ᠰᠦᠢ ᠸᠧᠢ ᠵᠢᠶᠦ᠋ᠨ ᠵᠢᠨᠢᠩ ᠲᠣᠭᠤᠷᠢᠭ ᠲᠤ ᠭᠦᠨᠵᠡᠭᠡᠶᠢᠷᠡᠨ ᠭᠡᠷ ᠪᠠᠶᠢᠰᠢᠩ ᠭᠠᠵᠠᠷ ᠬᠦᠷᠦᠩᠭᠡ ᠶᠢᠨ ᠬᠦᠷᠢᠶᠡᠨ ᠤ ᠠᠰᠠᠭᠤᠳᠠᠯ ᠢ ᠰᠢᠢᠳᠪᠦᠷᠢᠯᠡᠭᠰᠡᠨ ᠪᠠᠶᠢᠳᠠᠯ ᠢ ᠪᠠᠶᠢᠴᠠᠭᠠᠨ ᠰᠤᠳᠤᠯᠤᠭᠰᠠᠨ ᠪᠥᠭᠡᠳ ᠲᠤᠬᠠᠢ ᠶᠢᠨ ᠲᠠᠯᠠᠪᠠᠢ ᠶᠢᠨ ᠠᠵᠢᠯ ᠤᠨ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/7/16
   7 ᠰᠠᠷ᠎ᠠ ᠶᠢᠨ 11 ᠤ ᠡᠳᠦᠷ᠂ ᠬᠤᠳᠠ ᠶᠢᠨ ᠨᠠᠮ ᠤᠨ ᠬᠤᠷᠢᠶᠠᠨ ᠤ ᠱᠦᠵᠢ ᠰᠦᠢ ᠸᠧᠢ ᠵᠢᠶᠦ᠋ᠨ ᠵᠢᠨᠢᠩ ᠲᠣᠭᠤᠷᠢᠭ ᠤᠨ ᠰᠢᠨ ᠱᠠᠩ ᠵᠢᠶᠠ ᠶᠤᠸᠠᠨ ᠪᠣᠯᠤᠨ ᠰᠢ ᠯᠢᠨ ᠸᠠᠨ · ᠳ᠋ᠦᠩ ᠹᠠᠩ ᠰᠢᠨ ᠲᠢᠶᠠᠨ ᠳ᠋ᠢ ᠲᠦᠷᠦᠯ ᠵᠦᠢᠯ ᠤᠨ ᠲᠤᠬᠠᠢ ᠶᠢᠨ ᠲᠠᠯᠠᠪᠠᠢ ᠳᠤ ᠭᠦᠨᠵᠡᠭᠡᠶᠢᠷᠡᠵᠦ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ᠂ ᠪᠠᠷᠢᠯᠭ᠎ᠠ ᠶᠢᠨ ᠶᠠᠰᠤ ᠴᠢᠨᠠᠷ ᠵᠡᠷᠭᠡ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠬᠤ ᠶᠢᠨ ᠬᠠᠮᠲᠤ ᠲᠤᠬᠠᠢ ᠶᠢᠨ ᠲᠠᠯᠠᠪᠠᠢ ᠶᠢᠨ ᠠᠯᠪᠠᠨ ᠬᠤᠷᠠᠯ ᠢ ᠡᠷᠬᠢᠯᠡᠨ ᠬᠤᠷᠠᠯᠳᠤᠭᠤᠯᠵᠤ᠂ ᠭᠡᠷ ᠪᠠᠶᠢᠰᠢᠩ ᠭᠠᠵᠠᠷ ᠬᠦᠷᠦᠩᠭᠡ ᠶᠢᠨ ᠬᠦᠷᠢᠶᠡᠨ ᠤ ︽ᠪᠤᠴᠠᠵᠤ ᠨᠡᠭᠦᠬᠦ ᠳᠤ ᠬᠦᠴᠢᠷ︾ ︽ᠣᠷᠣᠵᠤ ᠰᠠᠭᠤᠬᠤ ᠳᠤ ᠬᠦᠴᠢᠷ︾ ︽ᠦᠨᠡᠮᠯᠡᠯ ᠠᠪᠬᠤ ᠳᠤ ᠬᠦᠴᠢᠷ︾ ᠪᠠᠶᠢᠬᠤ ᠠᠰᠠᠭᠤᠳᠠᠯ ᠢ ᠰᠤᠳᠤᠯᠤᠨ ᠰᠢᠢᠳᠪᠦᠷᠢᠯᠡᠪᠡ᠃    ᠰᠦᠢ ᠸᠧᠢ ᠵᠢᠶᠦ᠋ᠨ᠂ ᠣᠷᠣᠨ ᠰᠠᠭᠤᠴᠠ ᠶᠢᠨ ᠠᠰᠠᠭᠤᠳᠠᠯ ᠪᠣᠯ ᠠᠷᠠᠳ ᠤᠨ ᠠᠮᠢᠳᠤᠷᠠᠯ ᠤᠨ ᠶᠡᠭᠡ ᠶᠠᠪᠤᠳᠠᠯ ᠮᠥᠨ᠂ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠬᠢᠨ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠢᠮᠠᠭᠲᠠ ᠪᠠᠷᠢᠮᠲᠠᠯᠠᠵᠤ᠂ ᠠᠶᠤᠯ ᠲᠦᠭᠰᠢᠭᠦᠷᠢ ᠶᠢᠨ ᠤᠬᠠᠮᠰᠠᠷ ᠢᠶᠠᠨ ᠴᠢᠩᠭᠠᠳᠬᠠᠵᠤ᠂ ᠵᠥᠪ ᠣᠨᠣᠪᠴᠢᠲᠠᠢ ᠠᠵᠢᠯ ᠤᠨ ᠪᠦᠲᠦᠮᠵᠢ ᠶᠢᠨ ᠦᠵᠡᠯᠲᠡ ᠶᠢ ᠪᠤᠢ ᠪᠣᠯᠭᠠᠵᠤ᠂ ᠰᠠᠭᠤᠵᠤ ᠳᠡᠶᠢᠯᠬᠦ ᠦᠭᠡᠢ ᠲᠤᠯᠭᠠᠮ᠎ᠠ ᠰᠡᠳᠬᠢᠯᠭᠡ᠂ ᠤᠳᠠᠭᠠᠰᠢᠷᠠᠭᠤᠯᠵᠤ ᠪᠣᠯᠬᠤ ᠦᠭᠡᠢ ᠲᠦᠭᠰᠢᠭᠦᠷᠢᠲᠦ ᠰᠡᠳᠬᠢᠯᠭᠡ᠂ ᠬᠦᠯᠢᠶᠡᠵᠦ ᠳᠡᠶᠢᠯᠬᠦ ᠦᠭᠡᠢ ᠬᠠᠷᠢᠭᠤᠴᠠᠯᠭᠠᠲᠤ ᠰᠡᠳᠬᠢᠯᠭᠡ ᠪᠠᠷ ᠬᠦᠴᠢᠷ ᠢ ᠲᠤᠭᠤᠯᠤᠨ ᠪᠡᠷᠬᠡ ᠶᠢ ᠳᠠᠪᠠᠵᠤ ᠪᠠᠶᠢᠭᠠᠳ ᠭᠡᠷ ᠪᠠᠶᠢᠰᠢᠩ ᠭᠠᠵᠠᠷ ᠬᠦᠷᠦᠩᠭᠡ ᠶᠢᠨ ᠬᠦᠷᠢᠶᠡᠨ ᠤ ︽ᠭᠤᠷᠪᠠᠨ ᠬᠦᠴᠢᠷᠳᠡᠯ︾ ᠤᠨ ᠠᠰᠠᠭᠤᠳᠠᠯ ᠢ ᠲᠦᠢᠯᠪᠤᠷᠢᠲᠠᠢ ᠰᠢᠢᠳᠪᠦᠷᠢᠯᠡᠬᠦ ᠬᠡᠷᠡᠭᠲᠡᠢ᠃ ᠡᠳ᠋ ᠤᠨ ᠵᠠᠰᠠᠭ ᠤᠨ ᠡᠬᠢ ᠪᠠᠶᠠᠯᠢᠭ ᠤᠨ ᠬᠦᠳᠦᠯᠦᠨ ᠵᠢᠯᠣᠭᠤᠳᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠳᠡᠮᠵᠢᠯᠭᠡ ᠶᠢ ᠤᠯᠬᠤ ᠪᠠᠷ ᠢᠳᠡᠪᠬᠢᠲᠡᠢ ᠴᠢᠷᠮᠠᠶᠢᠵᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠪᠡᠯᠡ ᠮᠥᠩᠭᠦ ᠭᠦᠢᠴᠡᠳ ᠪᠠᠶᠢᠬᠤ ᠶᠢ ᠪᠠᠲᠤᠯᠠᠬᠤ ᠬᠡᠷᠡᠭᠲᠡᠢ᠃ ᠵᠣᠬᠢᠴᠠᠭᠤᠯᠤᠨ ᠬᠠᠮᠲᠤᠷᠠᠯᠴᠠᠬᠤ ᠶᠢ ᠴᠢᠩᠭᠠᠳᠬᠠᠵᠤ᠂ ᠠᠵᠢᠯ ᠤᠨ ᠬᠠᠮᠲᠤᠷᠠᠯ ᠤᠨ ᠬᠦᠴᠦᠨ ᠢ ᠨᠢᠭᠲᠠᠷᠠᠭᠤᠯᠵᠤ᠂ ᠪᠠᠷᠢᠯᠭ᠎ᠠ ᠶᠢᠨ ᠠᠮᠤᠷ ᠲᠦᠪᠰᠢᠨ ᠪᠣᠯᠤᠨ ᠪᠠᠷᠢᠯᠭ᠎ᠠ ᠶᠢᠨ ᠶᠠᠰᠤ ᠴᠢᠨᠠᠷ ᠢ ᠪᠠᠲᠤᠯᠠᠭᠰᠠᠨ ᠤᠷᠢᠲᠠᠯ ᠳᠣᠣᠷ᠎ᠠ᠂ ᠪᠠᠷᠢᠯᠭ᠎ᠠ ᠶᠢᠨ ᠠᠬᠢᠴᠠ ᠶᠢ ᠲᠦᠷᠭᠡᠳᠬᠡᠵᠦ᠂ ᠠᠰᠠᠷ ᠢᠶᠠᠨ ᠡᠷᠲᠡᠬᠡᠨ ᠲᠤᠰᠢᠶᠠᠵᠤ ᠭᠡᠷ ᠪᠠᠶᠢᠰᠢᠩ ᠢᠶᠠᠨ ᠲᠤᠰᠢᠶᠠᠯᠭᠠᠵᠤ᠂ ᠤᠯᠠᠨ ᠲᠦᠮᠡᠨ ᠢ ᠡᠷᠲᠡᠬᠡᠨ ᠣᠷᠣᠭᠤᠯᠬᠤ ᠶᠢ ᠪᠠᠲᠤᠯᠠᠬᠤ ᠬᠡᠷᠡᠭᠲᠡᠢ᠃ ᠵᠠᠬᠢᠳᠠᠯ ᠢᠶᠠᠷ ᠦᠨᠡᠮᠯᠡᠯ ᠢ ᠣᠷᠣᠯᠠᠭᠤᠯᠬᠤ᠂ ᠳᠤᠲᠠᠭᠤ ᠶᠢ ᠬᠦᠯᠢᠶᠡᠨ ᠠᠪᠴᠤ ᠰᠢᠢᠳᠪᠦᠷᠢᠯᠡᠬᠦ᠂ ᠬᠠᠮᠲᠤᠷᠠᠨ ᠬᠢᠨᠠᠵᠤ ᠬᠠᠮᠲᠤᠷᠠᠨ ᠵᠥᠪᠰᠢᠶᠡᠷᠡᠬᠦ ᠵᠡᠷᠭᠡ ᠠᠷᠭ᠎ᠠ ᠬᠡᠮᠵᠢᠶ᠎ᠡ ᠶᠢ ᠶᠡᠷᠦᠩᠬᠡᠶᠢᠯᠡᠨ ᠬᠡᠷᠡᠭᠯᠡᠵᠦ᠂ ︽ᠦᠨᠡᠮᠯᠡᠯ ᠠᠪᠬᠤ ᠳᠤ ᠬᠦᠴᠢᠷ︾ ᠪᠠᠶᠢᠬᠤ ᠲᠦᠭᠵᠢᠷᠡᠯ ᠠᠰᠠᠭᠤᠳᠠᠯ ᠢ ᠲᠦᠢᠯᠪᠤᠷᠢᠲᠠᠢ ᠨᠡᠪᠲᠡᠷᠡᠭᠦᠯᠵᠦ᠂ ᠤᠯᠠᠨ ᠲᠦᠮᠡᠨ ᠤ ᠦᠨᠡᠮᠯᠡᠯ ᠠᠪᠬᠤ ᠳᠤ ᠳᠥᠭᠦᠮ ᠳᠥᠲᠡ ᠪᠠᠶᠢᠬᠤ ᠶᠢ ᠪᠠᠲᠤᠯᠠᠬᠤ ᠬᠡᠷᠡᠭᠲᠡᠢ᠃ ᠤᠯᠠᠨ ᠲᠦᠮᠡᠨ ᠤ ᠠᠵᠢᠯ ᠢ ᠰᠡᠳᠬᠢᠯ ᠲᠠᠯᠪᠢᠨ ᠰᠠᠶᠢᠲᠤᠷ ᠬᠢᠵᠦ᠂ ᠤᠯᠠᠨ ᠲᠦᠮᠡᠨ ᠯᠦᠭᠡ ᠶᠢᠨ ᠤᠯᠤᠯᠴᠠᠭ᠎ᠠ ᠬᠠᠷᠢᠯᠴᠠᠭ᠎ᠠ ᠪᠠᠨ ᠴᠢᠩᠭᠠᠳᠬᠠᠵᠤ᠂ ᠤᠯᠠᠨ ᠲᠦᠮᠡᠨ ᠤ ᠠᠩᠬᠠᠷᠴᠤ ᠪᠠᠶᠢᠭ᠎ᠠ ᠠᠰᠠᠭᠤᠳᠠᠯ ᠳᠤ ᠴᠠᠭ ᠲᠤᠬᠠᠢ ᠳᠤᠨᠢ ᠬᠠᠷᠢᠭᠤᠯᠲᠠ ᠥᠭᠴᠦ᠂ ᠤᠯᠠᠨ ᠲᠦᠮᠡᠨ ᠢ ᠨᠠᠮ ᠤᠨ ᠬᠤᠷᠢᠶ᠎ᠠ ᠵᠠᠰᠠᠭ ᠤᠨ ᠣᠷᠳᠣᠨ ᠤ ᠢᠲᠡᠭᠡᠯ ᠢ ᠨᠡᠮᠡᠭᠳᠡᠭᠦᠯᠵᠦ᠂ ᠲᠦᠷᠦᠯ ᠵᠦᠢᠯ ᠳᠤ ᠢᠲᠡᠭᠡᠯ ᠲᠡᠭᠦᠯᠳᠡᠷ ᠪᠣᠯᠭᠠᠬᠤ ᠬᠡᠷᠡᠭᠲᠡᠢ ᠭᠡᠵᠦ ᠬᠡᠯᠡᠪᠡ᠃    ᠵᠠᠩ ᠶᠦᠩ ᠸᠧᠨ᠂ ᠰᠦᠢ ᠵᠢᠶᠠᠨ ᠬᠤᠸᠠ᠂ ᠢᠦᠢ ᠬᠠᠢ ᠴᠧᠩ ᠣᠷᠣᠯᠴᠠᠪᠠ᠃                                               ᠣᠷᠴᠢᠭᠤᠯᠤᠭᠴᠢ᠄ ᠭᠤᠸ᠎ᠠ                                               ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2