ᠪᠡᠭᠡᠵᠢᠩ ᠬᠤᠲᠠ ᠶᠢᠨ ᠰᠤᠷᠭᠠᠨ ᠬᠥᠮᠦᠵᠢᠯ ᠤᠨ ᠰᠢᠨᠵᠢᠯᠡᠨ ᠪᠠᠶᠢᠴᠠᠭᠠᠬᠤ ᠪᠦᠯᠬᠦᠮ ᠤᠯᠠᠭᠠᠨᠴᠠᠪ ᠬᠤᠲᠠ ᠳᠤ ᠭᠦᠨᠵᠡᠭᠡᠶᠢᠷᠡᠨ ᠪᠡᠭᠡᠵᠢᠩ ᠥᠪᠥᠷ ᠮᠣᠩᠭᠤᠯ ᠤᠨ ᠰᠤᠷᠭᠠᠨ ᠬᠥᠮᠦᠵᠢᠯ ᠤᠨ ᠬᠠᠮᠵᠢᠯᠴᠠᠭ᠎ᠠ ᠥᠷᠨᠢᠭᠦᠯᠦᠭᠰᠡᠨ ᠪᠠᠶᠢᠳᠠᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/7/18
    7 ᠰᠠᠷ᠎ᠠ ᠶᠢᠨ 16 ᠤ ᠡᠳᠦᠷ᠂ ᠪᠡᠭᠡᠵᠢᠩ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠤᠷᠭᠠᠨ ᠬᠥᠮᠦᠵᠢᠯ ᠤᠨ ᠠᠵᠢᠯ ᠤᠨ ᠬᠤᠷᠢᠶᠠᠨ ᠤ ᠱᠦᠵᠢ ᠢᠦᠢ ᠶᠢᠩ ᠵᠢᠶᠧ ᠪᠡᠭᠡᠵᠢᠩ ᠬᠤᠳᠠ ᠶᠢᠨ ᠰᠤᠷᠭᠠᠨ ᠬᠥᠮᠦᠵᠢᠯ ᠤᠨ ᠰᠢᠨᠵᠢᠯᠡᠨ ᠪᠠᠶᠢᠴᠠᠭᠠᠬᠤ ᠪᠦᠯᠬᠦᠮ ᠢ ᠳᠠᠭᠠᠭᠤᠯᠤᠨ ᠮᠠᠨ ᠤ ᠬᠤᠳᠠ ᠳᠤ ᠭᠦᠨᠵᠡᠭᠡᠶᠢᠷᠡᠨ ᠪᠡᠭᠡᠵᠢᠩ ᠥᠪᠥᠷ ᠮᠣᠩᠭᠤᠯ ᠤᠨ ᠰᠤᠷᠭᠠᠨ ᠬᠥᠮᠦᠵᠢᠯ ᠤᠨ ᠬᠠᠮᠵᠢᠯᠴᠠᠭ᠎ᠠ ᠶᠢ ᠥᠷᠨᠢᠭᠦᠯᠵᠦ ᠪᠠᠶᠢᠭ᠎ᠠ ᠪᠠᠶᠢᠳᠠᠯ ᠢ ᠪᠠᠶᠢᠴᠠᠭᠠᠨ ᠰᠤᠳᠤᠯᠤᠭᠰᠠᠨ ᠪᠥᠭᠡᠳ ᠥᠪᠥᠷ ᠮᠣᠩᠭᠤᠯ ᠢ ᠲᠤᠰᠠᠯᠠᠬᠤ ᠺᠠᠳ᠋ᠷ᠂ ᠰᠤᠷᠭᠠᠨ ᠬᠥᠮᠦᠵᠢᠯ ᠢ ᠳᠡᠮᠵᠢᠬᠦ ᠰᠤᠷᠭᠠᠨ ᠬᠥᠮᠦᠵᠢᠯ ᠤᠨ ᠴᠢᠳᠠᠪᠤᠷᠢᠲᠠᠨ ᠤ ᠲᠥᠯᠥᠭᠡᠯᠡᠭᠴᠢᠳ ᠲᠠᠢ ᠶᠠᠷᠢᠯᠴᠠᠪᠠ᠃     ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠪᠦᠦ ᠰᠢᠶᠠᠨ ᠬᠤᠸᠠ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠳᠠᠷᠤᠭ᠎ᠠ ᠶᠠᠩ ᠵᠢᠶᠧ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠯᠢᠦ ᠬᠠᠶ ᠴᠢᠤᠸᠠᠨ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠸᠠᠩ ᠴᠠᠩ ᠰᠥᠩ ᠪᠠᠶᠢᠴᠠᠭᠠᠨ ᠰᠤᠳᠤᠯᠤᠯᠲᠠ ᠳᠤ ᠣᠷᠣᠯᠴᠠᠭᠰᠠᠨ ᠪᠤᠶᠤ ᠶᠠᠷᠢᠯᠴᠠᠬᠤ ᠬᠤᠷᠠᠯ ᠳᠤ ᠣᠷᠣᠯᠴᠠᠪᠠ᠃     ᠪᠡᠭᠡᠵᠢᠩ ᠬᠤᠲᠠ ᠶᠢᠨ ᠰᠤᠷᠭᠠᠨ ᠬᠥᠮᠦᠵᠢᠯ ᠤᠨ ᠰᠢᠨᠵᠢᠯᠡᠨ ᠪᠠᠶᠢᠴᠠᠭᠠᠬᠤ ᠪᠦᠯᠬᠦᠮ ᠤᠷᠢᠳ ᠬᠤᠵᠢᠳ ᠪᠡᠭᠡᠵᠢᠩ ᠤᠨ ᠨᠠᠢᠮᠠᠳᠤᠭᠠᠷ ᠳᠤᠮᠳᠠᠳᠤ ᠰᠤᠷᠭᠠᠭᠤᠯᠢ ᠶᠢᠨ ᠤᠯᠠᠭᠠᠨᠴᠠᠪ ᠤᠨ ᠬᠤᠪᠢᠶᠠᠷᠢ ᠰᠤᠷᠭᠠᠭᠤᠯᠢ᠂ ᠤᠯᠠᠭᠠᠨᠴᠠᠪ ᠬᠤᠲᠠ ᠶᠢᠨ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ᠂ ᠬᠤᠲᠠ ᠶᠢᠨ ᠮᠣᠩᠭᠤᠯ ᠦᠨᠳᠦᠰᠦᠲᠡᠨ ᠤ ᠳᠤᠮᠳᠠᠳᠤ ᠰᠤᠷᠭᠠᠭᠤᠯᠢ ᠵᠡᠷᠭᠡ ᠭᠠᠵᠠᠷ ᠲᠤ ᠬᠦᠷᠴᠦ᠂ ᠰᠤᠷᠭᠠᠭᠤᠯᠢ ᠶᠢᠨ ᠵᠢᠭᠠᠨ ᠰᠤᠷᠭᠠᠯᠲᠠ ᠶᠢᠨ ᠠᠵᠢᠯ ᠤᠨ ᠥᠷᠨᠢᠯᠲᠡ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠥᠭᠵᠢᠯᠲᠡ ᠪᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠤᠯ ᠰᠢᠵᠢᠮ ᠪᠣᠯᠭᠠᠬᠤ ᠶᠢ ᠪᠠᠷᠢᠮᠲᠠᠯᠠᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠰᠤᠷᠭᠠᠨ ᠬᠥᠮᠦᠵᠢᠯ ᠢ ᠲᠠᠰᠤᠷᠠᠯᠲᠠ ᠥᠬᠡᠶ ᠭᠦᠨᠵᠡᠭᠡᠶᠢᠷᠡᠭᠦᠯᠦᠭᠰᠡᠨ ᠵᠡᠷᠭᠡ ᠠᠵᠢᠯ ᠢ ᠨᠠᠷᠢᠨ ᠣᠶᠢᠯᠠᠭᠠᠪᠠ᠃     ᠢᠦᠢ ᠶᠢᠩ ᠵᠢᠶᠧ᠂ ᠪᠡᠭᠡᠵᠢᠩ ᠬᠤᠳᠠ᠂ ᠥᠪᠡᠷᠲᠡᠭᠡᠨ ᠵᠠᠰᠠᠬᠤ ᠣᠷᠣᠨ ᠤ ᠳᠡᠭᠡᠳᠦ ᠬᠡᠮᠵᠢᠶᠡᠨ ᠤ ᠴᠢᠬᠤᠯᠠᠴᠢᠯᠠᠯ ᠳᠣᠣᠷ᠎ᠠ᠂ ᠤᠯᠠᠭᠠᠨᠴᠠᠪ ᠬᠤᠳᠠ ᠶᠢᠨ ᠬᠢᠨ ᠨᠢᠭᠡᠳᠦᠯᠲᠡᠢ ᠲᠥᠯᠥᠪᠵᠢᠭᠦᠯᠦᠨ ᠵᠣᠬᠢᠶᠠᠨ ᠪᠠᠶᠢᠭᠤᠯᠬᠤ ᠪᠠᠨ ᠴᠢᠩᠭᠠᠳᠬᠠᠵᠤ᠂ ᠥᠪᠥᠷ ᠮᠣᠩᠭᠤᠯ ᠢ ᠲᠤᠰᠠᠯᠠᠬᠤ ᠺᠠᠳ᠋ᠷ᠂ ᠰᠤᠷᠭᠠᠨ ᠬᠥᠮᠦᠵᠢᠯ ᠢ ᠳᠡᠮᠵᠢᠬᠦ ᠪᠠᠭᠰᠢ ᠨᠠᠷ ᠦᠨᠡᠨ ᠰᠡᠳᠬᠢᠯ ᠠᠴᠠ ᠪᠠᠨ ᠪᠡᠯᠡ ᠣᠷᠣᠭᠤᠯᠵᠤ᠂ ᠦᠨᠡᠨ ᠰᠡᠳᠬᠢᠯ ᠠᠴᠠ ᠪᠠᠨ ᠵᠠᠷᠤᠴᠠᠭᠤᠯᠵᠤ᠂ ᠪᠡᠭᠡᠵᠢᠩ ᠥᠪᠥᠷ ᠮᠣᠩᠭᠤᠯ ᠤᠨ ᠰᠤᠷᠭᠠᠨ ᠬᠥᠮᠦᠵᠢᠯ ᠤᠨ ᠬᠠᠮᠵᠢᠯᠴᠠᠭ᠎ᠠ ᠦᠨᠡᠨ ᠪᠣᠳᠠᠲᠠᠢ ᠦᠷ᠎ᠡ ᠪᠦᠲᠦᠮᠵᠢ ᠣᠯᠵᠠᠢ᠃ ᠲᠠᠷᠠᠭᠠᠴᠢ ᠶᠢᠨ ᠠᠯᠬᠤᠮ ᠳᠤ᠂ ᠪᠡᠭᠡᠵᠢᠩ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠶᠡᠷᠦᠩᠬᠡᠶ ᠱᠦᠵᠢ ᠰᠢ ᠶᠢᠨ ᠫᠢᠩ ᠤᠨ ᠵᠡᠭᠦᠨ ᠪᠠᠷᠠᠭᠤᠨ ᠣᠷᠣᠨ ᠤ ᠬᠠᠮᠵᠢᠯᠴᠠᠭ᠎ᠠ ᠶᠢ ᠭᠦᠨᠵᠡᠭᠡᠶᠢᠷᠡᠭᠦᠯᠬᠦ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ᠂ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠠᠷᠢᠭᠤᠴᠠᠯᠭ᠎ᠠ ᠡᠭᠦᠷᠭᠡᠯᠡᠨ ᠬᠤᠪᠢ ᠨᠡᠮᠡᠷᠢ ᠦᠵᠡᠭᠦᠯᠵᠦ᠂ ᠪᠡᠭᠡᠵᠢᠩ ᠤᠨ ᠰᠤᠷᠭᠠᠨ ᠬᠥᠮᠦᠵᠢᠯ ᠤᠨ ᠡᠬᠢ ᠪᠠᠶᠠᠯᠢᠭ ᠢ ᠦᠨᠡᠨ ᠬᠦ ᠥᠪᠥᠷ ᠮᠣᠩᠭᠤᠯ ᠳᠤ ᠠᠪᠴᠢᠷᠠᠵᠤ᠂ ᠲᠤᠬᠠᠶ ᠶᠢᠨ ᠭᠠᠵᠠᠷ ᠤᠨ ᠰᠤᠷᠭᠠᠨ ᠬᠥᠮᠦᠵᠢᠯ ᠤᠨ ᠬᠢᠷᠢ ᠲᠦᠪᠰᠢᠨ ᠢ ᠳᠡᠭᠡᠭᠰᠢᠯᠡᠭᠦᠯᠬᠦ ᠳᠤ ᠬᠦᠴᠦᠨ ᠴᠢᠳᠠᠯ ᠢᠶᠠᠨ ᠡᠷᠭᠦᠬᠦ ᠪᠣᠯᠤᠨ᠎ᠠ᠃ ︽ᠰᠤᠷᠭᠠᠨ ᠬᠥᠮᠦᠵᠢᠯ ᠢ ᠳᠠᠬᠢᠨ ᠢᠶᠠᠷ ᠨᠡᠮᠡᠭᠳᠡᠭᠦᠯᠬᠦ ᠲᠥᠯᠥᠪᠯᠡᠭᠡ︾ ᠶᠢ ᠬᠢᠨᠠᠮᠠᠭᠠᠶ ᠰᠠᠶᠢᠲᠤᠷ ᠨᠠᠶᠢᠳᠠᠪᠤᠷᠢᠵᠢᠭᠤᠯᠵᠤ᠂ ᠪᠡᠭᠡᠵᠢᠩ ᠥᠪᠥᠷ ᠮᠣᠩᠭᠤᠯ ᠤᠨ ᠰᠤᠷᠭᠠᠨ ᠬᠥᠮᠦᠵᠢᠯ ᠤᠨ ᠬᠠᠮᠵᠢᠯᠴᠠᠭᠠᠨ ᠤ ᠰᠢᠨ᠎ᠡ ᠵᠠᠭᠪᠤᠷ ᠢ ᠢᠳᠡᠪᠬᠢᠲᠡᠶ ᠬᠠᠶᠢᠨ ᠰᠦᠪᠡᠭᠴᠢᠯᠡᠵᠦ᠂ ︽ᠪᠦᠯᠬᠦᠮ ᠪᠠᠶᠢᠭᠤᠯᠬᠤ ᠮᠠᠶ᠋ᠢᠭ︾ ᠢᠶᠠᠷ ᠬᠠᠪᠰᠤᠷᠤᠨ ᠲᠡᠳᠬᠦᠬᠦ᠂ ᠨᠠᠷᠠᠲᠤ ᠰᠤᠷᠭᠠᠭᠤᠯᠢ ︵ᠴᠡᠴᠡᠷᠯᠢᠭ︶ ᠶᠢᠨ ᠳᠠᠷᠤᠭ᠎ᠠ ᠶᠢᠨ ᠠᠵᠢᠯᠯᠠᠬᠤ ᠲᠠᠰᠤᠭ ᠵᠡᠷᠭᠡ ᠲᠥᠷᠥᠯ ᠵᠦᠢᠯ ᠤᠨ ᠨᠠᠷᠠᠲᠤ ᠲᠥᠷᠥᠯ ᠲᠡᠮᠳᠡᠭᠲᠦ ᠶᠢ ᠦᠷᠭᠦᠯᠵᠢᠯᠡᠨ ᠬᠡᠷᠡᠭᠵᠢᠭᠦᠯᠵᠦ᠂ ᠥᠪᠥᠷ ᠮᠣᠩᠭᠤᠯ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠨᠡᠮᠡᠷᠢᠯᠡᠨ᠎ᠡ᠃ ᠴᠡᠭ ᠢᠶᠠᠷ ᠨᠡᠶᠢᠳᠡᠮ ᠢ ᠳᠠᠶᠢᠴᠢᠯᠠᠬᠤ᠂ ᠴᠢᠰᠤ ᠶᠡᠭᠦᠯᠡᠬᠦ ᠪᠠ ᠴᠢᠰᠤ ᠵᠣᠬᠢᠶᠠᠬᠤ ᠶᠢ ᠤᠶᠠᠯᠳᠤᠭᠤᠯᠬᠤ ᠶᠢ ᠪᠠᠷᠢᠮᠲᠠᠯᠠᠵᠤ᠂ ᠪᠠᠭᠰᠢ ᠶᠢᠨ ᠡᠩᠨᠡᠭᠡ ᠪᠠ ᠵᠢᠱᠢᠶ᠎ᠡ ᠦᠵᠡᠭᠦᠯᠬᠦ ᠴᠢᠨᠠᠷᠲᠠᠶ ᠰᠤᠷᠭᠠᠭᠤᠯᠢ ᠶᠢ ᠪᠠᠶᠢᠭᠤᠯᠬᠤ ᠪᠠᠷ ᠳᠠᠮᠵᠢᠭᠤᠯᠤᠨ᠂ ᠲᠤᠬᠠᠶ ᠶᠢᠨ ᠭᠠᠵᠠᠷ ᠤᠨ ᠰᠤᠷᠭᠠᠨ ᠬᠥᠮᠦᠵᠢᠯ ᠤᠨ ᠪᠥᠬᠦ ᠲᠠᠯ᠎ᠠ ᠪᠠᠷ ᠬᠥᠭᠵᠢᠬᠦ ᠶᠢ ᠨᠥᠯᠥᠭᠡᠯᠡᠨ ᠬᠥᠲᠥᠯᠥᠨ ᠵᠢᠯᠣᠭᠤᠳᠤᠨ᠎ᠠ ᠭᠡᠵᠦ ᠢᠯᠡᠷᠬᠡᠶᠢᠯᠡᠪᠡ᠃     ᠪᠡᠭᠡᠵᠢᠩ ᠬᠤᠲᠠ ᠶᠢᠨ ᠨᠠᠮ ᠤᠨ ᠬᠤᠷᠢᠶᠠᠨ ᠤ ᠰᠤᠷᠭᠠᠨ ᠬᠦᠮᠦᠵᠢᠯ ᠤᠨ ᠠᠵᠢᠯ ᠤᠨ ᠬᠤᠷᠢᠶ᠎ᠠ᠂ ᠪᠡᠭᠡᠵᠢᠩ ᠬᠤᠲᠠ ᠶᠢᠨ ᠰᠤᠷᠭᠠᠨ ᠬᠦᠮᠦᠵᠢᠯ ᠤᠨ ᠵᠥᠪᠯᠡᠯ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠦᠮᠦᠵᠢᠯ ᠤᠨ ᠲᠢᠩᠬᠢᠮ ᠤᠨ ᠬᠠᠮᠢᠶ᠎ᠠ ᠪᠦᠬᠦᠢ ᠤᠳᠤᠷᠢᠳᠤᠯᠭ᠎ᠠ ᠤᠷᠤᠯᠴᠠᠪᠠ᠃                                       ᠣᠷᠴᠢᠭᠤᠯᠤᠭᠴᠢ᠄ ᠭᠤᠸ᠎ᠠ                                       ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2