ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠥᠷᠨᠢᠭᠦᠯᠪᠡ
ᠨᠡᠶᠢᠲᠡᠯᠡᠭᠰᠡᠨ ᠴᠠᠭ᠄
2024/7/18
   ᠵᠢᠭᠤᠯᠴᠢᠯᠠᠯ ᠤᠨ ᠬᠥᠭᠵᠢᠶᠡᠨᠲᠦ ᠤᠯᠠᠷᠢᠯ ᠬᠦᠷᠴᠦ ᠢᠷᠡᠬᠦ ᠲᠠᠰᠢᠷᠠᠮ ᠳᠤ᠂ ᠵᠠᠬ᠎ᠠ ᠳᠡᠯᠭᠡᠭᠦᠷ ᠤᠨ ᠦᠨ᠎ᠡ ᠬᠠᠩᠰᠢ ᠶᠢᠨ ᠠᠵᠢᠯᠯᠠᠭ᠎ᠠ ᠶᠢ ᠤᠯᠠᠮ ᠨᠢᠭᠡ ᠠᠯᠬᠤᠮ ᠵᠢᠷᠤᠮᠵᠢᠭᠤᠯᠵᠤ᠂ ᠬᠡᠷᠡᠭᠯᠡᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠨ᠂ ︽ᠳᠤᠮᠳᠠᠳᠤ ᠤᠯᠤᠰ ᠤᠨ ᠲᠠᠯ᠎ᠠ ᠨᠤᠲᠤᠭ ᠤᠨ ᠵᠤᠰᠠᠯᠠᠩ ᠤᠨ ᠬᠤᠲᠠ︾ ᠶᠢᠨ ᠨᠠᠷᠠᠲᠤ ᠲᠡᠮᠳᠡᠭᠲᠦ ᠶᠢ ᠪᠥᠬᠦ ᠲᠠᠯ᠎ᠠ ᠪᠠᠷ ᠤᠬᠠᠭᠤᠯᠬᠤ ᠶᠢᠨ ᠲᠤᠰᠠᠳᠠ᠂ ᠣᠶᠢᠷ᠎ᠠ ᠳᠤ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠠᠵᠢᠯᠲᠠᠳ ᠮᠠᠨ ᠤ ᠬᠤᠲᠠ ᠶᠢᠨ ᠡᠯ᠎ᠡ ᠲᠣᠮᠣ ᠬᠤᠳᠠᠯᠳᠤᠭᠠᠨ ᠤ ᠬᠡᠲᠦ ᠳᠡᠯᠭᠡᠭᠦᠷ᠂ ᠬᠡᠷᠡᠭᠯᠡᠭᠡᠨ ᠤ ᠭᠠᠵᠠᠷ ᠲᠤ ᠬᠦᠷᠴᠦ ᠬᠢᠨᠠᠯᠲᠠ ᠬᠠᠮᠢᠶᠠᠷᠤᠯᠲᠠ ᠶᠢᠨ ᠪᠠᠶᠢᠴᠠᠭᠠᠯᠲᠠ ᠥᠷᠨᠢᠭᠦᠯᠵᠦ᠂ ᠡᠯ᠎ᠡ ᠡᠵᠡᠩᠨᠡᠯᠲᠡ ᠶᠢᠨ ᠭᠠᠵᠠᠷ ᠤᠨ ᠦᠨ᠎ᠡ ᠬᠠᠩᠰᠢ ᠶᠢ ᠢᠯᠡ ᠬᠠᠳᠠᠵᠦ ᠪᠠᠶᠢᠬᠤ ᠡᠰᠡᠬᠦ ᠵᠢᠴᠢ ᠡᠵᠡᠩᠨᠡᠯᠲᠡ ᠶᠢᠨ ᠵᠢᠷᠤᠮᠵᠢᠭᠤᠨ ᠡᠰᠡᠬᠦ ᠶᠢ ᠲᠣᠭᠤᠷᠢᠨ ᠪᠠᠶᠢᠴᠠᠭᠠᠭᠰᠠᠨ ᠪᠠᠶᠢᠨ᠎ᠠ᠃    ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠠᠵᠢᠯᠲᠠᠨ ᠡᠯ᠎ᠡ ᠢᠳᠡᠭᠡᠨ ᠤᠮᠳᠠᠭᠠᠨ ᠤ ᠡᠵᠡᠩᠨᠡᠯᠲᠡ ᠶᠢᠨ ᠨᠢᠭᠡᠴᠢ ᠶᠢ ᠠᠳᠠᠯᠢ ᠲᠥᠷᠥᠯ ᠤᠨ ᠨᠣᠭᠤᠭᠠᠨ ᠤ ᠵᠦᠢᠯ ᠤᠨ ᠦᠨ᠎ᠡ ᠶᠢ ᠡᠷᠬᠡᠪᠰᠢ ᠨᠢᠭᠡᠳᠦᠯᠲᠡᠶ ᠪᠠᠶᠢᠯᠭᠠᠵᠦ᠂ ︽ᠬᠤᠶᠠᠷ ᠢᠵᠢ ᠲᠣᠪᠶᠤᠭ︾ ᠭᠠᠷᠭᠠᠵᠤ ᠪᠣᠯᠬᠤ ᠥᠬᠡᠶ᠂ ᠦᠨ᠎ᠡ ᠪᠤᠳᠤᠬᠤ ᠨᠢᠭᠡᠴᠢ ᠶᠢᠨ ᠲᠣᠭᠠᠴᠢᠯᠲᠠ ᠶᠢ ᠲᠣᠳᠣᠷᠬᠠᠶ ᠵᠢᠷᠤᠮᠵᠢᠭᠤᠯᠵᠤ᠂ ︽ᠴᠠᠭ ᠤᠯᠠᠷᠢᠯ ᠤᠨ ᠦᠨ᠎ᠡ︾ ᠵᠡᠷᠭᠡ ᠪᠠᠯᠠᠷᠬᠠᠶ ᠥᠭᠦᠯᠡᠯᠲᠡ ᠶᠢ ᠡᠷᠡᠰ ᠬᠤᠷᠢᠭᠯᠠᠬᠤ ᠬᠡᠷᠡᠭᠲᠡᠶ᠃ ᠪᠠᠭᠤᠳᠠᠯ᠂ ᠵᠤᠴᠢᠳ ᠤᠨ ᠪᠠᠭᠤᠳᠠᠯ ᠵᠡᠷᠭᠡ ᠡᠵᠡᠩᠨᠡᠭᠴᠢᠳ ᠦᠨ᠎ᠡ ᠬᠠᠩᠰᠢ ᠶᠢᠨ ᠠᠮᠠᠯᠠᠯᠲᠠ ᠪᠠᠨ ᠦᠨᠡᠨ ᠬᠦ ᠭᠦᠢᠴᠡᠳᠭᠡᠵᠦ᠂ ᠵᠠᠬᠢᠶᠠᠯᠠᠭ᠎ᠠ ᠶᠢᠨ ᠬᠠᠭᠤᠳᠠᠰᠤ ᠬᠦᠴᠦᠨ ᠲᠠᠢ ᠪᠣᠯᠤᠭᠰᠠᠨ ᠪᠠᠶᠢᠳᠠᠯ ᠳᠣᠣᠷ᠎ᠠ ᠭᠠᠭᠴᠠ ᠲᠠᠯ᠎ᠠ ᠠᠴᠠ ᠭᠡᠷ᠎ᠡ ᠶᠢ ᠡᠪᠳᠡᠬᠦ ᠪᠤᠶᠤ ᠦᠨ᠎ᠡ ᠬᠠᠩᠰᠢ ᠶᠢ ᠳᠤᠷ᠎ᠠ ᠪᠠᠷ ᠢᠶᠠᠨ ᠳᠡᠭᠡᠭᠰᠢᠯᠡᠭᠦᠯᠵᠦ ᠪᠣᠯᠬᠤ ᠦᠭᠡᠢ᠂ ᠬᠡᠷᠡᠭᠯᠡᠭᠴᠢᠳ ᠢ ᠪᠤᠷᠤᠭᠤ ᠪᠠᠷ ᠬᠥᠲᠥᠯᠵᠦ᠂ ᠬᠠᠭᠤᠷᠴᠤ ᠪᠣᠯᠬᠤ ᠦᠭᠡᠢ᠃ ᠬᠤᠳᠠᠯᠳᠤᠭᠠᠨ ᠤ ᠭᠠᠵᠠᠷ᠂ ᠵᠠᠬ᠎ᠠ ᠳᠡᠯᠭᠡᠭᠦᠷ ᠤᠨ ᠵᠢᠵᠢᠭᠯᠡᠨ ᠬᠤᠳᠠᠯᠳᠤᠬᠤ ᠨᠢᠭᠡᠴᠢ ᠵᠢᠴᠢ ᠨᠡᠶᠢᠭᠡᠮ ᠲᠣᠭᠤᠷᠢᠭ ᠤᠨ ᠪᠥᠭᠡᠮ ᠢᠶᠠᠷ ᠬᠤᠳᠠᠯᠳᠤᠨ ᠠᠪᠬᠤ᠂ ᠵᠠᠬᠢᠶᠠᠯᠠᠭ᠎ᠠ ᠶᠢᠨ ᠡᠯᠧᠺᠲᠷᠣᠨ ᠬᠤᠳᠠᠯᠳᠤᠭ᠎ᠠ ᠵᠡᠷᠭᠡ ᠲᠠᠪᠴᠠᠩ ᠨᠢ ᠲᠠᠸᠠᠷ ᠤᠨ ᠦᠨ᠎ᠡ ᠶᠢ ᠪᠠᠭᠤᠷᠠᠭᠤᠯᠤᠨ ᠪᠤᠷᠤᠯᠠᠭᠤᠯᠬᠤ ᠳᠠᠭᠠᠨ ᠡᠷᠬᠡᠪᠰᠢ ᠦᠨ᠎ᠡ ᠶᠢ ᠨᠢ ᠪᠠᠭᠤᠷᠠᠭᠤᠯᠬᠤ ᠠᠴᠠ ᠡᠮᠦᠨᠡᠬᠢ ᠳᠣᠯᠣᠭᠠᠨ ᠡᠳᠦᠷ ᠤᠨ ᠳᠣᠲᠣᠷ᠎ᠠ ᠪᠣᠳᠠᠲᠠᠶ ᠪᠣᠷᠣᠯᠠᠭᠤᠯᠬᠤ ᠬᠠᠮᠢᠶ᠎ᠠ ᠪᠦᠬᠦᠢ ᠮᠠᠲ᠋ᠧᠷᠢᠶᠠᠯ ᠢ ᠦᠯᠡᠳᠡᠭᠡᠵᠦ᠂ ᠬᠢᠨᠠᠨ ᠪᠠᠶᠢᠴᠠᠭᠠᠬᠤ ᠳᠤ ᠪᠡᠯᠡᠳᠬᠡᠵᠦ᠂ ᠦᠨ᠎ᠡ ᠬᠠᠩᠰᠢ ᠶᠢᠨ ᠮᠡᠬᠡᠯᠡᠯ ᠢ ᠴᠢᠩᠭ᠎ᠠ ᠴᠠᠭᠠᠵᠠᠯᠠᠬᠤ ᠬᠡᠷᠡᠭᠲᠡᠶ ᠭᠡᠵᠦ ᠱᠠᠭᠠᠷᠳᠠᠪᠠ᠃    ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠦᠨ᠎ᠡ ᠬᠠᠩᠰᠢ ᠶᠢᠨ ᠬᠢᠨᠠᠯᠲᠠ ᠪᠠᠶᠢᠴᠠᠭᠠᠯᠲᠠ ᠪᠠ ᠵᠦᠶ ᠪᠤᠰᠤ ᠥᠷᠢᠰᠥᠯᠳᠦᠭᠡᠨ ᠢ ᠡᠰᠡᠷᠭᠦᠴᠡᠬᠦ ᠲᠣᠪᠴᠢᠶ᠎ᠠ ᠶᠢᠨ ᠳᠠᠷᠤᠭ᠎ᠠ ᠭᠦᠸᠧ ᠪᠦᠦ ᠨᠢᠩ ᠢᠯᠡᠷᠬᠡᠶᠢᠯᠡᠬᠦ ᠳᠡᠭᠡᠨ᠂ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠦᠨ᠎ᠡ ᠬᠠᠩᠰᠢ ᠶᠢᠨ ᠦᠢᠯᠡ ᠠᠵᠢᠯᠯᠠᠭ᠎ᠠ ᠶᠢ ᠬᠢᠨᠠᠨ ᠬᠠᠮᠢᠶᠠᠷᠬᠤ ᠪᠠᠨ ᠨᠢᠭᠲᠠ ᠠᠩᠬᠠᠷᠬᠤ ᠶᠢᠨ ᠬᠠᠮᠲᠤ ᠦᠷᠭᠦᠯᠵᠢᠯᠡᠨ ᠴᠢᠩᠭᠠᠳᠬᠠᠵᠤ᠂ ᠣᠯᠠᠨ ᠲᠦᠮᠡᠨ ᠤ ᠦᠨ᠎ᠡ ᠬᠠᠩᠰᠢ ᠶᠢᠨ ᠵᠠᠭᠠᠯᠳᠤᠯᠭ᠎ᠠ ᠪᠠ ᠢᠯᠡᠴᠢᠯᠡᠨ ᠮᠡᠳᠡᠭᠦᠯᠦᠯᠲᠡ ᠶᠢ ᠴᠠᠭ ᠲᠤᠬᠠᠶ ᠳᠤᠨᠢ ᠭᠥᠯᠢᠶᠡᠨ ᠠᠪᠴᠤ ᠰᠢᠢᠳᠪᠦᠷᠢᠯᠡᠨ᠂ ᠰᠠᠨᠠᠭᠤᠯᠭ᠎ᠠ ᠪᠠᠷ ᠳᠡᠮᠵᠢᠨ ᠮᠥᠨ ᠬᠦ ᠵᠢᠷᠤᠮᠵᠢᠭᠤᠨ ᠪᠤᠰᠤ ᠪᠠᠶᠢᠬᠤ᠂ ᠣᠯᠠᠨ ᠲᠦᠮᠡᠨ ᠤ ᠲᠤᠰᠬᠠᠯ ᠶᠡᠬᠡᠲᠡᠶ ᠦᠨ᠎ᠡ ᠬᠠᠩᠰᠢ ᠶᠢᠨ ᠬᠠᠤᠯᠢ ᠠᠴᠠ ᠵᠥᠷᠢᠴᠡᠭᠰᠡᠨ ᠠᠰᠠᠭᠤᠳᠠᠯ ᠢ ᠪᠠᠶᠢᠴᠠᠭᠠᠨ ᠳᠣᠲᠣᠯᠠᠮᠠᠭᠴᠠ ᠬᠠᠤᠯᠢ ᠶᠣᠰᠣᠭᠠᠷ ᠴᠢᠩᠭ᠎ᠠ ᠰᠢᠢᠳᠪᠦᠷᠢᠯᠡᠵᠦ᠂ ᠦᠢᠯᠡ ᠪᠠᠶᠢᠳᠠᠯ ᠨᠢ ᠮᠠᠭᠤ᠂ ᠰᠢᠨᠵᠢ ᠴᠢᠨᠠᠷ ᠨᠢ ᠬᠦᠨᠳᠦ ᠨᠣᠴᠢᠲᠠᠶ᠂ ᠨᠥᠯᠥᠭᠡ ᠪᠠᠷ ᠨᠡᠯᠢᠶᠡᠳ ᠶᠡᠭᠡ ᠬᠠᠤᠯᠢ ᠠᠴᠠ ᠵᠥᠷᠢᠴᠡᠭᠰᠡᠨ ᠬᠡᠷᠡᠭ ᠢ ᠢᠯᠡ ᠪᠠᠷ ᠢᠯᠡᠴᠢᠯᠡᠬᠦ ᠶᠢᠨ ᠬᠠᠮᠲᠤ᠂ ᠨᠡᠶᠢᠭᠡᠮ ᠤᠨ ᠡᠯ᠎ᠡ ᠡᠲᠡᠭᠡᠳ ᠤᠨ ᠬᠢᠨ ᠤ ᠪᠥᠬᠦ ᠬᠤᠲᠠ ᠶᠢᠨ ᠵᠢᠭᠤᠯᠴᠢᠯᠠᠯ ᠤᠨ ᠦᠢᠯᠡᠰ ᠵᠢᠴᠢ ᠬᠠᠮᠢᠶ᠎ᠠ ᠪᠥᠬᠦᠶ ᠠᠵᠢᠯ ᠲᠥᠷᠥᠯ ᠤᠨ ᠡᠵᠡᠩᠨᠡᠭᠴᠢᠳ ᠤᠨ ᠦᠨ᠎ᠡ ᠬᠠᠩᠰᠢ ᠶᠢᠨ ᠠᠵᠢᠯᠯᠠᠭ᠎ᠠ ᠳᠤ ᠬᠢᠨᠠᠯᠲᠠ ᠲᠠᠯᠪᠢᠬᠤ ᠶᠢ ᠪᠠᠶᠠᠷᠯᠠᠨ ᠤᠭᠲᠤᠨ᠎ᠠ ᠭᠡᠵᠡᠢ᠃
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2