ᠬᠤᠳᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ᠂ ᠬᠤᠳᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠬᠠᠮᠲᠤ ᠶᠢᠨ ᠰᠤᠷᠤᠯᠴᠠᠯᠭ᠎ᠠ ᠬᠤᠷᠠᠯᠳᠤᠪᠠ
ᠨᠡᠶᠢᠲᠡᠯᠡᠭᠰᠡᠨ ᠴᠠᠭ᠄
2024/7/15
    7 ᠰᠠᠷ᠎ᠠ ᠶᠢᠨ 12 ᠤᠨ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ᠂ ᠬᠤᠲᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠴᠢ ᠹᠸᠢ ᠶᠦᠨ ᠬᠤᠲᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶ᠎ᠠ᠂ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠵᠤ᠂ ᠪᠥᠬᠦ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ︽ᠪᠦᠰᠡᠯᠡᠯᠲᠡ ᠶᠢ ᠰᠢᠪᠲᠤᠯᠬᠤ︾ ᠢᠨᠵᠧᠨᠧᠷᠢᠩ ᠢ ᠬᠡᠷᠡᠭᠵᠢᠭᠦᠯᠦᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠠᠮᠢᠶ᠎ᠠ ᠪᠥᠬᠦᠶ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃     ᠬᠤᠷᠠᠯ ᠠᠴᠠ᠂ ᠰᠢᠨ᠎ᠡ ᠴᠠᠭ ᠦᠶ᠎ᠡ ᠶᠢᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ︽ᠵᠢᠷᠭᠤᠭ᠎ᠠ ᠶᠢ ᠪᠠᠷᠢᠮᠲᠠᠯᠠᠬᠤ︾ ᠡᠷᠬᠢᠮ ᠨᠠᠨᠳᠢᠨ ᠲᠤᠷᠰᠢᠯᠭ᠎ᠠ ᠶᠢ ᠭᠦᠨᠵᠡᠭᠡᠢ ᠡᠵᠡᠮᠳᠡᠵᠦ᠂ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠡᠯ᠎ᠡ ᠵᠦᠢᠯ ᠤᠨ ᠥᠭᠡᠷᠡᠴᠢᠯᠡᠯᠲᠡ ᠶᠢᠨ ᠡᠭᠦᠷᠭᠡ ᠶᠢ ᠨᠠᠷᠢᠨ ᠨᠠᠶᠢᠳᠠᠪᠤᠷᠢᠵᠢᠭᠤᠯᠬᠤ ᠬᠡᠷᠡᠭᠲᠡᠢ᠃ ᠠᠵᠤ ᠦᠢᠯᠡᠰ ᠤᠨ ᠬᠡᠯᠬᠢᠶ᠎ᠡ ᠪᠠᠷ ᠠᠷᠠᠯᠵᠢᠶᠠᠴᠢᠨ ᠤᠷᠢᠬᠤ ᠶᠢ ᠶᠡᠬᠡᠪᠡᠷ ᠥᠷᠨᠢᠭᠦᠯᠵᠦ᠂ ᠬᠡᠯᠬᠢᠶ᠎ᠡ ᠶᠢ ᠴᠢᠩᠭᠠᠳᠬᠠᠬᠤ᠂ ᠬᠡᠯᠬᠢᠶ᠎ᠡ ᠶᠢ ᠨᠥᠬᠦᠪᠥᠷᠢᠯᠡᠬᠦ᠂ ᠬᠡᠯᠬᠢᠶ᠎ᠡ ᠶᠢ ᠤᠷᠲᠤᠳᠬᠠᠬᠤ ᠲᠠᠯ᠎ᠠ ᠪᠠᠷ ᠬᠦᠴᠦᠯᠡᠵᠦ᠂ ᠴᠢᠨᠠᠷ ᠰᠠᠶᠢᠲᠠᠢ ᠲᠦᠷᠦᠯ ᠵᠦᠢᠯ ᠢᠶᠠᠷ ᠴᠢᠨᠠᠷ ᠰᠠᠶᠢᠲᠠᠢ ᠬᠥᠭᠵᠢᠯᠲᠡ ᠶᠢ ᠲᠤᠯᠭᠠᠭᠤᠷᠢᠯᠠᠬᠤ ᠬᠡᠷᠡᠭᠲᠡᠢ᠃ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠡᠷᠴᠢᠮ ᠢᠶᠠᠨ ᠴᠢᠩᠭᠠᠷᠠᠭᠤᠯᠵᠤ᠂ ᠲᠡᠮᠦᠷ ᠤᠨ ᠬᠠᠶᠢᠯᠤᠰᠢ᠂ ᠲᠥᠮᠥᠰᠥ᠂ ᠠᠯᠠᠰᠢᠨ ᠬᠤᠨᠢᠨ ᠤ ᠡᠭᠦᠯᠳᠡᠷ ᠪᠤᠶᠢᠵᠢᠭᠤᠯᠬᠤ ᠵᠡᠷᠭᠡ ᠪᠡᠯᠭᠡ ᠲᠡᠮᠳᠡᠭ ᠤᠨ ᠴᠢᠨᠠᠷᠲᠠᠶ ᠲᠥᠷᠥᠯ ᠵᠦᠢᠯ ᠢ ᠲᠦᠷᠭᠡᠳᠬᠡᠨ ᠬᠡᠷᠡᠭᠵᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠪᠣᠳᠠᠲᠤ ᠦᠢᠯᠡᠳᠪᠦᠷᠢᠯᠡᠯ ᠤᠨ ᠬᠦᠴᠦᠨ ᠪᠣᠯᠭᠠᠨ ᠬᠤᠪᠢᠷᠠᠭᠤᠯᠬᠤ ᠶᠢ ᠠᠬᠢᠭᠤᠯᠬᠤ ᠬᠡᠷᠡᠭᠲᠡᠶ᠃ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠠᠮᠤᠷ ᠲᠦᠪᠰᠢᠨ ᠤ ᠬᠤᠷᠢᠭ᠎ᠠ ᠱᠤᠭᠤᠮ ᠢ ᠡᠷᠡᠰ ᠰᠠᠶᠢᠲᠤᠷ ᠰᠠᠬᠢᠵᠤ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ᠂ ᠭᠡᠮ ᠰᠣᠭᠤᠭ ᠢ ᠵᠢᠭᠰᠠᠭᠠᠨ ᠪᠠᠶᠢᠴᠠᠭᠠᠬᠤ ᠶᠢ ᠤᠯᠠᠮ ᠴᠢᠨᠠᠭᠰᠢᠳᠠ ᠰᠠᠶᠢᠲᠤᠷ ᠠᠳᠬᠤᠵᠤ᠂ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠪᠦᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠢ᠃ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠡᠷᠡᠰ ᠭᠤᠶᠢᠪᠢᠰᠢ ᠦᠭᠡᠢ ᠭᠦᠨᠵᠡᠭᠡᠶᠢᠷᠡᠭᠦᠯᠦᠨ ᠠᠬᠢᠭᠤᠯᠵᠤ᠂ ᠤᠯᠤᠰ ᠲᠦᠷᠦ ᠶᠢᠨ ᠠᠮᠢ ᠠᠬᠤᠢ ᠶᠢᠨ ᠰᠤᠷᠲᠠᠯ ᠴᠢᠬᠡᠴᠢ ᠣᠪᠣᠷ ᠲᠥᠪ ᠪᠠᠶᠢᠬᠤ ᠶᠢ ᠴᠢᠷᠮᠠᠶᠢᠨ ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃     ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠤᠨ ᠳᠠᠷᠠᠭ᠎ᠠ᠂ ᠬᠤᠲᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠣᠨᠣᠯ ᠰᠤᠷᠤᠯᠴᠠᠬᠤ ᠭᠤᠤᠯ ᠳᠤᠭᠤᠶᠢᠯᠠᠩ ᠤᠨ ᠬᠠᠮᠲᠤ ᠶᠢᠨ ᠰᠤᠷᠤᠯᠴᠠᠯᠭ᠎ᠠ ᠶᠢ ᠵᠠᠯᠭᠠᠭ᠎ᠠ ᠪᠠᠷ ᠬᠤᠷᠠᠯᠳᠤᠭᠤᠯᠵᠤ᠂ ᠤᠳᠤᠷᠢᠳᠬᠤ ᠪᠠᠭ ᠤᠨ ᠪᠦᠷᠢᠯᠳᠦᠬᠦᠨ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠶᠢᠨ ᠲᠣᠭᠤᠷᠢᠨ ᠳᠤ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠪᠠ᠃ ᠬᠤᠷᠠᠯ ᠠᠴᠠ᠂ ᠬᠦᠨᠳᠦ ᠶᠡᠭᠡ ᠠᠶᠤᠯ ᠲᠦᠭᠰᠢᠭᠦᠷᠢ ᠶᠢᠨ ᠬᠡᠮ ᠰᠣᠭᠤᠭ ᠢ ᠰᠡᠷᠭᠡᠶᠢᠯᠡᠨ ᠠᠷᠢᠯᠭᠠᠬᠤ ᠶᠢᠨ ᠴᠢᠬᠤᠯᠠ ᠴᠢᠨᠠᠷ᠂ ᠲᠤᠯᠭᠠᠮ ᠴᠢᠨᠠᠷ ᠢ ᠭᠦᠨᠵᠡᠭᠡᠶ ᠲᠠᠨᠢᠵᠤ᠂ ᠡᠯ᠎ᠡ ᠠᠵᠢᠯ ᠲᠥᠷᠥᠯ ᠤᠨ ᠬᠦᠷᠢᠶᠡᠨ ᠤ ᠠᠮᠤᠷ ᠲᠦᠪᠰᠢᠨ ᠤ ᠠᠶᠤᠯ ᠲᠦᠭᠰᠢᠭᠦᠷᠢ ᠶᠢ ᠴᠢᠩᠭ᠎ᠠ ᠠᠩᠬᠠᠷᠴᠤ᠂ ᠪᠣᠳᠠᠲᠠᠶ ᠰᠡᠷᠭᠡᠶᠢᠯᠡᠨ ᠠᠷᠢᠯᠭᠠᠬᠤ ᠠᠷᠭ᠎ᠠ ᠬᠡᠮᠵᠢᠶ᠎ᠡ ᠶᠢ ᠪᠠᠬᠢᠵᠢᠭᠦᠯᠵᠦ᠂ ᠬᠠᠷᠢᠭᠤᠴᠠᠯᠭ᠎ᠠ ᠶᠢ ᠬᠥᠮᠦᠨ ᠪᠠ ᠠᠵᠢᠯ ᠤᠨ ᠪᠠᠶᠢᠷᠢ ᠳᠤ ᠬᠦᠷᠭᠡᠬᠦ᠂ ᠳᠠᠷᠤᠯᠲᠠ ᠶᠢ ᠰᠢᠶᠠᠩ ᠪᠠᠯᠭᠠᠰᠤ ᠦᠨᠳᠦᠰᠦᠨ ᠱᠠᠲᠤᠨ ᠳᠤ ᠳᠠᠮᠵᠢᠭᠤᠯᠵᠤ᠂ ᠵᠡᠷᠭᠡᠪᠡᠷ ᠠᠳᠬᠤᠨ ᠬᠠᠮᠲᠤ ᠪᠠᠷ ᠬᠠᠮᠢᠶᠠᠷᠴᠤ᠂ ᠵᠡᠷᠭᠡᠪᠡᠷ ᠬᠦᠴᠦᠯᠡᠵᠦ᠂ ᠤᠯᠤᠰ ᠲᠥᠷᠥ ᠶᠢᠨ ᠠᠮᠤᠷ ᠲᠦᠪᠰᠢᠨ᠂ ᠨᠡᠶᠢᠭᠡᠮ ᠤᠨ ᠠᠮᠤᠷ ᠲᠣᠭᠲᠠᠭᠤᠨ᠂ ᠠᠷᠠᠳ ᠲᠦᠮᠡᠨ ᠤ ᠠᠮᠤᠷ ᠲᠣᠭᠲᠠᠭᠤᠨ ᠢ ᠦᠨᠡᠨ ᠬᠦ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ᠃     ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃                                                  ᠣᠷᠴᠢᠭᠤᠯᠤᠭᠴᠢ᠄ ᠭᠤᠸ᠎ᠠ                                                  ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2