ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠵᠢᠷᠭᠤᠳᠤᠭᠠᠷ ᠬᠤᠭᠤᠴᠠᠭᠠᠨ ᠤ ᠳᠤᠮᠳᠠᠳᠤ ᠰᠤᠷᠭᠠᠭᠤᠯᠢ ᠶᠢᠨ ᠰᠤᠷᠤᠭᠴᠢᠳ ᠤᠨ ᠲᠠᠮᠢᠷ ᠤᠨ ᠴᠤᠭᠯᠠᠭᠠᠨ ᠤᠯᠠᠭᠠᠨᠴᠠᠪ ᠬᠤᠲᠠ ᠳᠤ ᠡᠬᠢᠯᠡᠪᠡ
ᠨᠡᠶᠢᠲᠡᠯᠡᠭᠰᠡᠨ ᠴᠠᠭ᠄
2024/7/16
       7 ᠰᠠᠷ᠎ᠠ ᠶᠢᠨ 15 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠵᠢᠷᠭᠤᠳᠤᠭᠠᠷ ᠬᠤᠭᠤᠴᠠᠭᠠᠨ ᠤ ᠳᠤᠮᠳᠠᠳᠤ ᠰᠤᠷᠭᠠᠭᠤᠯᠢ ᠶᠢᠨ ᠰᠤᠷᠤᠭᠴᠢᠳ ᠤᠨ ᠲᠠᠮᠢᠷ ᠤᠨ ᠴᠤᠭᠯᠠᠭᠠᠨ ᠤᠯᠠᠭᠠᠨᠴᠠᠪ ᠬᠤᠲᠠ ᠶᠢᠨ ᠪᠡᠶ᠎ᠡ ᠶᠢᠨ ᠲᠠᠮᠢᠷ ᠤᠨ ᠲᠠᠯᠠᠪᠠᠶ ᠳᠤ ᠦᠪᠡᠳᠡᠭᠰᠢ ᠶᠡᠭᠡ ᠪᠠᠷ ᠡᠬᠢᠯᠡᠪᠡ᠃    ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠪᠦᠦ ᠰᠢᠶᠠᠨ ᠬᠤᠸᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠵᠢᠷᠭᠤᠳᠤᠭᠠᠷ ᠬᠤᠭᠤᠴᠠᠭᠠᠨ ᠤ ᠳᠤᠮᠳᠠᠳᠤ ᠰᠤᠷᠭᠠᠭᠤᠯᠢ ᠶᠢᠨ ᠰᠤᠷᠤᠭᠴᠢᠳ ᠤᠨ ᠪᠡᠶ᠎ᠡ ᠶᠢᠨ ᠲᠠᠮᠢᠷ ᠤᠨ ᠴᠤᠭᠯᠠᠭᠠᠨ ᠡᠬᠢᠯᠡᠭᠰᠡᠨ ᠢ ᠵᠠᠷᠯᠠᠪᠠ︔ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠳᠠᠷᠤᠭ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠵᠢᠷᠭᠤᠳᠤᠭᠠᠷ ᠬᠤᠭᠤᠴᠠᠭᠠᠨ ᠤ ᠳᠤᠮᠳᠠᠳᠤ ᠰᠤᠷᠭᠠᠭᠤᠯᠢ ᠶᠢᠨ ᠰᠤᠷᠤᠭᠴᠢᠳ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠵᠣᠬᠢᠶᠠᠨ ᠪᠠᠶᠢᠭᠤᠯᠬᠤ ᠺᠣᠮᠢᠰ ᠤᠨ ᠡᠷᠬᠢᠯᠡᠭᠴᠢ ᠶᠠᠩ ᠵᠢᠶᠧ ᠡᠬᠢᠯᠡᠯᠲᠡ ᠶᠢᠨ ᠦᠭᠡ ᠬᠡᠯᠡᠪᠡ︔ ᠤᠯᠠᠭᠠᠨᠴᠠᠪ ᠬᠤᠲᠠ ᠶᠢᠨ ᠨᠠᠮ ᠤᠨ ᠬᠤᠷᠢᠶᠠᠨ ᠤ ᠱᠦᠵᠢ ᠰᠦᠶ ᠸᠧᠶ ᠵᠢᠶᠦ᠋ᠨ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠵᠢᠷᠭᠤᠳᠤᠭᠠᠷ ᠬᠤᠭᠤᠴᠠᠭᠠᠨ ᠤ ᠳᠤᠮᠳᠠᠳᠤ ᠰᠤᠷᠭᠠᠭᠤᠯᠢ ᠶᠢᠨ ᠰᠤᠷᠤᠭᠴᠢᠳ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠵᠣᠬᠢᠶᠠᠨ ᠪᠠᠶᠢᠭᠤᠯᠬᠤ ᠺᠣᠮᠢᠰ ᠤᠨ ᠭᠦᠢᠴᠡᠳᠬᠡᠬᠦ ᠡᠷᠬᠢᠯᠡᠭᠴᠢ ᠴᠢ ᠹᠸᠢ ᠶᠦᠨ ᠤᠭᠲᠤᠬᠤ ᠦᠭᠡ ᠬᠡᠯᠡᠪᠡ︔ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠳᠡᠳ᠋ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠠᠷᠪᠠᠨ ᠵᠢᠷᠭᠤᠳᠤᠭᠠᠷ ᠬᠤᠭᠤᠴᠠᠭᠠᠨ ᠤ ᠳᠤᠮᠳᠠᠳᠤ ᠰᠤᠷᠭᠠᠭᠤᠯᠢ ᠶᠢᠨ ᠰᠤᠷᠤᠭᠴᠢᠳ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠵᠣᠬᠢᠶᠠᠨ ᠪᠠᠶᠢᠭᠤᠯᠬᠤ ᠺᠣᠮᠢᠰ ᠤᠨ ᠳᠡᠳ᠋ ᠡᠷᠬᠢᠯᠡᠭᠴᠢ ᠪᠥᠭᠡᠳ ᠨᠠᠷᠢᠨ ᠪᠢᠴᠢᠭ ᠤᠨ ᠳᠠᠷᠤᠭ᠎ᠠ ᠵᠠᠩ ᠵᠢᠶᠦ᠋ᠨ ᠰᠢ ᠡᠬᠢᠯᠡᠯᠲᠡ ᠶᠢᠨ ᠶᠣᠰᠣᠯᠠᠯ ᠢ ᠡᠷᠭᠢᠯᠡᠪᠡ᠃                     ᠵᠣᠬᠢᠶᠠᠭᠴᠢ᠄ ᠳ᠋ᠧᠩ ᠰᠢᠤ ᠰᠢᠤ                     ᠤᠷᠴᠢᠭᠤᠯᠤᠭᠴᠢ᠄ ᠬᠦᠰᠡᠯ                     ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2