ᠵᠢᠨᠢᠩ ᠲᠣᠭᠤᠷᠢᠭ ᠤᠨ ᠳᠤᠮᠳᠠᠳᠤ ᠪᠠᠭ᠎ᠠ ᠰᠤᠷᠭᠠᠭᠤᠯᠢ ᠶᠢᠨ ︽ᠭᠠᠯ ᠤᠨᠲᠠᠷᠠᠭᠠᠬᠤ ᠠᠮᠤᠷ ᠲᠦᠪᠰᠢᠨ ᠤ ᠳᠡᠳ᠋ ᠵᠠᠬᠢᠷᠤᠯ︾ ᠠᠵᠢᠯ ᠤᠨ ᠪᠠᠶᠢᠷᠢ ᠳᠤ ᠭᠠᠷᠪᠠ
ᠨᠡᠶᠢᠲᠡᠯᠡᠭᠰᠡᠨ ᠴᠠᠭ᠄
2024/7/15
       7 ᠰᠠᠷ᠎ᠠ ᠶᠢᠨ 9 ᠤ ᠡᠳᠦᠷ᠂ ᠵᠢᠨᠢᠩ ᠲᠣᠭᠤᠷᠢᠭ ᠳᠤᠮᠳᠠᠳᠤ ᠪᠠᠭ᠎ᠠ ᠰᠤᠷᠭᠠᠭᠤᠯᠢ ᠶᠢᠨ ︽ᠭᠠᠯ ᠤᠨᠲᠠᠷᠠᠭᠠᠬᠤ ᠠᠮᠤᠷ ᠲᠦᠪᠰᠢᠨ ᠤ ᠳᠡᠳ᠋ ᠵᠠᠬᠢᠷᠤᠯ︾ ᠢ ᠤᠷᠢᠨ ᠲᠣᠮᠢᠯᠠᠬᠤ ᠶᠣᠰᠣᠯᠠᠯ ᠡᠷᠬᠢᠯᠡᠵᠦ᠂ 18 ︽ᠭᠠᠯ ᠤᠨᠲᠠᠷᠠᠭᠠᠬᠤ ᠠᠮᠤᠷ ᠲᠦᠪᠰᠢᠨ ᠤ ᠳᠡᠳ᠋ ᠵᠠᠬᠢᠷᠤᠯ︾ ᠢ ᠵᠢᠩᠬᠢᠨᠢ ᠪᠠᠷ ᠠᠵᠢᠯ ᠤᠨ ᠪᠠᠶᠢᠷᠢ ᠳᠤ ᠭᠠᠷᠭᠠᠪᠠ᠃ ᠭᠠᠯ ᠤᠨᠲᠠᠷᠠᠭᠠᠬᠤ ᠠᠮᠤᠷ ᠲᠦᠪᠰᠢᠨ ᠤ ᠳᠡᠳ᠋ ᠵᠠᠬᠢᠷᠤᠯ ᠤᠷᠢᠯᠭ᠎ᠠ ᠪᠠᠷ ᠠᠵᠢᠯ ᠤᠨ ᠪᠠᠶᠢᠷᠢ ᠳᠤ ᠭᠠᠷᠤᠭᠰᠠᠨ ᠶᠠᠪᠤᠳᠠᠯ ᠪᠣᠯ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠤᠨ ᠭᠠᠯ ᠤᠨᠲᠠᠷᠠᠭᠠᠬᠤ ᠠᠮᠤᠷ ᠲᠦᠪᠰᠢᠨ ᠤ ᠠᠵᠢᠯ ᠤᠨ ᠡᠮᠦᠨ᠎ᠡ ᠡᠩᠨᠡᠭᠡᠨ ᠳᠤ ᠶᠠᠪᠤᠬᠤ ᠶᠢ ᠠᠬᠢᠭᠤᠯᠬᠤ᠂ ᠰᠤᠷᠭᠠᠭᠤᠯᠢ ᠪᠠ ᠭᠠᠯ ᠤᠨᠳᠠᠷᠠᠭᠠᠬᠤ ᠰᠠᠯᠠᠭ᠎ᠠ ᠮᠦᠴᠢᠷ ᠤᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ᠂ ᠰᠠᠶᠢᠨ ᠰᠠᠶᠢᠬᠠᠨ ᠬᠠᠷᠢᠯᠴᠠᠨ ᠬᠥᠳᠡᠯᠦᠯᠴᠡᠬᠦ ᠲᠣᠭᠲᠠᠴᠠ ᠶᠢ ᠬᠠᠮᠲᠤ ᠪᠠᠷ ᠪᠠᠶᠢᠭᠤᠯᠬᠤ ᠨᠢᠭᠡ ᠵᠦᠢᠯ ᠤᠨ ᠴᠢᠬᠤᠯᠠ ᠠᠷᠭ᠎ᠠ ᠬᠡᠮᠵᠢᠶ᠎ᠡ ᠪᠣᠯᠤᠨ᠎ᠠ᠃    ᠲᠠᠷᠠᠭᠠᠴᠢ ᠶᠢᠨ ᠠᠯᠬᠤᠮ ᠳᠤ᠂ ᠡᠯ᠎ᠡ ᠳᠤᠮᠳᠠᠳᠤ ᠪᠠᠭ᠎ᠠ ᠰᠤᠷᠭᠠᠭᠤᠯᠢ ᠵᠢᠴᠢ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠶᠢᠨ ᠬᠢᠨ ᠲᠣᠰ ᠤᠳᠠᠭᠠᠨ ᠤ ︽ᠭᠠᠯ ᠤᠨᠲᠠᠷᠠᠭᠠᠬᠤ ᠠᠮᠤᠷ ᠲᠦᠪᠰᠢᠨ ᠤ ᠳᠡᠳ᠋ ᠵᠠᠬᠢᠷᠤᠯ︾ ᠢ ᠤᠷᠢᠵᠤ ᠲᠣᠮᠢᠯᠠᠬᠤ ᠪᠠᠷ ᠠᠵᠠ ᠲᠣᠬᠢᠶᠠᠯ ᠪᠣᠯᠭᠠᠵᠤ᠂ ᠰᠤᠷᠭᠠᠭᠤᠯᠢ ᠶᠢᠨ ᠬᠦᠷᠢᠶᠡᠨ ᠤ ᠭᠠᠯ ᠤᠨᠲᠠᠷᠠᠭᠠᠬᠤ ᠠᠮᠤᠷ ᠲᠦᠪᠰᠢᠨ ᠤ ᠤᠬᠠᠭᠤᠯᠭ᠎ᠠ ᠬᠥᠮᠦᠵᠢᠯ ᠢ ᠦᠷᠭᠦᠯᠵᠢᠯᠡᠨ ᠴᠢᠩᠭᠠᠳᠬᠠᠵᠤ᠂ ᠰᠤᠷᠤᠭᠴᠢᠳ ᠤᠨ ᠬᠡᠷ ᠪᠦᠯᠢ ᠳᠠᠬᠢ ᠥᠪᠡᠷᠮᠢᠴᠡ ᠪᠠᠶᠢᠷᠢ ᠰᠠᠭᠤᠷᠢ ᠶᠢ ᠠᠰᠢᠭᠯᠠᠨ᠂ ︽ᠨᠢᠭᠡ ᠬᠡᠤᠬᠡᠳ ᠢ ᠬᠥᠮᠦᠵᠢᠭᠦᠯᠵᠦ᠂ ᠨᠢᠭᠡ ᠬᠡᠷ ᠪᠦᠯᠢ ᠶᠢ ᠳᠠᠶᠢᠴᠢᠯᠠᠨ᠂ ᠪᠦᠬᠦ᠋ᠢᠯᠡ ᠨᠡᠶᠢᠭᠡᠮ ᠢ ᠨᠥᠯᠥᠭᠡᠯᠡᠬᠦ︾ ᠰᠤᠷᠭᠠᠨ ᠬᠥᠮᠦᠵᠢᠯ ᠤᠨ ᠬᠠᠷᠠᠯᠲᠠ ᠶᠢ ᠪᠡᠶᠡᠯᠡᠭᠦᠯᠵᠦ᠂ ᠪᠥᠬᠦ ᠣᠷᠣᠨ ᠤ ᠭᠠᠯ ᠤᠨᠲᠠᠷᠠᠭᠠᠬᠤ ᠠᠮᠤᠷ ᠲᠦᠪᠰᠢᠨ ᠤ ᠰᠠᠶᠢᠨ ᠰᠠᠶᠢᠬᠠᠨ ᠣᠷᠴᠢᠨ ᠲᠣᠭᠤᠷᠢᠨ ᠢ ᠢᠳᠡᠪᠬᠢᠲᠡᠶ ᠪᠣᠶ ᠪᠣᠯᠭᠠᠨ᠎ᠠ᠃                  ᠤᠷᠴᠢᠭᠤᠯᠤᠭᠴᠢ᠄ ᠬᠦᠰᠡᠯ                  ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2