡ ᠶᠢᠨ ᠮᠥᠩᠭᠦ᠃    ᠭᠤᠷᠪᠠᠳᠤᠭᠠᠷ ᠬᠡᠰᠡᠭ᠂ ᠲᠥᠰᠦᠪ ᠢ ᠲᠣᠭᠲᠠᠪᠤᠷᠢᠵᠢᠭᠤᠯᠤᠨ ᠲᠤᠬᠢᠷᠠᠭᠤᠯᠬᠤ ᠰᠠᠭᠤᠷᠢ ᠮᠥᠩᠭᠦ ᠶᠢ ᠬᠡᠷᠡᠭᠯᠡᠵᠦ ᠪᠣᠯᠬᠤ ᠬᠤᠶᠠᠷ ᠵᠦᠢᠯ ᠤᠨ ᠪᠠᠶᠢᠳᠠᠯ ᠢ ᠲᠣᠭᠲᠠᠭᠠᠪᠠ᠄ ① ᠵᠢᠯ ᠤᠨ ᠡᠬᠢᠨ ᠳᠤ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠵᠠᠷᠤᠯᠭ᠎ᠠ ᠶᠢᠨ ᠡᠩ ᠤᠨ ᠳᠤᠲᠠᠭᠤᠳᠠᠯ ᠢ ᠨᠥᠬᠦᠪᠥᠷᠢᠯᠡᠬᠦ ᠦᠶᠡᠰ ᠬᠡᠷᠡᠭᠯᠡᠨ᠎ᠡ᠃ ② ᠡᠩ ᠤᠨ ᠣᠯᠠᠨ ᠨᠡᠶᠢᠲᠡ ᠶᠢᠨ ᠲᠥᠰᠥᠪ ᠢ ᠬᠡᠷᠡᠭᠵᠢᠭᠦᠯᠬᠦ ᠶᠠᠪᠤᠴᠠ ᠳᠤᠮᠳᠠ᠂ ᠣᠷᠣᠯᠭ᠎ᠠ ᠪᠠᠭ᠎ᠠ ᠪᠠ ᠵᠠᠷᠤᠯᠭ᠎ᠠ ᠶᠢ ᠨᠡᠮᠡᠭᠳᠡᠭᠦᠯᠬᠦ ᠵᠡᠷᠭᠡ ᠠᠴᠠ ᠪᠣᠯᠵᠤ ᠣᠷᠣᠯᠭ᠎ᠠ ᠵᠠᠷᠤᠯᠭ᠎ᠠ ᠶᠢᠨ ᠳᠤᠲᠠᠭᠤᠳᠠᠯ ᠢ ᠲᠥᠰᠥᠪ ᠢ ᠲᠣᠭᠲᠠᠪᠤᠷᠢᠵᠢᠭᠤᠯᠤᠨ ᠲᠤᠬᠢᠷᠠᠭᠤᠯᠬᠤ ᠰᠠᠭᠤᠷᠢ ᠮᠥᠩᠭᠦ ᠶᠢ  ᠵᠠᠷᠤᠬᠤ ᠴᠢᠬᠤᠯᠠᠲᠠᠢ ᠦᠶᠡᠰ ᠬᠡᠷᠡᠭᠯᠡᠨ᠎ᠡ᠃    ᠳᠥᠷᠪᠡᠳᠦᠭᠡᠷ ᠬᠡᠰᠡᠭ᠂ ᠲᠥᠰᠦᠪ ᠢ ᠲᠣᠭᠲᠠᠪᠤᠷᠢᠵᠢᠭᠤᠯᠤᠨ ᠲᠤᠬᠢᠷᠠᠭᠤᠯᠬᠤ ᠰᠠᠭᠤᠷᠢ ᠮᠥᠩᠭᠦ ᠪᠠᠶᠢᠭᠤᠯᠬᠤ᠂ ᠲᠣᠬᠢᠷᠠᠭᠤᠯᠬᠤ ᠪᠠ ᠬᠡᠷᠡᠭᠯᠡᠬᠦ ᠦᠶᠡᠰ ᠤᠨ ᠬᠢᠴᠢᠶᠡᠯ ᠲᠥᠷᠥᠯ ᠵᠢᠴᠢ ᠳᠠᠩᠰᠠ ᠬᠠᠷ᠎ᠠ ᠶᠢ ᠰᠢᠢᠳᠪᠦᠷᠢᠯᠡᠬᠦ ᠠᠷᠭ᠎ᠠ ᠮᠠᠶ᠋ᠢᠭ ᠢ ᠲᠣᠭᠲᠠᠭᠠᠪᠠ᠃    ᠲᠠᠪᠤᠳᠤᠭᠠᠷ ᠬᠡᠰᠡᠭ᠂ ᠳᠠᠭᠠᠯᠳᠤᠭᠤᠯᠤᠯ ᠳᠦᠷᠢᠮ᠃ ᠲᠣᠰ ᠠᠷᠭ᠎ᠠ ᠶᠢ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠠᠴᠠ ᠬᠠᠷᠢᠭᠤᠴᠠᠨ ᠲᠠᠶᠢᠯᠪᠤᠷᠢᠯᠠᠨ᠎ᠠ᠃ ᠤᠤᠯ ᠤᠨ ︽ᠤᠯᠠᠭᠠᠨᠴᠠᠪ ᠬᠤᠲᠠ ᠶᠢᠨ ᠲᠥᠰᠦᠪ ᠢ ᠲᠣᠭᠲᠠᠪᠤᠷᠢᠵᠢᠭᠤᠯᠤᠨ ᠲᠤᠬᠢᠷᠠᠭᠤᠯᠬᠤ ᠰᠠᠭᠤᠷᠢ ᠮᠥᠩᠭᠦ ᠶᠢᠨ ᠬᠠᠮᠢᠶᠠᠷᠤᠯᠲᠠ ᠶᠢᠨ ᠠᠷᠭ᠎ᠠ︾ ︵ᠤᠯᠠᠭᠠᠨᠴᠠᠪ ᠵᠠᠰᠠᠭ ᠠᠯᠪᠠᠨ ᠲᠠᠷᠬᠠᠭᠠᠭᠰᠠᠨ ︹2016︺ 56 ᠳ᠋ᠤᠭᠠᠷ ᠲᠣᠭᠠᠲᠤ︶ ᠶᠢ ᠬᠦᠴᠦᠨ ᠥᠬᠡᠶ ᠪᠣᠯᠭᠠᠨ᠎ᠠ᠃                                   ᠤᠯᠠᠭᠠᠨᠴᠠᠪ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ                                        2024 ᠣᠨ ᠤ 6 ᠰᠠᠷ᠎ᠠ ᠶᠢᠨ 27 ᠤ ᠡᠳᠦᠷ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠣᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2