ᠰᠦᠶ ᠸᠧᠶ ᠵᠢᠶᠦ᠋ᠨ ᠪᠦᠯᠬᠦᠮ ᠳᠠᠭᠠᠭᠤᠯᠤᠨ ᠱᠠᠨᠳᠦ᠋ᠩ ᠤᠨ ᠴᠢᠩᠳᠣᠣ ᠳᠤ ᠬᠦᠷᠴᠦ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/7/2
   6 ᠰᠠᠷ᠎ᠠ ᠶᠢᠨ 28 ᠤ ᠡᠳᠦᠷ ᠠᠴᠠ 30 ᠤ ᠡᠳᠦᠷ ᠪᠣᠯᠲᠠᠯ᠎ᠠ᠂ ᠬᠤᠲᠠ ᠶᠢᠨ ᠨᠠᠮ ᠤᠨ ᠬᠤᠷᠢᠶᠠᠨ ᠤ ᠱᠦᠵᠢ ᠰᠦᠶ ᠸᠧᠶ ᠵᠢᠶᠦ᠋ᠨ ᠪᠦᠯᠬᠦᠮ ᠳᠠᠭᠠᠭᠤᠯᠤᠨ ᠱᠠᠨᠳᠦ᠋ᠩ ᠤᠨ ᠴᠢᠩᠳᠣᠤ ᠳᠤ ᠬᠦᠷᠴᠦ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠠᠵᠢᠯᠯᠠᠭ᠎ᠠ ᠥᠷᠨᠢᠭᠦᠯᠵᠦ᠂ ᠠᠵᠤ ᠠᠬᠤᠶᠢᠯᠠᠯ ᠢ ᠰᠤᠷᠪᠤᠯᠵᠢᠯᠠᠨ ᠵᠣᠯᠭᠠᠭᠤᠯᠵᠤ᠂ ᠤᠯᠠᠭᠠᠨᠴᠠᠪ ᠢ ᠨᠢᠭᠤᠷᠲᠠᠨ ᠤᠬᠠᠭᠤᠯᠤᠨ ᠲᠠᠨᠢᠯᠴᠠᠭᠤᠯᠵᠤ᠂ ᠲᠥᠷᠥᠯ ᠵᠦᠢᠯ ᠤᠨ ᠬᠠᠮᠲᠤᠷᠠᠯᠴᠠᠭᠠᠨ ᠤ ᠤᠴᠢᠷ ᠶᠠᠪᠤᠳᠠᠯ ᠢ ᠵᠥᠪᠳᠡᠯᠴᠡᠪᠡ᠃    ᠴᠢᠩᠳᠣᠤ ᠶᠢᠨ ᠦ᠋ ᠰᠢᠶᠤᠤ ᠪᠦᠯᠦᠭᠯᠡᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ᠂ ᠴᠢᠩᠳᠣᠤ ᠶᠢᠨ ᠺᠠᠢ ᠴᠤᠸᠠᠩ ᠢᠳᠡᠭᠡᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠬᠠᠢ ᠵᠦᠸᠧ ᠳ᠋ᠦᠩ ᠯᠢ ︵ᠴᠢᠩᠳᠣᠤ︶ ᠡᠨᠧᠷᠭᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ᠂ ᠴᠢᠩᠳᠣᠤ ᠶᠢᠨ ᠵᠦᠩ ᠺᠧ ᠬᠤᠸᠠ ᠯᠢᠶᠠᠨ ᠰᠢᠨ᠎ᠡ ᠮᠠᠲ᠋ᠧᠷᠢᠶᠠᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠳᠤ᠂ ᠰᠦᠢ ᠸᠧᠢ ᠵᠢᠶᠦ᠋ᠨ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ᠂ ᠠᠵᠤ ᠦᠢᠯᠡᠰ ᠤᠨ ᠪᠠᠶᠢᠷᠢᠰᠢᠭᠤᠯᠤᠯᠲᠠ ᠶᠢᠨ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠲᠦᠷᠦᠯ ᠵᠦᠢᠯ ᠤᠨ ᠬᠠᠮᠲᠤᠷᠠᠯᠴᠠᠭ᠎ᠠ ᠶᠢ ᠠᠬᠢᠭᠤᠯᠬᠤ ᠲᠤᠬᠠᠢ ᠵᠥᠪᠳᠡᠯᠴᠡᠪᠡ᠃ ᠰᠦᠢ ᠸᠧᠢ ᠵᠢᠶᠦ᠋ᠨ᠂ ᠣᠳᠣᠬᠠᠨ ᠳᠤ᠂ ᠤᠯᠠᠭᠠᠨᠴᠠᠪ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢ ᠪᠦᠬᠦ ᠬᠦᠴᠦᠨ ᠢᠶᠠᠷ ᠢᠶᠠᠨ ᠰᠠᠶᠢᠲᠤᠷ ᠪᠡᠶᠡᠯᠡᠭᠦᠯᠵᠦ᠂ ᠤᠯᠠᠮᠵᠢᠯᠠᠯᠲᠤ ᠠᠵᠤ ᠦᠢᠯᠡᠰ᠂ ᠳᠠᠪᠠᠭᠤᠯᠢᠭ ᠠᠵᠤ ᠦᠢᠯᠡᠰ᠂ ᠰᠢᠨ᠎ᠡ ᠪᠠᠷ ᠮᠠᠨᠳᠤᠭᠰᠠᠨ ᠠᠵᠤ ᠦᠢᠯᠡᠰ᠂ ᠢᠷᠡᠭᠡᠳᠦᠢ ᠶᠢᠨ ᠠᠵᠤ ᠦᠢᠯᠡᠰ ᠢᠶᠠᠷ ᠲᠤᠯᠭᠠᠭᠤᠷᠢᠯᠠᠯ ᠪᠣᠯᠭᠠᠭᠰᠠᠨ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠢᠳᠡᠪᠬᠢᠲᠡᠢ ᠪᠠᠶᠢᠭᠤᠯᠵᠤ ᠪᠠᠶᠢᠨ᠎ᠠ᠃ ᠬᠤᠶᠠᠷ ᠲᠠᠯ᠎ᠠ ᠪᠠᠷ ᠢᠶᠠᠨ ᠳᠠᠪᠠᠭᠤᠯᠢᠭ ᠢᠶᠠᠨ ᠬᠠᠷᠢᠯᠴᠠᠨ ᠨᠥᠬᠦᠪᠥᠷᠢᠯᠡᠬᠦ᠂ ᠬᠠᠷᠢᠯᠴᠠᠨ ᠠᠰᠢᠭᠲᠠᠢ ᠬᠠᠮᠲᠤᠪᠠᠷ ᠠᠰᠢᠭ ᠬᠦᠷᠲᠡᠬᠦ ᠨᠡᠶᠢᠯᠡᠯ ᠴᠡᠭ ᠢ ᠤᠯᠠᠮ ᠨᠢᠭᠡ ᠠᠯᠬᠤᠮ ᠣᠨᠣᠪᠴᠢᠲᠠᠢ ᠣᠯᠵᠤ᠂ ᠤᠯᠠᠭᠠᠨᠴᠠᠪ ᠤᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠠᠵᠠ ᠲᠣᠬᠢᠶᠠᠯ ᠢ ᠬᠠᠮᠲᠤᠪᠠᠷ ᠡᠳ᠋ᠯᠡᠬᠦ ᠶᠢ ᠬᠦᠰᠡᠵᠦ ᠪᠠᠶᠢᠨ᠎ᠠ᠃ ᠪᠢᠳᠡ ᠲᠦᠷᠦᠯ ᠵᠦᠢᠯ ᠢ ᠨᠠᠶᠢᠳᠠᠪᠤᠷᠢᠵᠢᠭᠤᠯᠬᠤ ᠳᠤ ᠪᠦᠬᠦ ᠲᠠᠯ᠎ᠠ ᠶᠢᠨ᠂ ᠪᠦᠬᠦ ᠦᠶᠡᠯᠡᠯ ᠤᠨ ᠬᠤᠭᠤᠴᠠᠭᠠᠨ ᠤ ᠦᠢᠯᠡᠴᠢᠯᠡᠭᠡ ᠬᠠᠩᠭᠠᠵᠤ᠂ ᠠᠵᠤ ᠠᠬᠤᠶᠢᠯᠠᠯ ᠤᠨ ᠬᠥᠭᠵᠢᠨ ᠪᠤᠵᠠᠭᠠᠢᠢᠷᠠᠬᠤ ᠶᠢ ᠪᠦᠬᠦ ᠬᠦᠴᠦᠨ ᠢᠶᠠᠷ ᠢᠶᠠᠨ ᠲᠡᠮᠵᠢᠨ᠎ᠡ ᠭᠡᠵᠦ ᠬᠡᠯᠡᠪᠡ᠃ ᠬᠠᠮᠢᠶ᠎ᠠ ᠪᠦᠬᠦᠢ ᠠᠵᠤ ᠠᠬᠤᠶᠢᠯᠠᠯ ᠤᠨ ᠬᠠᠷᠢᠭᠤᠴᠠᠯᠭᠠᠲᠠᠨ᠂ ᠤᠯᠠᠭᠠᠨᠴᠠᠪ ᠤᠨ ᠬᠥᠭᠵᠢᠯᠲᠡ ᠶᠢᠨ ᠢᠷᠡᠭᠡᠳᠦᠶ ᠥᠷᠭᠡᠨ ᠠᠭᠤᠳᠠᠮ᠂ ᠣᠨᠴᠠᠭᠠᠶᠢᠯᠠᠨ ᠲᠠᠷᠢᠶᠠᠯᠠᠩ ᠤᠨ ᠪᠦᠲᠦᠭᠡᠭᠳᠡᠬᠦᠨ ᠢ ᠨᠠᠷᠢᠯᠢᠭ ᠡᠳ᠋ᠰᠢᠭᠦᠯᠬᠦ᠂ ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ ᠢ ᠬᠥᠭᠵᠢᠭᠦᠯᠬᠦ ᠲᠠᠯ᠎ᠠ ᠪᠠᠷ ︽ᠨᠡᠶᠢᠯᠡᠮᠡᠯ ᠳᠠᠪᠠᠭᠤᠯᠢᠭ︾ ᠢᠯᠡᠷᠬᠡᠶ᠂ ᠠᠵᠤ ᠦᠢᠯᠡᠰ ᠤᠨ ᠬᠡᠯᠬᠢᠶ᠎ᠡ ᠲᠡᠭᠦᠯᠳᠡᠷᠵᠢᠵᠦ᠂ ᠲᠠᠷᠠᠭᠠᠴᠢ ᠶᠢᠨ ᠠᠯᠬᠤᠮ ᠳᠤ ᠨᠡᠪᠲᠡᠷᠡᠯᠴᠡᠭᠡ ᠰᠣᠯᠢᠯᠴᠠᠭ᠎ᠠ ᠪᠠᠨ ᠦᠷᠭᠦᠯᠵᠢᠯᠡᠨ ᠭᠦᠨᠵᠡᠭᠡᠶᠢᠷᠡᠭᠦᠯᠵᠦ᠂ ᠨᠡᠶᠢᠯᠡᠯ ᠴᠡᠭ ᠢᠶᠠᠨ ᠣᠨᠣᠪᠴᠢᠲᠠᠶ ᠣᠯᠵᠤ᠂ ᠭᠦᠨ ᠳᠠᠪᠬᠤᠷᠭ᠎ᠠ ᠶᠢᠨ ᠪᠣᠳᠠᠲᠠᠶ ᠶᠢ ᠡᠷᠬᠢᠮᠯᠡᠭᠰᠡᠨ ᠬᠠᠮᠲᠤᠷᠠᠯᠴᠠᠭ᠎ᠠ ᠪᠠᠨ ᠴᠢᠩᠭᠠᠳᠬᠠᠨ᠎ᠠ ᠭᠡᠵᠦ ᠢᠯᠡᠷᠬᠡᠶᠢᠯᠡᠪᠡ᠃    ᠴᠢᠩᠳᠣᠤ ᠶᠢᠨ ᠬᠦᠷᠮᠡᠨ ᠴᠢᠯᠠᠭᠤᠯᠢᠭ ᠤᠨ ᠨᠡᠶᠢᠯᠡᠮᠡᠯ ᠮᠠᠲ᠋ᠧᠷᠢᠶᠠᠯ ᠤᠨ ᠰᠤᠳᠤᠯᠭᠠᠨ ᠤ ᠬᠦᠷᠢᠶᠡᠯᠡᠩ ᠳᠤ᠂ ᠰᠦᠶ ᠸᠧᠶ ᠵᠢᠶᠦ᠋ᠨ ᠬᠦᠷᠮᠡᠨ ᠴᠢᠯᠠᠭᠤᠯᠢᠭ ᠤᠨ ᠪᠦᠲᠦᠭᠡᠭᠳᠡᠬᠦᠨ ᠢ ᠰᠤᠳᠤᠯᠤᠨ ᠨᠡᠭᠡᠭᠡᠬᠦ᠂ ᠦᠷ᠎ᠡ ᠪᠦᠲᠦᠭᠡᠯ ᠢ ᠬᠤᠪᠢᠷᠠᠭᠤᠯᠬᠤ᠂ ᠠᠬᠤᠶ ᠲᠠᠯᠠᠪᠠᠶ ᠶᠢᠨ ᠬᠡᠷᠡᠭᠯᠡᠯᠲᠡ ᠵᠡᠷᠭᠡ ᠶᠢᠨ ᠲᠣᠭᠤᠷᠢᠨ ᠳᠤ ᠬᠠᠷᠢᠭᠤᠴᠠᠯᠭᠠᠲᠠᠨ ᠲᠠᠢ ᠰᠠᠨᠠᠯ ᠢᠶᠠᠨ ᠰᠣᠯᠢᠯᠴᠠᠪᠠ᠃ ᠲᠡᠷᠡ᠂ ᠤᠯᠠᠭᠠᠨᠴᠠᠪ ᠤᠨ ᠬᠦᠷᠮᠡᠨ ᠴᠢᠯᠠᠭᠤᠯᠢᠭ ᠤᠨ ᠡᠬᠢ ᠪᠠᠶᠠᠯᠢᠭ ᠡᠯᠪᠡᠭ ᠳᠡᠯᠪᠡᠭ᠂ ᠶᠠᠰᠤ ᠴᠢᠨᠠᠷ ᠰᠠᠶᠢᠨ ᠪᠠᠶᠢᠵᠤ᠂ ᠰᠤᠳᠤᠯᠭᠠᠨ ᠤ ᠬᠦᠷᠢᠶᠡᠯᠡᠩ ᠵᠠᠰᠠᠭ ᠤᠨ ᠣᠷᠳᠣᠨ ᠬᠥᠲᠥᠯᠦᠨ ᠵᠢᠯᠣᠭᠤᠳᠬᠤ᠂ ᠰᠢᠨᠵᠢᠯᠡᠬᠦ ᠤᠬᠠᠭᠠᠨ ᠮᠡᠷᠭᠡᠵᠢᠯ ᠢᠶᠠᠷ ᠬᠥᠲᠥᠯᠦᠨ ᠳᠠᠭᠠᠭᠤᠯᠬᠤ᠂ ᠵᠠᠬ᠎ᠠ ᠳᠡᠯᠭᠡᠭᠦᠷ ᠤᠨ ᠲᠣᠭᠲᠠᠴᠠ ᠪᠠᠷ ᠳᠠᠮᠵᠢᠭᠤᠯᠤᠨ᠂ ᠬᠦᠷᠮᠡᠨ ᠴᠢᠯᠠᠭᠤᠯᠢᠭ ᠤᠨ ᠰᠢᠷᠬᠡᠭ ᠤᠨ ᠪᠦᠲᠦᠭᠡᠭᠳᠡᠬᠦᠨ ᠤ ᠦᠢᠯᠡᠳᠪᠦᠷᠢᠯᠡᠯ ᠵᠢᠴᠢ ᠳᠡᠯᠭᠡᠷᠡᠭᠦᠯᠦᠨ ᠬᠡᠷᠡᠭᠯᠡᠬᠦ ᠶᠢ ᠠᠬᠢᠭᠤᠯᠵᠤ᠂ ᠬᠦᠷᠮᠡᠨ ᠴᠢᠯᠠᠭᠤᠯᠢᠭ ᠤᠨ ᠰᠢᠷᠬᠡᠭ ᠤᠨ ᠠᠵᠤ ᠦᠢᠯᠡᠰ ᠤᠨ ᠥᠨᠳᠥᠷ ᠬᠢᠷᠢ ᠲᠦᠪᠰᠢᠨ ᠢᠶᠠᠷ ᠬᠥᠭᠵᠢᠬᠦ ᠶᠢ ᠠᠬᠢᠭᠤᠯᠬᠤ ᠶᠢ ᠬᠦᠰᠡᠵᠦ ᠪᠠᠶᠢᠨ᠎ᠠ ᠭᠡᠵᠦ ᠬᠡᠯᠡᠪᠡ᠃ ᠰᠤᠳᠤᠯᠭᠠᠨ ᠤ ᠬᠦᠷᠢᠶᠡᠯᠡᠩ ᠤᠨ ᠬᠠᠮᠢᠶ᠎ᠠ ᠪᠦᠬᠦᠢ ᠬᠠᠷᠢᠭᠤᠴᠠᠯᠭᠠᠲᠠᠨ᠂ ᠰᠢᠨᠵᠢᠯᠡᠬᠦ ᠤᠬᠠᠭᠠᠨ ᠤ ᠰᠤᠳᠤᠯᠭᠠᠨ ᠤ ᠦᠷ᠎ᠡ ᠪᠦᠲᠦᠭᠡᠯ ᠤᠨ ᠬᠤᠪᠢᠷᠠᠭᠤᠯᠤᠯᠲᠠ ᠶᠢ ᠲᠦᠷᠭᠡᠳᠬᠡᠵᠦ᠂ ᠬᠡᠷᠡᠭᠯᠡᠭᠡᠨ ᠤ ᠪᠠᠶᠢᠳᠠᠯ ᠢ ᠲᠠᠰᠤᠷᠠᠯᠲᠠ ᠦᠭᠡᠢ ᠪᠠᠶᠠᠯᠢᠭᠵᠢᠭᠤᠯᠵᠤ᠂ ᠤᠯᠠᠭᠠᠨᠴᠠᠪ ᠤᠨ ᠬᠦᠷᠮᠡᠨ ᠴᠢᠯᠠᠭᠤᠯᠢᠭ ᠤᠨ ᠰᠢᠷᠬᠡᠭ ᠤᠨ ᠠᠵᠤ ᠦᠢᠯᠡᠰ ᠢ ᠶᠡᠬᠡᠪᠡᠷ ᠬᠥᠭᠵᠢᠭᠦᠯᠬᠦ ᠳᠤ ᠰᠢᠨᠵᠢᠯᠡᠬᠦ ᠤᠬᠠᠭᠠᠨ ᠤ ᠰᠤᠳᠤᠯᠭᠠᠨ ᠤ ᠪᠠᠲᠤᠯᠠᠭ᠎ᠠ ᠪᠠ ᠮᠡᠷᠭᠡᠵᠢᠯ ᠤᠨ ᠲᠤᠯᠭᠠᠭᠤᠷᠢᠯᠠᠯ ᠬᠠᠩᠭᠠᠨ᠎ᠠ ᠭᠡᠵᠦ ᠢᠯᠡᠷᠬᠡᠶᠢᠯᠡᠪᠡ᠃     ᠰᠦᠢ ᠵᠢᠶᠠᠨ ᠬᠤᠸᠠ᠂ ᠵᠢᠢ ᠬᠤᠩ ᠣᠷᠣᠯᠴᠠᠵᠠᠢ᠃                             ᠣᠷᠴᠢᠭᠤᠯᠤᠭᠴᠢ᠄ ᠭᠤᠸ᠎ᠠ                             ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2