| | ᠨᠢᠭᠡ ᠳᠤ ᠭᠠᠮᠰᠢᠭ ᠤᠨ ᠬᠤᠯᠪᠣᠭᠠᠯᠠᠨ ᠬᠥᠳᠡᠯᠦᠯᠴᠡᠬᠦ ᠲᠣᠭᠲᠠᠴᠠ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ | ᠶᠡᠭᠡ ᠠᠮᠤᠷ ᠲᠦᠪᠰᠢᠨ ᠤ ᠶᠡᠭᠡ ᠪᠠᠴᠢᠮ ᠪᠠᠶᠢᠳᠠᠯ ᠢ ᠠᠷᠭᠠᠴᠠᠬᠤ ᠪᠣᠷᠣ ᠲᠥᠯᠥᠪ ᠢ ᠪᠠᠶᠢᠭᠤᠯᠤᠨ᠎ᠠ᠃ ᠡᠯ᠎ᠡ | ᠲᠦᠷᠦᠯ ᠤᠨ ᠠᠶᠤᠯᠭᠦᠢ ᠦᠢᠯᠡᠳᠪᠦᠷᠢᠯᠡᠯ ᠤᠨ ᠰᠤᠷᠭᠠᠮᠵᠢ ᠶᠢ ᠭᠦᠨᠵᠡᠭᠡᠢ ᠰᠢᠩᠭᠡᠭᠡᠨ ᠠᠪᠴᠤ᠂ ᠠᠶᠤᠯᠭᠦᠢ | ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠴᠢᠩᠭ᠎ᠠ ᠪᠣᠳᠠᠲᠠᠢ ᠨᠠᠶᠢᠳᠠᠪᠤᠷᠢᠵᠢᠭᠤᠯᠵᠤ᠂ ᠠᠶᠤᠯᠭᠦᠢ | ᠦᠢᠯᠡᠳᠪᠦᠷᠢᠯᠡᠯ ᠤᠨ ᠦᠨᠳᠦᠰᠦᠨ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢ | ᠪᠣᠳᠠᠲᠠᠢ ᠳᠤ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ ᠭᠡᠵᠦ ᠱᠠᠭᠠᠷᠳᠠᠪᠠ᠃ ᠣᠳᠣᠬᠠᠨ ᠳᠤ ᠦᠢᠯᠡᠳᠪᠦᠷᠢᠯᠡᠯ | ᠡᠵᠡᠩᠨᠡᠯᠲᠡ ᠶᠢᠨ ᠠᠵᠤ ᠠᠬᠤᠶᠢᠯᠠᠯ ᠪᠠ ᠨᠢᠬᠡᠴᠢ ᠶᠢ ᠨᠡᠶᠢᠲᠡ 224 ᠡᠷᠦᠬᠡ ︵ᠤᠳᠠᠭ᠎ᠠ︶ ᠪᠠᠶᠢᠴᠠᠭᠠᠵᠤ᠂ 177 | ᠡᠷᠦᠬᠡ ᠶᠢ ᠬᠤᠭᠤᠴᠠᠭ᠎ᠠ ᠬᠢᠵᠠᠭᠠᠷᠯᠠᠨ ᠴᠡᠭᠴᠡᠯᠡᠨ ᠰᠠᠶᠢᠵᠢᠷᠠᠭᠤᠯᠵᠤ᠂ 6 ᠡᠷᠦᠬᠡ ᠶᠢ ᠵᠣᠭᠤᠰ ᠢᠶᠠᠷ ᠲᠣᠷᠭᠠᠵᠤ᠂ | ᠬᠤᠯᠪᠣᠭᠳᠠᠭᠰᠠᠨ ᠵᠣᠭᠤᠰ ᠤᠨ ᠲᠤᠭ᠎ᠠ 12.28 ᠲᠦᠮᠡᠨ ᠲᠥᠭᠦᠷᠢᠭ ᠬᠦᠷᠴᠦ᠂ 3 ᠡᠷᠦᠬᠡ ᠶᠢ ᠵᠠᠷᠯᠢᠭᠳᠠᠨ | ᠦᠢᠯᠡᠳᠪᠦᠷᠢᠯᠡᠯ ᠢ ᠵᠣᠭᠰᠣᠭᠠᠨ᠂ 3 ᠨᠡᠶᠢᠲᠡᠯᠢᠭ ᠬᠡᠷᠡᠭ ᠤᠨ ᠵᠢᠱᠢᠶ᠎ᠡ ᠶᠢ ᠳᠡᠭᠡᠭᠰᠢ ᠮᠡᠳᠡᠭᠦᠯᠦᠭᠰᠡᠨ ᠪᠠᠶᠢᠨ᠎ᠠ᠃ | ᠬᠤᠶᠠᠷ ᠲᠤ᠂ ᠬᠠᠮᠢᠶ᠎ᠠ ᠪᠥᠬᠦᠶ ᠲᠥᠰᠦᠯ ᠢ ᠳᠠᠷᠤᠮᠠᠯᠯᠠᠨ ᠲᠠᠷᠬᠠᠭᠠᠵᠤ᠂ ᠠᠮᠤᠷ ᠲᠦᠪᠰᠢᠨ ᠤ ᠲᠦᠭᠰᠢᠭᠦᠷᠢ ᠶᠢᠨ | ᠳᠠᠯᠳᠠ ᠬᠡᠮ ᠢ ᠶᠡᠭᠡ ᠪᠠᠷ ᠵᠢᠭᠰᠠᠭᠠᠨ ᠪᠠᠶᠢᠴᠠᠭᠠᠬᠤ ᠲᠤᠰᠬᠠᠶ ᠠᠵᠢᠯᠯᠠᠭ᠎ᠠ ᠶᠢ ᠯᠠᠪᠳᠠᠭᠤᠨ ᠪᠠᠲᠤᠲᠠᠶ ᠥᠷᠨᠢᠭᠦᠯᠦᠨ᠎ᠡ᠃ | ᠨᠡᠶᠢᠲᠡ 12 ᠠᠵᠢᠯ ᠲᠥᠷᠥᠯ ᠤᠨ ᠬᠦᠷᠢᠶᠡᠨ ᠳᠤ 644 ᠡᠩ ᠤᠨ ᠳᠠᠯᠳᠠ ᠭᠡᠮ ᠢ ᠵᠢᠭᠰᠠᠭᠠᠨ ᠪᠠᠶᠢᠴᠠᠭᠠᠵᠤ᠂ 2 | ᠬᠦᠨᠳᠦ ᠶᠡᠭᠡ ᠳᠠᠯᠳᠠ ᠭᠡᠮ ᠢ ᠵᠢᠭᠰᠠᠭᠠᠨ ᠪᠠᠶᠢᠴᠠᠭᠠᠪᠠ᠃ | ᠭᠤᠷᠪᠠ ᠳᠤ᠂ ᠠᠮᠤᠷ ᠲᠦᠪᠰᠢᠨ ᠤ ᠬᠠᠷᠢᠭᠤᠴᠠᠯᠭ᠎ᠠ ᠶᠢ ᠳᠣᠪᠤᠶᠢᠯᠭᠠᠵᠤ᠂ ᠠᠮᠤᠷ ᠲᠦᠪᠰᠢᠨ ᠤ ᠠᠶᠤᠯ | ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠡᠯ᠎ᠡ ᠱᠠᠲᠤ ᠡᠯ᠎ᠡ ᠰᠠᠯᠠᠭ᠎ᠠ | ᠮᠥᠴᠢᠷ ᠡᠯ᠎ᠡ ᠠᠵᠤ ᠠᠬᠤᠶᠢᠯᠠᠯ ︽ᠬᠡᠨ ᠭᠤᠣᠯᠴᠢᠯᠠᠨ ᠬᠠᠮᠢᠶᠠᠷᠪᠠᠯ ᠬᠡᠨ ᠬᠠᠷᠢᠭᠤᠴᠠᠬᠤ᠂ ᠬᠡᠨ ᠬᠠᠷᠢᠶᠠᠯᠠᠪᠠᠯ ᠬᠡᠨ | ᠬᠠᠷᠢᠭᠤᠴᠠᠬᠤ︾ ᠵᠠᠷᠴᠢᠮ ᠶᠣᠰᠣᠭᠠᠷ᠂ ᠡᠬᠢ ᠡᠭᠦᠰᠦᠯ ᠠᠴᠠ ᠨᠢ ᠬᠠᠮᠢᠶᠠᠷᠤᠨ ᠡᠵᠡᠮᠳᠡᠬᠦ ᠶᠢ ᠴᠢᠩᠭᠠᠳᠬᠠᠵᠤ᠂ | ᠶᠠᠪᠤᠴᠠ ᠶᠢ ᠬᠠᠮᠢᠶᠠᠷᠤᠨ ᠡᠵᠡᠮᠳᠡᠬᠦ ᠶᠢ ᠨᠠᠶᠢᠳᠠᠪᠤᠷᠢᠵᠢᠭᠤᠯᠵᠤ᠂ ᠣᠶᠤᠨᠴᠢᠯᠠᠭᠰᠠᠨ ᠬᠠᠮᠢᠶᠠᠷᠤᠨ ᠡᠵᠡᠮᠳᠡᠬᠦ ᠶᠢ | ᠠᠬᠢᠭᠤᠯᠤᠨ᠎ᠠ᠃ ᠳᠡᠭᠡᠷ᠎ᠡ ᠬᠠᠭᠠᠰ ᠵᠢᠯ ᠳᠤ᠂ ᠨᠢᠭᠡᠨᠲᠡ 612 ᠵᠤᠷᠪᠤᠰ ᠠᠰᠠᠭᠤᠳᠠᠯ ᠪᠠ ᠳᠠᠯᠳᠠ ᠬᠡᠮ ᠢ ᠴᠡᠭᠴᠡᠯᠡᠨ | ᠵᠠᠰᠠᠵᠤ᠂ 34 ᠵᠤᠷᠪᠤᠰ ᠢ ᠶᠠᠭ ᠬᠤᠭᠤᠴᠠᠭ᠎ᠠ ᠲᠣᠭᠲᠠᠭᠠᠨ ᠴᠡᠭᠴᠡᠯᠡᠨ ᠵᠠᠰᠠᠵᠤ ᠪᠠᠶᠢᠨ᠎ᠠ᠃ | ᠵᠤᠬᠢᠶᠠᠭᠴᠢ᠄ ᠴᠢᠶᠤᠤ ᠬᠦᠬᠡ | ᠤᠷᠴᠢᠭᠤᠯᠤᠭᠴᠢ᠄ ᠬᠦᠰᠡᠯ | ᠬᠢᠨᠠᠭᠴᠢ᠄ ᠠᠷᠢᠭᠤᠨ |