ᠯᠢᠶᠠᠩᠴᠧᠩ ᠰᠢᠶᠠᠨ ᠵᠢᠵᠢᠭᠯᠡᠨ ᠬᠤᠳᠠᠯᠳᠤᠬᠤ ᠡᠮ ᠤᠨ ᠵᠦᠢᠯ ᠢ ᠬᠤᠳᠠᠯᠳᠤᠬᠤ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠪᠠ
ᠨᠡᠶᠢᠲᠡᠯᠡᠭᠰᠡᠨ ᠴᠠᠭ᠄
2024/7/19
     ᠨᠢᠭᠡ ᠳᠤ᠂ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠶᠢᠨ ᠠᠵᠢᠯ ᠢ ᠪᠥᠬᠦ ᠲᠠᠯ᠎ᠠ ᠪᠠᠷ ᠰᠠᠶᠢᠲᠤᠷ ᠬᠢᠨ᠎ᠠ᠃ ᠡᠮ ᠤᠨ ᠳᠡᠯᠭᠡᠭᠦᠷ ᠤᠨ ᠬᠠᠳᠠᠭᠠᠯᠠᠭᠰᠠᠨ᠂ ᠬᠤᠳᠠᠯᠳᠤᠭᠰᠠᠨ᠂ ᠠᠵᠢᠯ ᠡᠷᠬᠢᠯᠡᠬᠦ ᠡᠮ ᠨᠠᠶᠢᠷᠠᠭᠴᠢ ᠶᠢ ᠲᠣᠬᠢᠷᠠᠭᠤᠯᠤᠭᠰᠠᠨ ᠵᠡᠷᠭᠡ ᠪᠠᠶᠢᠳᠠᠯ ᠳᠤ ᠭᠤᠤᠯᠳᠠᠯᠭ᠎ᠠ ᠲᠠᠢ ᠬᠢᠨᠠᠯᠲᠠ ᠲᠠᠯᠪᠢᠵᠤ ᠪᠠᠶᠢᠴᠠᠭᠠᠯᠲᠠ ᠬᠢᠵᠦ᠂ ᠡᠮ ᠤᠨ ᠳᠡᠯᠭᠡᠭᠦᠷ ᠢ ᠨᠡᠶᠢᠲᠡ 35 ᠤᠳᠠᠭ᠎ᠠ᠂ ᠡᠮᠴᠢᠯᠡᠭᠡᠨ ᠤ ᠪᠠᠶᠢᠭᠤᠯᠤᠮᠵᠢ ᠶᠢ 65 ᠤᠳᠠᠭ᠎ᠠ ᠪᠠᠶᠢᠴᠠᠭᠠᠵᠤ᠂ ᠢᠯᠡᠷᠡᠭᠦᠯᠦᠭᠰᠡᠨ ᠠᠰᠠᠭᠤᠳᠠᠯ ᠳᠤ ᠴᠢᠭᠯᠡᠭᠦᠯᠦᠨ ᠠᠵᠤ ᠠᠬᠤᠶᠢᠯᠠᠯ ᠢ ᠵᠠᠷᠯᠢᠭᠳᠠᠨ ᠴᠡᠭᠴᠡᠯᠡᠨ  ᠰᠠᠶᠢᠵᠢᠷᠠᠭᠤᠯᠬᠤ ᠶᠢᠨ ᠬᠠᠮᠲᠤ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠮᠥᠷᠳᠡᠨ ᠪᠠᠶᠢᠴᠠᠭᠠᠪᠠ᠃    ᠬᠤᠶᠠᠷ ᠲᠤ᠂ ᠡᠮ ᠤᠨ ᠵᠦᠢᠯᠡᠰ ᠢ ᠵᠢᠵᠢᠭᠯᠡᠨ ᠬᠤᠳᠠᠯᠳᠤᠬᠤ ᠪᠠ ᠬᠡᠷᠡᠭᠯᠡᠬᠦ ᠭᠤᠭᠴᠤᠭ᠎ᠠ ᠶᠢᠨ ᠲᠤᠰᠬᠠᠢ ᠪᠠᠶᠢᠴᠠᠭᠠᠯᠲᠠ ᠶᠢ ᠪᠦᠬᠦ ᠲᠠᠯ᠎ᠠ ᠪᠠᠷ ᠥᠷᠨᠢᠭᠦᠯᠦᠨ᠎ᠡ᠃ ᠡᠮᠴᠢᠯᠡᠭᠡᠨ ᠤ ᠪᠠᠶᠢᠭᠤᠯᠤᠮᠵᠢ᠂ ᠡᠮ ᠤᠨ ᠵᠦᠢᠯ ᠢ ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ ᠢᠶᠠᠷ ᠪᠠᠶᠢᠴᠠᠭᠠᠯᠲᠠ ᠶᠢᠨ ᠭᠤᠤᠯᠳᠠᠯᠭ᠎ᠠ ᠪᠣᠯᠭᠠᠵᠤ᠂ ᠡᠮ ᠤᠨ ᠳᠡᠯᠭᠡᠭᠦᠷ ᠢ ᠨᠡᠶᠢᠲᠡ 12 ᠤᠳᠠᠭ᠎ᠠ ᠪᠠᠶᠢᠴᠠᠭᠠᠵᠤ᠂ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠣᠯᠵᠤ ᠮᠡᠳᠡᠭᠰᠡᠨ ᠦᠭᠡᠢ᠃    ᠭᠤᠷᠪᠠ ᠳᠤ᠂ ᠸᠠᠺᠼᠢᠨ ᠤ ᠲᠠᠷᠢᠯᠭ᠎ᠠ ᠶᠢᠨ ᠠᠮᠤᠷ ᠲᠦᠪᠰᠢᠨ ᠢ ᠪᠥᠬᠦ ᠲᠠᠯ᠎ᠠ ᠪᠠᠷ ᠪᠠᠲᠤᠯᠠᠨ᠎ᠠ᠃ ᠳᠡᠭᠡᠷ᠎ᠡ ᠬᠠᠭᠠᠰ ᠵᠢᠯ ᠳᠤ᠂ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠵᠢᠴᠢ 5 ᠡᠮᠴᠢᠯᠡᠭᠡᠨ ᠤ ᠪᠠᠶᠢᠭᠤᠯᠤᠮᠵᠢ ᠳᠤ ᠪᠦᠷᠢᠨ ᠪᠦᠷᠬᠦᠬᠦᠯᠬᠦ ᠪᠠᠶᠢᠴᠠᠭᠠᠯᠲᠠ ᠬᠢᠵᠦ᠂ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠣᠯᠵᠤ ᠮᠡᠳᠡᠭᠰᠡᠨ ᠦᠭᠡᠢ᠃    ᠳᠥᠷᠪᠡ ᠳᠤ᠂ ᠡᠮ ᠤᠨ ᠵᠦᠢᠯᠡᠰ ᠤᠨ ᠰᠦᠯᠵᠢᠶ᠎ᠡ ᠪᠠᠷ ᠪᠣᠷᠣᠯᠠᠭᠤᠯᠬᠤ ᠲᠤᠰᠬᠠᠢ ᠪᠠᠶᠢᠴᠠᠭᠠᠯᠲᠠ ᠶᠢᠨ ᠠᠵᠢᠯ ᠢ ᠪᠥᠬᠦ ᠲᠠᠯ᠎ᠠ ᠪᠠᠷ ᠰᠠᠶᠢᠲᠤᠷ ᠬᠢᠨ᠎ᠡ᠃ ᠰᠦᠯᠵᠢᠶ᠎ᠡ ᠪᠠᠷ ᠪᠣᠷᠣᠯᠠᠭᠤᠯᠬᠤ ᠦᠢᠯᠡ ᠠᠵᠢᠯᠯᠠᠭ᠎ᠠ ᠲᠠᠢ 4 ᠡᠮ ᠤᠨ ᠳᠡᠯᠭᠡᠭᠦᠷ ᠲᠤ ᠪᠠᠶᠢᠴᠠᠭᠠᠯᠲᠠ ᠬᠢᠵᠦ᠂ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠲᠦᠷ ᠢᠯᠡᠷᠡᠭᠦᠯᠦᠭᠰᠡᠨ ᠥᠬᠡᠶ᠃                       ᠤᠷᠴᠢᠭᠤᠯᠤᠭᠴᠢ᠄ ᠬᠦᠰᠡᠯ                       ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2