︽2024 ᠤᠨ ᠤ ᠤᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠵᠠᠬᠢᠷᠭᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠵᠦᠢᠯᠡᠰ ᠤᠨ ᠭᠠᠷᠴᠠᠭ ᠢ ᠳᠠᠷᠤᠮᠠᠯᠯᠠᠨ ᠶᠠᠪᠤᠭᠤᠯᠬᠤ ᠲᠤᠬᠠᠶ ᠤᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠮᠡᠳᠡᠭᠳᠡᠯ︾ ᠤᠨ ᠲᠤᠬᠠᠶ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2024/7/16
   ︽︿2024 ᠣᠨ ᠤ ᠤᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠵᠠᠬᠢᠷᠭᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠵᠦᠢᠯᠡᠰ ᠤᠨ ᠭᠠᠷᠴᠠᠭ﹀ ᠢ ᠳᠠᠷᠤᠮᠠᠯᠯᠠᠨ ᠶᠠᠪᠤᠭᠤᠯᠬᠤ ᠲᠤᠬᠠᠶ ᠤᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠮᠡᠳᠡᠭᠳᠡᠯ︾ ︵ᠤᠯᠠᠭᠠᠨᠴᠠᠪ ᠵᠠᠰᠠᠭ ᠠᠯᠪᠠᠨ ᠥᠰᠥᠭ ﹇2020﹈ 24 ᠳ᠋ᠤᠭᠡᠷ ᠲᠣᠭᠠᠲᠤ︶ ᠢ 2024 ᠣᠨ ᠤ 7 ᠳ᠋ᠤᠭᠠᠷ ᠰᠠᠷ᠎ᠠ ᠶᠢᠨ 1 ᠤ ᠡᠳᠦᠷ ᠨᠡᠶᠢᠲᠡᠯᠡᠵᠦ᠂ ᠡᠳᠦᠭᠡ ᠳᠣᠤᠷᠠᠬᠢ ᠮᠡᠲᠦ ᠲᠠᠶᠢᠯᠤᠮᠵᠢ ᠬᠢᠶ᠎ᠠ᠄ᠨᠢᠭᠡ᠂ ᠲᠣᠭᠲᠠᠭᠠᠭᠰᠠᠨ ᠠᠬᠤᠶ ᠪᠠᠶᠢᠳᠠᠯ    ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠭᠠᠷᠴᠠᠭ ᠤᠨ ᠬᠠᠮᠢᠶᠠᠷᠤᠯᠲᠠ ᠶᠢᠨ ᠠᠷᠭ᠎ᠠ︾ ︵ᠥᠪᠥᠷ ᠵᠠᠰᠠᠭ ᠠᠯᠪᠠᠨ ᠲᠠᠷᠬᠠᠭᠠᠭᠰᠠᠨ ﹇2020﹈ 14 ᠳ᠋ᠤᠭᠡᠷ ᠲᠣᠭᠠᠲᠤ︶ ᠶᠢᠨ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠦᠨᠳᠦᠰᠦᠯᠡᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠶ ᠪᠣᠯᠭᠠᠬᠤ ᠪᠠᠷ ᠠᠵᠢᠯ ᠤᠨ ᠭᠤᠤᠯ ᠰᠢᠵᠢᠮ ᠪᠣᠯᠭᠠᠬᠤ ᠶᠢ ᠪᠠᠷᠢᠮᠲᠠᠯᠠᠵᠤ᠂ ᠬᠠᠤᠯᠢ ᠶᠤᠰᠤᠴᠢ᠂ ᠰᠢᠨᠵᠢᠯᠡᠬᠦ ᠤᠬᠠᠭᠠᠨᠴᠢ᠂ ᠠᠷᠠᠳᠴᠢᠯᠠᠯ ᠲᠠᠢ᠂ ᠢᠯᠡ ᠲᠣᠳᠣ᠂ ᠥᠨᠳᠥᠷ ᠪᠦᠲᠦᠮᠵᠢᠲᠡᠶ ᠪᠠᠶᠢᠬᠤ ᠵᠠᠷᠴᠢᠮ ᠢ ᠵᠢᠷᠤᠮᠯᠠᠵᠦ᠂ ᠮᠠᠨ ᠤ ᠬᠤᠲᠠ ᠶᠢᠨ ᠵᠠᠰᠠᠭ ᠵᠠᠬᠢᠷᠭᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠲᠠᠰ ᠳᠠᠷᠠᠭᠠᠯᠠᠯ ᠢ ᠤᠯᠠᠮ ᠨᠢᠭᠡ ᠠᠯᠬᠤᠮ ᠵᠢᠷᠤᠮᠵᠢᠭᠤᠯᠵᠤ᠂ ᠨᠡᠶᠢᠭᠡᠮ ᠨᠡᠶᠢᠲᠡ ᠶᠢᠨ ᠬᠠᠤᠯᠢ ᠶᠣᠰᠣᠭᠠᠷ ᠣᠯᠠᠨ ᠨᠡᠶᠢᠲᠡ ᠶᠢᠨ ᠬᠡᠷᠡᠭ ᠶᠠᠪᠤᠳᠠᠯ ᠤᠨ ᠬᠠᠮᠢᠶᠠᠷᠤᠯᠳᠠ ᠳᠤ ᠣᠷᠣᠯᠴᠠᠬᠤ ᠡᠷᠬᠡ ᠶᠢ ᠪᠠᠲᠤᠯᠠᠵᠤ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠨ ᠠᠬᠢᠭᠤᠯᠵᠤ᠂ ᠬᠠᠤᠯᠢ ᠶᠣᠰᠣᠭᠠᠷ ᠵᠠᠰᠠᠭ ᠶᠠᠪᠤᠭᠤᠯᠬᠤ᠂ ᠬᠠᠤᠯᠢ ᠪᠠᠷ ᠵᠠᠰᠠᠬᠤ ᠶᠢ ᠠᠬᠢᠭᠤᠯᠵᠦ᠂ ᠥᠭᠡᠷᠡᠴᠢᠯᠡᠯᠲᠡ ᠬᠥᠭᠵᠢᠯᠲᠡ ᠲᠣᠭᠲᠠᠭᠤᠨ ᠤ ᠶᠡᠭᠡ ᠲᠠᠯ᠎ᠠ ᠶᠢ ᠨᠠᠩ ᠰᠠᠶᠢᠲᠤᠷ ᠬᠠᠮᠠᠭᠠᠯᠠᠬᠤ ᠶᠢᠨ ᠲᠦᠯᠦᠭᠡ᠂ ︽ᠤᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ ᠣᠷᠳᠣᠨ ᠤ 2024 ᠣᠨ ᠤ  ᠵᠠᠰᠠᠭ ᠵᠠᠬᠢᠷᠭᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠵᠦᠢᠯᠡᠰ ᠤᠨ ᠭᠠᠷᠴᠠᠭ︾ ᠢ ᠲᠣᠭᠲᠠᠭᠠᠬᠤ ᠶᠢᠨ ᠬᠠᠮᠲᠤ ᠨᠡᠶᠢᠲᠡᠯᠡᠨ᠎ᠡ᠃ᠬᠤᠶᠠᠷ᠂ ᠲᠣᠭᠲᠠᠭᠠᠭᠰᠠᠨ ᠦᠨᠳᠦᠰᠦᠯᠡᠯ    ︵ᠨᠢᠭᠡ︶ ︽ᠵᠠᠰᠠᠭ ᠵᠠᠬᠢᠷᠭᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠡᠰ ᠳᠠᠷᠠᠭᠠᠯᠠᠯ ᠤᠨ ᠲᠦᠷ ᠬᠡᠷᠡᠭᠵᠢᠭᠦᠯᠬᠦ ᠳᠦᠷᠢᠮ︾    ︵ᠬᠤᠶᠠᠷ︶ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠲᠣᠭᠲᠠᠭᠠᠬᠤ ᠲᠠᠰ ᠳᠠᠷᠠᠭᠠᠯᠠᠯ ᠤᠨ ᠲᠣᠭᠲᠠᠭᠠᠯ︾    ︵ᠭᠤᠷᠪᠠ︶ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠭᠠᠷᠴᠠᠭ ᠤᠨ ᠬᠠᠮᠢᠶᠠᠷᠤᠯᠲᠠ ᠶᠢᠨ ᠠᠷᠭ᠎ᠠ︾ᠭᠤᠷᠪᠠ᠂ ᠭᠤᠣᠯ ᠠᠭᠤᠯᠭ᠎ᠠ    ᠤᠯᠠᠭᠠᠨᠴᠠᠪ ᠬᠤᠲᠠ ᠶᠢᠨ 2024 ᠣᠨ ᠤ ᠵᠠᠰᠠᠭ ᠵᠠᠬᠢᠷᠭᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠵᠦᠢᠯᠡᠰ ᠤᠨ 2 ᠭᠠᠷᠴᠠᠭ ᠢ ᠨᠡᠶᠢᠲᠡᠯᠡᠪᠡ᠄    1. ︽ᠤᠯᠠᠭᠠᠨᠴᠠᠪ ᠬᠤᠲᠠ ᠶᠢᠨ ᠤᠰᠤᠨ ᠲᠣᠤᠷ ᠤᠨ ᠪᠥᠲᠥᠭᠡᠨ ᠪᠠᠶᠢᠭᠤᠯᠤᠯᠲᠠ ᠶᠢᠨ ᠲᠥᠯᠥᠪᠵᠢᠭᠦᠯᠭᠡ︾    2. ︽ᠤᠯᠠᠭᠠᠨᠴᠠᠪ ᠬᠤᠲᠠ ᠶᠢᠨ ᠬᠡᠭᠡᠷ᠎ᠡ ᠶᠢᠨ ᠠᠮᠢᠲᠠᠨ ᠤᠷᠭᠤᠮᠠᠯ ᠢ ᠬᠠᠮᠠᠭᠠᠯᠠᠬᠤ ᠲᠥᠯᠥᠪᠵᠢᠭᠦᠯᠭᠡ ︵2023-2030 ᠣᠨ︶︾ᠳᠥᠷᠪᠡ᠂ ᠭᠠᠷᠴᠠᠭ ᠤᠨ ᠵᠦᠢᠯᠡᠰ ᠤᠨ ᠬᠡᠷᠡᠭᠵᠢᠬᠦᠯᠦᠯᠳᠡ    ᠭᠠᠷᠴᠠᠭ ᠲᠤ ᠣᠷᠣᠭᠤᠯᠤᠭᠰᠠᠨ ᠵᠦᠢᠯᠡᠰ ᠲᠤ ᠣᠯᠠᠨ ᠨᠡᠶᠢᠲᠡ ᠪᠠᠷ ᠢᠶᠠᠨ ᠣᠷᠣᠯᠴᠠᠬᠤ᠂ ᠲᠤᠰᠬᠠᠶ ᠮᠡᠷᠭᠡᠵᠢᠯᠲᠡᠨ ᠢᠶᠠᠷ ᠨᠤᠲᠠᠯᠠᠭᠤᠯᠬᠤ᠂ ᠲᠦᠭᠰᠢᠭᠦᠷᠢ ᠶᠢ ᠦᠨᠡᠯᠡᠨ ᠵᠢᠱᠢᠬᠦ᠂ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ ᠪᠠ ᠬᠤᠲᠠ ᠶᠢᠨ ᠵᠠᠰᠠᠭ ᠤᠨ ᠣᠷᠳᠣᠨ ᠬᠠᠮᠲᠤ ᠪᠠᠷ ᠬᠢᠨᠠᠨ ᠵᠥᠪᠯᠡᠬᠦ ᠵᠡᠷᠭᠡ ᠵᠠᠰᠠᠭ ᠵᠠᠬᠢᠷᠭᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢ ᠬᠠᠤᠯᠢ ᠪᠠᠷ ᠲᠣᠭᠲᠠᠭᠠᠭᠰᠠᠨ ᠲᠠᠰ ᠳᠠᠷᠠᠭᠠᠯᠠᠯ ᠢᠶᠠᠷ ᠠᠬᠢᠭᠤᠯᠤᠨ ᠨᠠᠶᠢᠳᠠᠪᠤᠷᠢᠵᠢᠭᠤᠯᠬᠤ ᠬᠡᠷᠡᠭᠲᠡᠶ᠃
 
ᠢᠷᠡᠯᠲᠡ᠄ ᠲᠤᠳᠤᠷᠬᠠᠢ ᠦᠭᠡᠢ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2