ᠳᠥᠷᠪᠡᠳ ᠬᠤᠰᠢᠭᠤ ᠬᠥᠮᠦᠨ ᠤ ᠬᠦᠴᠦ ᠪᠠᠷ ᠪᠤᠲᠠ ᠮᠣᠳᠣ ᠣᠶᠢᠵᠢᠭᠤᠯᠬᠤ ᠲᠥᠷᠥᠯ ᠵᠦᠢᠯ ᠢ ᠦᠷᠭᠦᠯᠵᠢᠯᠡᠨ ᠥᠷᠨᠢᠭᠦᠯᠪᠡ
ᠨᠡᠶᠢᠲᠡᠯᠡᠭᠰᠡᠨ ᠴᠠᠭ᠄
2024/7/16
       ᠣᠶᠢᠷ᠎ᠠ ᠶᠢᠨ ᠵᠢᠯ ᠠᠴᠠ ᠨᠠᠰᠢ᠂ ᠳᠥᠷᠪᠡᠳ ᠬᠤᠰᠢᠭᠤ ᠬᠥᠮᠦᠨ ᠤ ᠬᠦᠴᠦ ᠪᠠᠷ ᠪᠣᠳᠠ ᠮᠣᠳᠣ ᠶᠢ ᠣᠶᠢᠵᠢᠭᠤᠯᠬᠤ ᠲᠥᠷᠥᠯ ᠵᠦᠢᠯ ᠢ ᠦᠷᠭᠦᠯᠵᠢᠯᠡᠨ ᠥᠷᠨᠢᠭᠦᠯᠵᠦ᠂ ᠰᠠᠯᠬᠢ ᠶᠢ ᠬᠠᠯᠬᠠᠯᠠᠨ ᠡᠯᠡᠰᠦ ᠶᠢ ᠲᠣᠭᠲᠠᠪᠤᠷᠢᠵᠢᠭᠤᠯᠬᠤ ᠴᠢᠳᠠᠪᠤᠷᠢ ᠶᠢ ᠪᠦᠲᠦᠮᠵᠢᠲᠡᠶ ᠳᠡᠭᠡᠭᠰᠢᠯᠡᠭᠦᠯᠵᠦ᠂ ᠨᠤᠲᠤᠭ ᠪᠡᠯᠴᠢᠭᠡᠷ ᠤᠨ ᠠᠮᠢ ᠠᠬᠤᠶ ᠶᠢᠨ ᠣᠷᠴᠢᠨ ᠲᠣᠭᠤᠷᠢᠨ ᠢ ᠤᠯᠠᠮ ᠨᠢᠭᠡ ᠠᠯᠬᠤᠮ ᠰᠠᠶᠢᠵᠢᠷᠠᠭᠤᠯᠪᠠ᠃    7 ᠰᠠᠷ᠎ᠠ ᠶᠢᠨ 11 ᠤ ᠡᠳᠦᠷ᠂ ᠳᠥᠷᠪᠡᠳ ᠬᠤᠰᠢᠭᠤᠨ ᠤ ᠬᠤᠩᠭᠤᠷ ᠰᠤᠮᠤ ᠶᠢᠨ ᠪᠠᠶᠠᠨᠬᠤᠸᠠ ᠭᠠᠴᠠᠭ᠎ᠠ ᠳᠤ᠂ ᠬᠤᠰᠢᠭᠤᠨ ᠤ ᠣᠶ ᠰᠢᠭᠤᠶ ᠡᠪᠡᠰᠦ ᠪᠡᠯᠴᠢᠭᠡᠷ ᠤᠨ ᠲᠣᠪᠴᠢᠶ᠎ᠠ ᠲᠤᠰᠬᠠᠶ ᠮᠡᠷᠭᠡᠵᠢᠯ ᠤᠨ ᠲᠥᠬᠦᠭᠡᠷᠦᠮᠵᠢ ᠪᠠᠷ ᠭᠠᠵᠠᠷ ᠲᠡᠭᠰᠢᠯᠡᠬᠦ ᠶᠢ ᠵᠣᠬᠢᠶᠠᠨ ᠪᠠᠶᠢᠭᠤᠯᠤᠨ᠂ ᠬᠠᠷᠭᠠᠨ᠎ᠠ ᠲᠠᠷᠢᠬᠤ ᠳᠤ ᠭᠦᠢᠴᠡᠳ ᠪᠡᠯᠡᠳᠬᠡᠯ ᠬᠢᠪᠡ᠃    ᠳᠥᠷᠪᠡᠳ ᠬᠤᠰᠢᠭᠤᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠣᠶ ᠰᠢᠭᠤᠶ ᠶᠢᠨ ᠠᠵᠢᠯ ᠤᠨ ᠥᠷᠲᠡᠭᠡ ᠶᠢᠨ ᠳᠠᠷᠤᠭ᠎ᠠ ᠨᠢᠤ ᡁᠢ ᠮᠢᠩ ᠬᠡᠯᠡᠬᠦ ᠳᠡᠭᠡᠨ᠄ ︽ᠥᠨᠥᠳᠦᠷ ᠪᠢᠳᠡᠨ ᠤ ᠢᠷᠡᠭᠰᠡᠨ ᠭᠠᠵᠠᠷ ᠪᠤᠯ ᠬᠤᠩᠭᠤᠷ ᠰᠤᠮᠤᠨ ᠤ ᠪᠠᠶᠠᠨᠬᠤᠸᠠ ᠭᠠᠴᠠᠭ᠎ᠠ ᠪᠣᠯᠤᠨ᠎ᠠ᠂ ᠡᠨᠡ ᠬᠦ ᠭᠠᠵᠠᠷ ᠣᠷᠣᠨ ᠤ ᠣᠶᠢᠵᠢᠭᠤᠯᠤᠯᠲᠠ ᠶᠢᠨ ᠲᠠᠯᠠᠪᠠᠶ ᠪᠣᠯ 2200 ᠮᠥ᠂ ᠲᠥᠷᠥᠯ ᠵᠦᠢᠯ ᠪᠣᠯ ᠮᠤᠨᠢ ᠠᠭᠤᠯᠠ ᠶᠢᠨ ᠠᠷᠤ ᠬᠤᠷᠮᠣᠶ ᠶᠢᠨ ᠠᠮᠢ ᠠᠬᠤᠶ ᠶᠢ ᠶᠡᠷᠦᠩᠬᠡᠶᠢᠯᠡᠨ ᠵᠠᠰᠠᠬᠤ ᠲᠥᠷᠥᠯ ᠵᠦᠢᠯ ᠮᠥᠨ᠂ ᠪᠣᠳᠠ ᠮᠣᠳᠣ ᠶᠢ ᠣᠶᠢᠵᠢᠭᠤᠯᠤᠭᠰᠠᠨ ᠤ ᠳᠠᠷᠠᠭ᠎ᠠ᠂ ᠲᠤᠬᠠᠶ ᠶᠢᠨ ᠭᠠᠵᠠᠷ ᠤᠨ ᠰᠠᠯᠬᠢ ᠶᠢ ᠰᠡᠷᠭᠡᠶᠢᠯᠡᠵᠦ ᠡᠯᠡᠰᠦ ᠶᠢ ᠲᠣᠭᠲᠠᠪᠤᠷᠢᠵᠢᠭᠤᠯᠬᠤ ᠳᠤ ᠮᠠᠰᠢ ᠰᠠᠶᠢᠨ ᠦᠢᠯᠡᠳᠦᠯ ᠦᠵᠡᠭᠦᠯᠦᠨ᠎ᠡ︾ ᠭᠡᠵᠡᠶ᠃    ᠣᠶᠢᠯᠠᠭᠠᠭᠰᠠᠨ ᠢᠶᠠᠷ᠂ ᠡᠨᠡ ᠵᠢᠯ ᠳᠥᠷᠪᠡᠳ ᠬᠤᠰᠢᠭᠤᠨ ᠤ ᠪᠣᠳᠠ ᠮᠣᠳᠣ ᠶᠢᠨ ᠬᠥᠮᠦᠨ ᠤ ᠬᠦᠴᠦ ᠪᠠᠷ ᠰᠢᠭᠤᠳ ᠨᠡᠪᠲᠡᠷᠡᠭᠦᠯᠦᠨ ᠣᠶᠢᠵᠢᠭᠤᠯᠬᠤ ᠶᠡᠷᠦᠩᠬᠡᠶ ᠡᠭᠦᠷᠭᠡ 18000 ᠮᠥ ᠪᠠᠶᠢᠵᠤ᠂ ᠬᠤᠩᠭᠤᠷ᠂ ᠴᠠᠭᠠᠨ ᠪᠤᠯᠠᠭ ᠬᠤᠶᠠᠷ ᠰᠤᠮᠤ ᠳᠤ ᠬᠤᠯᠪᠣᠭᠳᠠᠨ᠎ᠠ᠂ ᠣᠳᠣᠬᠠᠨ ᠳᠤ ᠨᠢᠭᠡᠨᠲᠡ ᠪᠠᠶᠠᠨᠬᠤᠸᠠ ᠭᠠᠴᠠᠭ᠎ᠠ ᠳᠤ ᠠᠵᠢᠯ ᠢᠶᠠᠨ ᠡᠬᠢᠯᠡᠭᠦᠯᠵᠦ᠂ ᠣᠶᠢᠵᠢᠭᠤᠯᠤᠯᠲᠠ ᠨᠢ ᠭᠠᠴᠠᠭᠠᠨ ᠤ ᠲᠣᠰ ᠭᠠᠵᠠᠷ ᠤᠨ ᠨᠥᠬᠦᠴᠡᠯ ᠪᠠ ᠮᠣᠳᠣᠨ ᠤ ᠲᠥᠷᠥᠯ ᠤᠨ ᠠᠮᠢᠳᠤ ᠪᠣᠳᠠᠰ ᠤᠨ ᠤᠬᠠᠭᠠᠨ ᠤ ᠣᠨᠴᠠᠯᠢᠭ ᠢ ᠦᠨᠳᠦᠰᠦᠯᠡᠨ᠂ ᠲᠣᠬᠢᠷᠠᠮᠵᠢᠲᠠᠶ ᠭᠠᠵᠠᠷ ᠲᠤ ᠮᠣᠳᠣ ᠳᠠᠷᠢᠬᠤ ᠵᠠᠷᠴᠢᠮ ᠶᠣᠰᠣᠭᠠᠷ᠂ ᠰᠢᠭᠤᠳ ᠨᠡᠪᠲᠡᠷᠡᠭᠦᠯᠦᠨ ᠣᠶᠢᠵᠢᠭᠤᠯᠬᠤ ᠵᠠᠭᠪᠤᠷ ᠢ ᠲᠣᠭᠲᠠᠭᠠᠵᠤ᠂ ᠣᠶᠢᠵᠢᠭᠤᠯᠤᠭᠰᠠᠨ ᠤ ᠳᠠᠷᠠᠭ᠎ᠠ ᠡᠷᠬᠢᠨ ᠲᠣᠭᠤᠷᠢᠨ ᠤ ᠠᠮᠢ ᠠᠬᠤᠶ ᠶᠢᠨ ᠣᠷᠴᠢᠨ ᠲᠣᠭᠤᠷᠢᠨ ᠢ ᠰᠠᠶᠢᠵᠢᠷᠠᠭᠤᠯᠬᠤ ᠵᠢᠴᠢ ᠰᠠᠯᠬᠢ ᠶᠢ ᠬᠠᠯᠬᠠᠯᠠᠨ ᠡᠯᠡᠰᠦ ᠶᠢ ᠲᠣᠭᠲᠠᠪᠤᠷᠢᠵᠢᠭᠤᠯᠬᠤ ᠳᠤ ᠰᠠᠶᠢᠨ ᠦᠢᠯᠡᠳᠦᠯ ᠦᠵᠡᠭᠦᠯᠬᠦ ᠪᠣᠯᠤᠨ᠎ᠠ᠃                        ᠤᠷᠴᠢᠭᠤᠯᠤᠭᠴᠢ᠄ ᠬᠦᠰᠡᠯ                        ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2