ᠵᠠᠮ ᠬᠠᠷᠢᠯᠴᠠᠭᠠᠨ ᠤ ᠪᠠᠩᠬᠢ ᠶᠢᠨ ᠥᠪᠥᠷ ᠮᠣᠩᠭᠤᠯ ᠳᠠᠬᠢ ᠬᠤᠪᠢᠶᠠᠷᠢ ᠪᠠᠩᠬᠢ ᠬᠢᠭᠡᠳ ᠤᠯᠠᠭᠠᠨᠴᠠᠪ ᠬᠤᠲᠠ ᠶᠢᠨ ᠲᠡᠮᠦᠷ ᠤᠨ ᠬᠠᠶᠢᠯᠤᠰᠢ ᠶᠢᠨ ᠠᠵᠢᠯ ᠲᠥᠷᠥᠯ ᠤᠨ ᠵᠠᠰᠠᠭ ᠪᠠᠩᠬᠢ ᠠᠵᠤ ᠠᠬᠤᠶᠢᠯᠠᠯ ᠢ ᠵᠣᠯᠭᠠᠭᠤᠯᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/7/17
   7 ᠰᠠᠷ᠎ᠠ ᠶᠢᠨ 16 ᠤ ᠡᠳᠦᠷ᠂ ᠵᠠᠮ ᠬᠠᠷᠢᠯᠴᠠᠭᠠᠨ ᠤ ᠪᠠᠩᠬᠢ ᠶᠢᠨ ᠥᠪᠥᠷ ᠮᠣᠩᠭᠤᠯ ᠳᠠᠬᠢ ᠬᠤᠪᠢᠶᠠᠷᠢ ᠪᠠᠩᠬᠢ ᠪᠣᠯᠤᠨ ᠤᠯᠠᠭᠠᠨᠴᠠᠪ ᠬᠤᠲᠠ ᠶᠢᠨ ᠲᠡᠮᠦᠷ ᠤᠨ ᠬᠠᠶᠢᠯᠤᠰᠢ ᠶᠢᠨ ᠠᠵᠢᠯ ᠲᠥᠷᠥᠯ ᠤᠨ ᠵᠠᠰᠠᠭ ᠪᠠᠩᠬᠢ ᠠᠵᠤ ᠠᠬᠤᠶᠢᠯᠠᠯ ᠢ ᠵᠣᠯᠭᠠᠭᠤᠯᠬᠤ ᠬᠤᠷᠠᠯ ᠬᠤᠷᠠᠯᠳᠤᠪᠠ᠃    ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠴᠢ ᠹᠸᠢ ᠶᠦᠨ ᠬᠤᠷᠠᠯ ᠳᠤ ᠣᠷᠣᠯᠴᠠᠪᠠ︔ ᠵᠠᠮ ᠬᠠᠷᠢᠯᠴᠠᠭᠠᠨ ᠤ ᠪᠠᠩᠬᠢ ᠶᠢᠨ ᠥᠪᠥᠷ ᠮᠣᠩᠭᠤᠯ ᠳᠠᠬᠢ ᠬᠤᠪᠢᠶᠠᠷᠢ ᠪᠠᠩᠬᠢ ᠶᠢᠨ ᠨᠠᠮ ᠤᠨ ᠬᠤᠷᠢᠶᠠᠨ ᠤ ᠱᠦᠵᠢ᠂ ᠪᠠᠩᠬᠢ ᠶᠢᠨ ᠳᠠᠷᠤᠭ᠎ᠠ ᠮᠧᠩ ᠵᠧᠨ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠹᠠᠩ ᠽᠧ ᠲᠣᠰ ᠲᠣᠰ ᠪᠠᠶᠠᠷ ᠤᠨ ᠦᠭᠡ ᠬᠡᠯᠡᠪᠡ︔ ᠵᠠᠮ ᠬᠠᠷᠢᠯᠴᠠᠭᠠᠨ ᠤ ᠪᠠᠩᠬᠢ ᠶᠢᠨ ᠥᠪᠥᠷ ᠮᠣᠩᠭᠤᠯ ᠤᠨ ᠬᠤᠪᠢᠶᠠᠷᠢ ᠪᠠᠩᠬᠢ ᠶᠢᠨ ᠨᠠᠮ ᠤᠨ ᠬᠤᠷᠢᠶᠠᠨ ᠤ ᠭᠡᠰᠢᠭᠦᠨ᠂ ᠪᠠᠩᠬᠢ ᠶᠢᠨ ᠳᠡᠳ᠋ ᠳᠠᠷᠤᠭ᠎ᠠ ᠰᠦᠨ ᠯᠢ ᠵᠢᠶᠦ᠋ᠨ ᠬᠤᠷᠠᠯ ᠳᠤ ᠣᠷᠣᠯᠴᠠᠪᠠ᠃    ᠮᠧᠩ ᠵᠧᠨ ᠪᠠᠶᠠᠷ ᠤᠨ ᠦᠭᠡ ᠳᠡᠭᠡᠨ᠂ ᠤᠯᠠᠭᠠᠨᠴᠠᠪ ᠬᠤᠲᠠ ᠶᠢᠨ ᠲᠡᠮᠦᠷ ᠤᠨ ᠬᠠᠶᠢᠯᠤᠰᠢ ᠶᠢᠨ ᠠᠵᠤ ᠦᠢᠯᠡᠰ ᠤᠨ ᠬᠥᠭᠵᠢᠯᠲᠡ ᠶᠢᠨ ᠳᠠᠪᠠᠭᠤᠯᠢᠭ ᠢᠯᠡᠷᠬᠡᠶ᠂ ᠢᠷᠡᠭᠡᠳᠦᠶ ᠥᠷᠭᠡᠨ ᠠᠭᠤᠳᠠᠮ᠂ ᠳᠠᠯᠳᠠ ᠬᠦᠴᠦᠨ ᠯᠤᠲᠤ ᠶᠡᠭᠡ ᠪᠠᠶᠢᠨ᠎ᠠ᠃ ᠵᠠᠮ ᠬᠠᠷᠢᠯᠴᠠᠭᠠᠨ ᠤ ᠪᠠᠩᠬᠢ ᠶᠢᠨ ᠥᠪᠥᠷ ᠮᠣᠩᠭᠤᠯ ᠳᠠᠬᠢ ᠬᠤᠪᠢᠶᠠᠷᠢ ᠪᠠᠩᠬᠢ ᠤᠯᠠᠭᠠᠨᠴᠠᠪ ᠯᠤᠭ᠎ᠠ ᠶᠢᠨ ᠰᠣᠯᠢᠯᠴᠠᠭ᠎ᠠ ᠬᠠᠮᠲᠤᠷᠠᠯᠴᠠᠭ᠎ᠠ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠲᠡᠮᠦᠷ ᠤᠨ ᠬᠠᠶᠢᠯᠤᠰᠢ ᠶᠢᠨ ᠠᠵᠢᠯ ᠲᠥᠷᠥᠯ ᠤᠨ ᠪᠣᠳᠠᠲᠤ ᠪᠠᠶᠢᠳᠠᠯ ᠳᠤ ᠰᠠᠭᠤᠷᠢᠯᠠᠨ᠂ ᠢᠳᠡᠪᠬᠢᠲᠡᠶ ᠪᠥᠭᠡᠳ ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ᠂ ᠮᠥᠩᠭᠦᠨ ᠭᠦᠢᠯᠭᠡᠭᠡᠨ ᠤ ᠦᠢᠯᠡᠳᠬᠦᠨ ᠪᠠ ᠦᠢᠯᠡᠴᠢᠯᠡᠭᠡᠨ ᠤ ᠵᠠᠭᠪᠤᠷ ᠲᠤ ᠲᠠᠰᠤᠷᠠᠯᠲᠠ ᠥᠬᠡᠶ ᠰᠢᠨ᠎ᠡ ᠶᠢ ᠡᠭᠦᠳᠴᠦ᠂ ᠬᠠᠮᠲᠤᠷᠠᠯᠴᠠᠭᠠᠨ ᠤ ᠬᠦᠷᠢᠶ᠎ᠡ ᠴᠠᠷᠠᠭ᠎ᠠ ᠶᠢ ᠥᠷᠭᠡᠳᠬᠡᠨ᠂ ᠤᠯᠠᠭᠠᠨᠴᠠᠪ ᠤᠨ ᠲᠡᠮᠦᠷ ᠤᠨ ᠬᠠᠶᠢᠯᠤᠰᠢ ᠶᠢᠨ ᠠᠵᠢᠯ ᠲᠥᠷᠥᠯ ᠤᠨ ᠴᠢᠨᠠᠷ ᠰᠠᠶᠢᠲᠠᠶ ᠬᠥᠭᠵᠢᠯᠲᠡ ᠳᠤ ᠪᠥᠬᠦ ᠲᠠᠯ᠎ᠠ ᠶᠢᠨ ᠨᠠᠷᠢᠯᠢᠭ ᠣᠨᠣᠴᠠᠲᠠᠶ ᠮᠥᠩᠭᠦᠨ ᠭᠦᠢᠯᠭᠡᠭᠡᠨ ᠤ ᠳᠡᠮᠵᠢᠯᠭᠡ ᠦᠵᠡᠭᠦᠯᠦᠨ᠎ᠡ ᠭᠡᠪᠡ᠃    ᠹᠠᠩ ᠽᠧ ᠪᠠᠶᠠᠷ ᠤᠨ ᠦᠭᠡ ᠳᠡᠭᠡᠨ᠂ ᠣᠶᠢᠷ᠎ᠠ ᠶᠢᠨ ᠵᠢᠯ ᠠᠴᠠ᠂ ᠮᠠᠨ ᠤ ᠬᠤᠳᠠ ᠶᠢᠨ ᠤᠯᠠᠮᠵᠢᠯᠠᠯᠲᠤ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠭᠦᠯᠬᠦ᠂ ᠳᠠᠪᠠᠭᠤᠯᠢᠭ ᠠᠵᠤ ᠦᠢᠯᠡᠰ ᠢ ᠪᠤᠶᠢᠵᠢᠭᠤᠯᠤᠨ ᠪᠤᠵᠠᠭᠠᠶᠢᠷᠠᠭᠤᠯᠬᠤ᠂ ᠢᠷᠡᠭᠡᠳᠦᠢ ᠶᠢᠨ ᠠᠵᠤ ᠦᠢᠯᠡᠰ ᠢ ᠲᠥᠯᠥᠪᠵᠢᠭᠦᠯᠦᠨ ᠪᠠᠶᠢᠷᠢᠰᠢᠭᠤᠯᠬᠤ ᠶᠢ ᠰᠢᠰᠲ᠋ᠧᠮ ᠲᠠᠢ ᠠᠬᠢᠭᠤᠯᠵᠤ᠂ ᠠᠵᠤ ᠦᠢᠯᠡᠳᠪᠦᠷᠢ ᠶᠢᠨ ᠠᠵᠤ ᠠᠬᠤᠢ ᠦᠷᠭᠦᠯᠵᠢᠯᠡᠨ ᠲᠦᠷᠭᠡᠨ ᠨᠡᠮᠡᠭᠳᠡᠯ ᠤᠨ ᠪᠠᠶᠢᠳᠠᠯ ᠢᠶᠠᠨ ᠪᠠᠲᠤᠯᠠᠪᠠ᠃ ᠢᠯᠠᠩᠭᠤᠶ᠎ᠠ ᠲᠡᠮᠦᠷ ᠤᠨ ᠬᠠᠶᠢᠯᠤᠰᠢ ᠶᠢᠨ ᠠᠵᠤ ᠦᠢᠯᠡᠰ ᠨᠢ ︽ᠭᠤᠷᠪᠠᠨ ᠨᠢᠭᠡ ᠪᠦᠯᠦᠭ︾ ︽ᠲᠠᠪᠤ ᠶᠢ ᠥᠭᠡᠷᠡᠴᠢᠯᠡᠬᠦ︾ ᠪᠠᠷ ᠳᠠᠮᠵᠢᠭᠤᠯᠤᠨ᠂ ᠨᠢᠭᠡᠨᠲᠡ ᠪᠥᠬᠦ ᠤᠯᠤᠰ ᠤᠨ ᠭᠠᠷᠤᠯᠲᠠ ᠪᠠᠷ ᠬᠠᠮᠤᠭ ᠤᠨ ᠶᠡᠭᠡ᠂ ᠲᠣᠨᠣᠭᠯᠠᠯ ᠤᠨ ᠬᠢᠷᠢ ᠲᠦᠪᠰᠢᠨ ᠢᠶᠠᠷ ᠬᠠᠮᠤᠭ ᠤᠨ ᠲᠡᠷᠢᠭᠦᠨ ᠤ᠂ ᠶᠡᠷᠦᠩᠬᠡᠶᠢᠯᠡᠭᠰᠡᠨ ᠡᠨᠧᠷᠭᠢ ᠶᠢᠨ ᠠᠰᠢᠭᠯᠠᠮᠵᠢ ᠪᠠᠷ ᠬᠠᠮᠤᠭ ᠤᠨ ᠥᠨᠳᠥᠷ ᠬᠠᠶᠢᠯᠤᠰᠢ ᠶᠢᠨ ᠰᠢᠨ᠎ᠡ ᠮᠠᠲ᠋ᠧᠷᠢᠶᠠᠯ ᠤᠨ ᠦᠢᠯᠡᠳᠪᠦᠷᠢᠯᠡᠯ ᠤᠨ ᠲᠤᠰᠬᠠᠶ ᠣᠷᠣᠨ ᠤ ᠲᠠᠰ ᠤᠨ ᠬᠤᠲᠠ ᠪᠣᠯᠤᠭᠰᠠᠨ ᠪᠠᠶᠢᠨ᠎ᠠ᠃ ᠲᠠᠷᠠᠭᠠᠴᠢ ᠶᠢᠨ ᠠᠯᠬᠤᠮ ᠳᠤ᠂ ᠮᠠᠨ ᠤ ᠬᠤᠲᠠ ᠰᠢᠯᠢᠳᠡᠭ ᠪᠠᠩᠬᠢ ᠠᠵᠤ ᠠᠬᠤᠶᠢᠯᠠᠯ ᠤᠨ ᠬᠠᠮᠲᠤᠷᠠᠯᠴᠠᠭᠠᠨ ᠤ ᠣᠷᠴᠢᠨ ᠲᠣᠭᠤᠷᠢᠨ ᠢ ᠨᠠᠩ ᠴᠢᠬᠤᠯᠠᠴᠢᠯᠠᠵᠤ᠂ ᠠᠵᠤ ᠠᠬᠤᠶᠢᠯᠠᠯ ᠤᠨ ᠬᠥᠭᠵᠢᠯᠲᠡ ᠶᠢ ᠬᠠᠯᠠᠮᠵᠢᠯᠠᠵᠤ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠳᠡᠮᠵᠢᠵᠦ᠂ ᠦᠢᠯᠡᠴᠢᠯᠡᠭᠡ ᠶᠢ ᠰᠡᠳᠬᠢᠯ ᠳᠡᠯᠪᠢᠨ ᠰᠠᠶᠢᠲᠤᠷ ᠬᠢᠵᠦ᠂ ᠪᠠᠩᠬᠢ ᠪᠠ ᠠᠵᠤ ᠠᠬᠤᠶᠢᠯᠠᠯ ᠤᠨ ᠬᠠᠮᠲᠤᠷᠠᠯᠴᠠᠭ᠎ᠠ᠂ ᠬᠠᠮᠲᠤ ᠪᠠᠷ ᠠᠰᠢᠭ ᠭᠥᠷᠳᠡᠬᠦ ᠬᠥᠭᠵᠢᠯᠲᠡ ᠳᠤ ᠨᠠᠩ ᠪᠠᠲᠤ ᠴᠢᠩᠭ᠎ᠠ ᠪᠠᠲᠤᠯᠠᠭ᠎ᠠ ᠬᠠᠩᠭᠠᠨ᠎ᠠ ᠭᠡᠵᠡᠢ᠃    ᠬᠤᠷᠠᠯ ᠳᠡᠭᠡᠷ᠎ᠡ᠂ ᠵᠠᠮ ᠬᠠᠷᠢᠯᠴᠠᠭᠠᠨ ᠤ ᠪᠠᠩᠬᠢ ᠶᠢᠨ ᠥᠪᠥᠷ ᠮᠣᠩᠭᠤᠯ ᠳᠠᠬᠢ ᠬᠤᠪᠢᠶᠠᠷᠢ ᠪᠠᠩᠬᠢ ᠶᠢᠨ ᠬᠠᠮᠢᠶ᠎ᠠ ᠪᠥᠬᠦᠶ ᠬᠥᠮᠦᠰ ᠢᠲᠡᠭᠡᠮᠵᠢᠲᠦ ᠵᠢᠭᠡᠯᠡᠯᠭᠡ ᠶᠢᠨ ᠲᠥᠷᠥ ᠶᠢᠨ ᠪᠣᠳᠣᠯᠭ᠎ᠠ᠂ ᠦᠢᠯᠡᠳᠬᠦᠨ ᠤ ᠣᠨᠴᠠᠯᠢᠭ᠂ ᠵᠢᠭᠡᠯᠡᠯᠭᠡ ᠭᠤᠶᠤᠴᠢᠯᠠᠬᠤ ᠨᠥᠬᠦᠴᠡᠯ ᠪᠠ ᠠᠵᠢᠯ ᠤᠨ ᠲᠠᠰ ᠳᠠᠷᠠᠭᠠᠯᠠᠯ ᠵᠡᠷᠭᠡ ᠶᠢᠨ ᠲᠣᠭᠤᠷᠢᠨ ᠳᠤ ᠨᠠᠷᠢᠨ ᠲᠠᠨᠢᠯᠴᠠᠭᠤᠯᠪᠠ︔ ᠪᠠᠩᠬᠢ ᠪᠣᠯᠤᠨ ᠠᠵᠤ ᠠᠬᠤᠶᠢᠯᠠᠯ ᠬᠤᠶᠠᠷ ᠲᠠᠯ᠎ᠠ ᠪᠠᠷ ᠢᠶᠠᠨ ᠪᠡᠯᠡ ᠲᠣᠬᠢᠷᠠᠭᠤᠯᠬᠤ ᠵᠢᠭᠡᠯᠡᠯᠭᠡ ᠶᠢᠨ ᠵᠦᠢᠯᠡᠰ ᠤᠨ ᠲᠤᠬᠠᠶ ᠨᠢᠭᠤᠷᠳᠠᠨ ᠶᠠᠷᠢᠯᠴᠠᠪᠠ᠃                                              ᠣᠷᠴᠢᠭᠤᠯᠤᠭᠴᠢ᠄ ᠭᠤᠸ᠎ᠠ                                              ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2