ᠬᠤᠲᠠ ᠶᠢᠨ ᠤᠳᠤᠷᠢᠳᠤᠯᠭ᠎ᠠ ᠰᠢᠩ ᠾᠧ ᠰᠢᠶᠠᠨ ᠳᠤ ᠬᠦᠷᠴᠦ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠠᠮᠢ ᠠᠬᠤᠶ ᠣᠷᠴᠢᠨ ᠲᠣᠭᠤᠷᠢᠨ ᠤ ᠬᠦᠷᠢᠶᠡᠨ ᠳᠠᠬᠢ ᠬᠠᠤᠯᠢ ᠠᠴᠠ ᠵᠥᠷᠢᠴᠡᠭᠰᠡᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠥᠷᠨᠢᠭᠦᠯᠦᠭᠰᠡᠨ ᠪᠠᠶᠢᠳᠠᠯ ᠢ ᠱᠠᠯᠠᠪᠳᠠᠭᠤᠯᠤᠨ ᠵᠢᠯᠣᠭᠤᠳᠪᠠ
ᠨᠡᠶᠢᠲᠡᠯᠡᠭᠰᠡᠨ ᠴᠠᠭ᠄
2024/7/19
    7 ᠰᠠᠷ᠎ᠠ ᠶᠢᠨ 17 ᠤ ᠡᠳᠦᠷ᠂ ᠬᠤᠲᠠ ᠶᠢᠨ ᠳᠡᠳ᠋ ᠳᠠᠷᠤᠭ᠎ᠠ ᠢᠦᠶ ᠬᠠᠶ ᠴᠧᠩ ᠰᠢᠩ ᠾᠧ ᠰᠢᠶᠠᠨ ᠳᠤ ᠬᠦᠷᠴᠦ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠠᠮᠢ ᠠᠬᠤᠶ ᠣᠷᠴᠢᠨ ᠲᠣᠭᠤᠷᠢᠨ ᠤ ᠬᠦᠷᠢᠶᠡᠨ ᠳᠠᠬᠢ ᠬᠠᠤᠯᠢ ᠠᠴᠠ ᠵᠥᠷᠢᠴᠡᠭᠰᠡᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠥᠷᠨᠢᠭᠦᠯᠦᠭᠰᠡᠨ ᠪᠠᠶᠢᠳᠠᠯ ᠢ ᠱᠠᠯᠠᠪᠳᠠᠭᠤᠯᠤᠨ ᠵᠢᠯᠣᠭᠤᠳᠪᠠ᠃ ᠬᠤᠲᠠ ᠶᠢᠨ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ᠂ ᠤᠰᠤᠨ ᠠᠰᠢᠭᠯᠠᠯᠲᠠ ᠶᠢᠨ ᠲᠣᠪᠴᠢᠶ᠎ᠠ ᠶᠢᠨ ᠬᠤᠯᠪᠣᠭᠳᠠᠯ ᠪᠥᠬᠦᠶ ᠬᠠᠷᠢᠭᠤᠴᠠᠯᠭᠠᠲᠠᠨ ᠣᠷᠣᠯᠴᠠᠵᠠᠶ᠃     ᠢᠦᠶ ᠬᠠᠶ ᠴᠧᠩ᠂ ᠬᠤᠲᠠ ᠶᠢᠨ ᠰᠢᠭᠤᠳ ᠬᠠᠷᠢᠶ᠎ᠠ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠡᠯ᠎ᠡ ᠬᠤᠰᠢᠭᠤ ᠰᠢᠶᠠᠨ ᠬᠤᠲᠠ ᠲᠣᠭᠤᠷᠢᠭ ᠢ ᠵᠢᠯᠣᠭᠤᠳᠤᠨ ᠲᠣᠰ ᠠᠵᠢᠯ ᠲᠥᠷᠥᠯ᠂ ᠲᠣᠰ ᠭᠠᠵᠠᠷ ᠣᠷᠣᠨ ᠤ ᠣᠷᠣᠨ ᠰᠠᠭᠤᠴᠠ ᠶᠢᠨ ᠪᠥᠲᠥᠭᠡᠨ ᠪᠠᠶᠢᠭᠤᠯᠤᠯᠲᠠ ᠪᠠ ᠠᠮᠢ ᠠᠬᠤᠶ ᠶᠢᠨ ᠣᠷᠴᠢᠨ ᠲᠣᠭᠤᠷᠢᠨ ᠤ ᠬᠦᠷᠢᠶᠡᠨ ᠳᠠᠬᠢ ᠠᠵᠢᠯ ᠤᠨ ᠳᠤᠲᠠᠭᠤᠳᠠᠯ ᠢ ᠴᠢᠩᠭ᠎ᠠ ᠠᠩᠬᠠᠷᠴᠤ᠂ ᠪᠠᠷᠢᠯᠭ᠎ᠠ ᠶᠢᠨ ᠬᠤᠭ ᠨᠣᠪᠰᠢ ᠶᠢ ᠰᠢᠢᠳᠪᠦᠷᠢᠯᠡᠬᠦ᠂ ᠠᠭᠤᠷᠬᠠᠶ ᠶᠢ ᠵᠠᠰᠠᠬᠤ ᠵᠡᠷᠭᠡ ᠭᠤᠤᠯᠳᠠᠯᠭ᠎ᠠ ᠲᠠᠢ ᠠᠶᠤᠯ ᠲᠦᠭᠰᠢᠭᠦᠷᠢ ᠶᠢᠨ ᠳᠠᠯᠳᠠ ᠬᠡᠮ ᠤᠨ ᠬᠦᠷᠢᠶ᠎ᠡ ᠶᠢᠨ ᠲᠣᠭᠤᠷᠢᠨ ᠳᠤ᠂ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠬᠢᠨᠠᠮᠠᠭᠠᠶ ᠪᠥᠬᠦ ᠲᠠᠯ᠎ᠠ ᠪᠠᠷ ᠰᠠᠶᠢᠲᠤᠷ ᠬᠢᠵᠦ᠂ ᠦᠨᠡᠨ ᠪᠣᠳᠠᠲᠠᠶ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠪᠦᠲᠦᠮᠵᠢ ᠪᠠᠷ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠡᠷᠡ ᠬᠡᠪ ᠢᠶᠠᠷ ᠨᠢ ᠰᠠᠶᠢᠲᠤᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠶ ᠭᠡᠵᠦ ᠵᠢᠭᠠᠵᠤ ᠭᠠᠷᠭᠠᠪᠠ᠃     ᠰᠢᠩ ᠾᠧ ᠰᠢᠶᠠᠨ ᠤ ᠷᠦ ᠵᠢᠶᠧ ᠬᠦᠷᠮᠡᠨ ᠴᠢᠯᠠᠭᠤᠯᠢᠭ ᠤᠨ ᠠᠭᠤᠷᠬᠠᠢ ᠶᠢᠨ ᠣᠷᠣᠨ ᠳᠤ᠂ ᠢᠦᠢ ᠬᠠᠢ ᠴᠧᠩ᠂ ᠰᠢᠩ ᠡᡁᠧ ᠰᠢᠶᠠᠨ ᠤ ᠬᠢᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠤᠯᠤᠰ ᠲᠦᠷᠦ ᠶᠢᠨ ᠵᠣᠭᠰᠣᠴᠠ ᠪᠠᠨ ᠦᠨᠡᠨᠬᠦ ᠳᠡᠭᠡᠭᠰᠢᠯᠡᠭᠦᠯᠵᠦ᠂ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠦᠭᠡᠢ ᠬᠥᠭᠵᠢᠯᠲᠡ ᠶᠢᠨ ᠤᠢᠢᠯᠠᠭᠠᠭᠳᠠᠬᠤᠨ ᠢ ᠨᠠᠷᠢᠨ ᠬᠢᠨᠠᠮᠠᠭᠠᠢ ᠲᠤᠭᠤᠰᠢᠯᠠᠭᠤᠯᠵᠤ᠂ ᠠᠵᠤ ᠠᠬᠤᠶᠢᠯᠠᠯ ᠤᠨ ᠵᠠᠰᠠᠯᠲᠠ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠬᠤ ᠶᠢ ᠱᠠᠯᠠᠪᠳᠠᠭᠤᠯᠵᠤ᠂ ᠵᠠᠰᠠᠯᠲᠠ ᠶᠢᠨ ᠲᠥᠰᠦᠯ ᠶᠣᠰᠣᠭᠠᠷ᠂ ᠠᠭᠤᠷᠬᠠᠢ ᠶᠢᠨ ᠠᠮᠢ ᠠᠬᠤᠢ ᠶᠢ ᠰᠡᠷᠭᠦᠭᠡᠨ ᠵᠠᠰᠠᠬᠤ ᠠᠵᠢᠯ ᠤᠨ ᠡᠷᠴᠢᠮ ᠢᠶᠠᠨ ᠴᠢᠩᠭᠠᠷᠠᠭᠤᠯᠵᠤ᠂ ᠵᠠᠰᠠᠯᠲᠠ ᠶᠢᠨ ᠪᠠᠷᠢᠮᠵᠢᠶ᠎ᠠ᠂ ᠠᠵᠢᠯ ᠤᠨ ᠱᠠᠭᠠᠷᠳᠠᠯᠭ᠎ᠠ ᠶᠢ ᠴᠢᠩᠳᠠᠯᠠᠵᠤ᠂ ᠵᠠᠰᠠᠯᠲᠠ ᠶᠢᠨ ᠦᠷ᠎ᠡ ᠪᠦᠲᠦᠮᠵᠢ ᠪᠣᠯᠤᠨ ᠠᠮᠤᠷ ᠲᠦᠪᠰᠢᠨ ᠢ ᠪᠠᠲᠤᠯᠠᠬᠤ ᠬᠡᠷᠡᠭᠲᠡᠢ᠃ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ ︽ᠴᠠᠭ ᠤᠨ ᠬᠦᠰᠦᠨᠦᠭᠲᠦ︾᠂ ︽ᠵᠠᠮ ᠱᠤᠭᠤᠮ ᠤᠨ ᠵᠢᠷᠤᠭ︾ ᠢ ᠲᠣᠭᠲᠠᠭᠠᠨ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠬᠢᠨᠠᠮᠠᠭᠠᠶ ᠮᠥᠷᠳᠡᠨ ᠠᠩᠬᠠᠷᠴᠤ᠂ ᠠᠭᠤᠷᠬᠠᠶ ᠶᠢᠨ ᠵᠠᠰᠠᠯᠲᠠ ᠶᠢᠨ ᠵᠢᠷᠤᠮᠵᠢᠯ ᠲᠠᠢ ᠡᠮᠬᠢ ᠵᠢᠷᠤᠮ ᠲᠠᠢ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ᠃ ᠬᠤᠲᠠ ᠶᠢᠨ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠬᠠᠷᠢᠶ᠎ᠠ ᠭᠠᠵᠠᠷ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠢ ᠵᠢᠯᠣᠭᠤᠳᠴᠤ᠂ ᠠᠶᠤᠯᠭᠦᠢ ᠦᠢᠯᠡᠳᠪᠦᠷᠢᠯᠡᠯ᠂ ᠤᠢ ᠰᠢᠭᠤᠢ ᠨᠤᠲᠤᠭ ᠪᠡᠯᠴᠢᠭᠡᠷ ᠢ ᠡᠵᠡᠯᠡᠨ ᠬᠡᠷᠡᠭᠯᠡᠬᠦ᠂ ᠠᠮᠢ ᠠᠬᠤᠢ ᠶᠢ ᠰᠡᠷᠭᠦᠭᠡᠨ ᠵᠠᠰᠠᠬᠤ ᠵᠡᠷᠭᠡ ᠲᠠᠯ᠎ᠠ ᠶᠢᠨ ᠬᠠᠤᠯᠢ ᠬᠡᠷᠡᠭᠵᠢᠭᠦᠯᠬᠦ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠣᠷᠣᠰᠢᠵᠤ ᠪᠠᠶᠢᠭ᠎ᠠ ᠠᠰᠠᠭᠤᠳᠠᠯ ᠳᠤ ᠬᠠᠤᠯᠢ ᠶᠢ ᠴᠢᠩᠭ᠎ᠠ ᠬᠡᠷᠡᠭᠵᠢᠭᠦᠯᠵᠦ᠂ ᠬᠠᠤᠯᠢ ᠶᠣᠰᠣᠭᠠᠷ ᠴᠢᠩᠭ᠎ᠠ ᠪᠠᠶᠢᠴᠠᠭᠠᠨ ᠰᠢᠢᠳᠪᠦᠷᠢᠯᠡᠬᠦ ᠬᠡᠷᠡᠭᠲᠡᠢ᠃ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠦᠷ᠎ᠡ ᠪᠦᠲᠦᠮᠵᠢ ᠶᠢ ᠮᠥᠷᠳᠡᠨ ᠠᠰᠠᠭᠤᠬᠤ ᠶᠢ ᠴᠢᠩᠭᠠᠳᠬᠠᠵᠤ᠂ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠪᠣᠯᠤᠨ ᠠᠶᠤᠯᠭᠦᠢ ᠦᠢᠯᠡᠳᠪᠦᠷᠢᠯᠡᠯ ᠤᠨ ᠤᠯᠠᠭᠠᠨ ᠱᠤᠭᠤᠮ ᠢ ᠦᠨᠡᠨᠬᠦ ᠪᠠᠲᠤ ᠰᠠᠬᠢᠬᠤ ᠬᠡᠷᠡᠭᠲᠡᠢ ᠭᠡᠵᠦ ᠴᠢᠬᠤᠯᠠᠴᠢᠯᠠᠪᠠ᠃                                         ᠣᠷᠴᠢᠭᠤᠯᠤᠭᠴᠢ᠄ ᠭᠤᠸ᠎ᠠ                                         ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2