ᠵᠢᠨᠢᠩ — ᠳ᠋ᠠᠲ᠋ᠦ᠋ᠩ — ᠶᠣᠧᠠᠨᠫᠢᠩ ᠤᠨ ᠲᠦᠷᠭᠡᠨ ᠤ ᠲᠡᠮᠦᠷ ᠵᠠᠮ ᠪᠡᠭᠡᠵᠢᠩ ᠪᠤᠭᠤᠳᠤ ᠶᠢᠨ ᠠᠶᠠᠨᠴᠢᠳ ᠤᠨ ᠲᠤᠰᠬᠠᠢ ᠱᠤᠭᠤᠮ ᠲᠠᠢ ᠤᠯᠠᠭᠠᠨᠴᠠᠪ ᠦᠷᠳᠡᠭᠡ ᠳᠤ ᠠᠮᠵᠢᠯᠳᠠ ᠲᠠᠢ ᠵᠠᠯᠭᠠᠯᠳᠤᠪᠠ
ᠨᠡᠶᠢᠲᠡᠯᠡᠭᠰᠡᠨ ᠴᠠᠭ᠄
2024/7/2
   ᠤᠶᠢᠷ᠎ᠠ ᠶᠢᠨ ᠡᠳᠦᠷ᠂ ᠵᠢᠨᠢᠩ —  ᠳ᠋ᠠᠲ᠋ᠦ᠋ᠩ —  ᠶᠤᠸᠠᠨᠫᠢᠩ ᠤᠨ ᠲᠦᠷᠬᠡᠨ ᠤ ᠲᠡᠮᠦᠷ ᠵᠠᠮ ᠪᠡᠭᠡᠵᠢᠩ ᠪᠤᠭᠤᠳᠤ ᠶᠢᠨ ᠠᠶᠠᠨᠴᠢᠳ ᠤᠨ ᠲᠤᠰᠬᠠᠢ ᠱᠤᠭᠤᠮ ᠲᠠᠢ ᠤᠯᠠᠭᠠᠨᠴᠠᠪ ᠦᠷᠳᠡᠭᠡ ᠳᠤ ᠠᠮᠵᠢᠯᠳᠠ ᠲᠠᠢ ᠵᠠᠯᠭᠠᠯᠳᠤᠪᠠ᠃ ᠡᠨᠡ ᠨᠢ ᠥᠪᠥᠷ ᠮᠣᠩᠭᠤᠯ ᠤᠨ ᠰᠢᠨ᠎ᠡ ᠪᠠᠷ ᠪᠠᠶᠢᠭᠤᠯᠤᠭᠰᠠᠨ ᠵᠢᠨᠢᠩ ᠳ᠋ᠠᠲ᠋ᠦ᠋ᠩ ᠶᠤᠸᠠᠨᠫᠢᠩ ᠤᠨ ᠲᠦᠷᠭᠡᠨ ᠤ ᠲᠡᠮᠦᠷ ᠵᠠᠮ ᠤᠯᠤᠰ ᠤᠨ ︽ᠨᠠᠢᠮᠠᠨ ᠬᠥᠨᠳᠡᠯᠡᠨ ᠨᠠᠢᠮᠠᠨ ᠭᠤᠯᠳᠤ︾ ᠲᠦᠷᠭᠡᠨ ᠤ ᠲᠡᠮᠦᠷ ᠵᠠᠮ ᠤᠨ ᠲᠣᠣᠷ ᠲᠤ ᠵᠢᠩᠬᠢᠨᠢ ᠪᠠᠷ ᠵᠠᠯᠭᠠᠯᠳᠤᠵᠤ᠂ ᠵᠠᠯᠭᠠᠮᠵᠢ ᠢᠨᠵᠧᠨᠧᠷᠢᠩ ᠢ ᠬᠡᠷᠡᠭᠵᠢᠭᠦᠯᠬᠦ ᠳᠤ ᠪᠠᠲᠤ ᠪᠠᠬᠢ ᠰᠠᠭᠤᠷᠢ ᠶᠢ ᠲᠠᠯᠪᠢᠵᠤ ᠥᠭᠭᠦᠭᠰᠡᠨ ᠢ ᠬᠠᠷᠠᠭᠤᠯᠵᠤ ᠪᠠᠶᠢᠨ᠎ᠠ᠃        ᠵᠢᠨᠢᠩ ᠳ᠋ᠠᠲ᠋ᠦ᠋ᠩ ᠶᠤᠸᠠᠨᠫᠢᠩ ᠤᠨ ᠲᠦᠷᠭᠡᠨ ᠤ ᠲᠡᠮᠦᠷ ᠵᠠᠮ ᠪᠣᠯ ᠤᠯᠤᠰ ᠤᠨ ︽ᠨᠠᠢᠮᠠ ᠬᠥᠨᠳᠡᠯᠡᠨ ᠨᠠᠢᠮᠠᠨ ᠭᠤᠯᠳᠤ︾  ᠲᠦᠷᠭᠡᠨ ᠤ ᠲᠡᠮᠦᠷ ᠵᠠᠮ ᠤᠨ ᠲᠣᠣᠷ ᠤᠨ ᠬᠥᠬᠡᠬᠤᠲᠠ ᠶᠢᠨ ᠡᠮᠦᠨ᠎ᠡ ᠵᠠᠮ ᠤᠨ ᠴᠢᠬᠤᠯᠠ ᠪᠦᠷᠢᠯᠳᠦᠭᠦᠨ ᠬᠡᠰᠡᠭ ᠪᠣᠯᠣᠨ᠎ᠠ᠃ ᠲᠡᠷᠡ ᠨᠢ ᠤᠮᠠᠷᠠᠰᠢ ᠪᠠᠨ ᠥᠪᠥᠷ ᠮᠣᠩᠭᠤᠯ ᠤᠨ ᠤᠯᠠᠭᠠᠨᠴᠠᠪ ᠬᠤᠲᠠ ᠠᠴᠠ ᠡᠬᠢᠯᠡᠨ᠂ ᠱᠠᠨ ᠰᠢ ᠮᠤᠵᠢ ᠶᠢᠨ ᠳ᠋ᠠᠲ᠋ᠦ᠋ᠩ ᠬᠤᠲᠠ᠂ ᠰᠢᠨᠵᠸᠤ ᠬᠤᠲᠠ ᠪᠠᠷ ᠳᠠᠮᠵᠢᠨ᠂ ᠳ᠋ᠠᠲ᠋ᠦ᠋ᠩ ᠰᠢ ᠠᠨ ᠤ ᠠᠶᠠᠨᠴᠢᠳ ᠤᠨ ᠲᠤᠰᠬᠠᠢ ᠱᠤᠭᠤᠮ ᠤᠨ ᠪᠠᠷᠠᠭᠤᠨ ᠥᠷᠲᠡᠭᠡ ᠳᠤ ᠵᠠᠯᠭᠠᠨ ᠣᠷᠣᠭᠤᠯᠵᠤ᠂ ᠪᠠᠶᠢᠭᠤᠯᠵᠤ ᠳᠠᠭᠤᠰᠤᠭᠰᠠᠨ ᠤ ᠳᠠᠷᠠᠭ᠎ᠠ ᠥᠪᠥᠷ  ᠮᠣᠩᠭᠤᠯ ᠤᠨ ᠳᠤᠮᠳᠠ ᠪᠠᠷᠠᠭᠤᠨ ᠬᠡᠰᠡᠭ ᠤᠨ ᠭᠠᠵᠠᠷ ᠣᠷᠣᠨ  ᠪᠦᠬᠦ ᠤᠯᠤᠰ ᠤᠨ ᠲᠦᠷᠭᠡᠨ ᠤ ᠲᠡᠮᠦᠷ ᠵᠠᠮ ᠤᠨ  ᠲᠣᠣᠷ ᠲᠤ ᠵᠢᠩᠬᠢᠨᠢ ᠪᠠᠷ ᠠᠭᠤᠰᠤᠯᠴᠠᠵᠤ᠂ ᠬᠥᠬᠡᠬᠤᠲᠠ᠂ ᠪᠤᠭᠤᠲᠤ ᠠᠴᠠ ᠡᠬᠢᠯᠡᠵᠦ ᠢᠷᠡᠭᠰᠡᠨ  ᠲᠦᠷᠬᠡᠨ ᠤ  ᠲᠡᠮᠦᠷ ᠵᠠᠮ ᠤᠨ ᠭᠠᠯᠲᠤ ᠲᠡᠷᠭᠡ ᠪᠦᠬᠦ ᠤᠯᠤᠰ ᠤᠨ ᠡᠯ᠎ᠡ ᠭᠠᠵᠠᠷ ᠲᠤ ᠰᠢᠭᠤᠳ ᠬᠦᠷᠴᠦ ᠪᠣᠯᠣᠨ᠎ᠠ᠃ ᠤᠯᠤᠰ ᠤᠨ  ᠲᠦᠷᠭᠡᠨ ᠤ ᠲᠡᠮᠦᠷ ᠵᠠᠮ ᠤᠨ ᠲᠣᠣᠷ ᠤᠨ ᠪᠠᠶᠢᠷᠢᠯᠠᠭᠤᠯᠤᠯᠲᠠ ᠶᠢ ᠲᠡᠭᠦᠯᠳᠡᠷᠵᠢᠭᠦᠯᠵᠦ᠂ ᠭᠠᠵᠠᠷ ᠣᠷᠣᠨ ᠤ ᠠᠵᠤ  ᠠᠬᠤᠢ ᠨᠡᠶᠢᠭᠡᠮ ᠤᠨ ᠵᠣᠬᠢᠴᠠᠩᠭᠤᠢ ᠬᠥᠭᠵᠢᠯᠲᠡ ᠶᠢ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2