ᠵᠢᠨᠢᠩ ᠲᠣᠭᠤᠷᠢᠭ ᠤᠨ ︽ᠨᠢᠭᠡ ᠴᠤᠩᠬᠤᠪᠴᠢ ᠪᠠᠷ ᠨᠡᠶᠢᠳᠡᠮ ᠬᠦᠢᠴᠡᠳᠬᠡᠬᠦ︾ ᠨᠢ ᠠᠵᠤ ᠠᠬᠤᠶᠢᠯᠠᠯ ᠤᠨ ᠦᠨᠡᠮᠯᠡᠯ ᠬᠦᠢᠴᠡᠳᠬᠡᠬᠦ ᠶᠢ ᠲᠦᠷᠭᠡᠳᠭᠡᠪᠡ
ᠨᠡᠶᠢᠲᠡᠯᠡᠭᠰᠡᠨ ᠴᠠᠭ᠄
2024/7/2
       ᠠᠵᠢᠯ ᠶᠠᠪᠤᠳᠠᠯ ᠭᠦᠢᠴᠡᠳᠭᠡᠬᠦ ᠬᠤᠷᠳᠤᠴᠠ ᠪᠠ ᠦᠢᠯᠡᠴᠢᠯᠡᠭᠡᠨ ᠤ ᠳᠤᠯᠠᠭᠠᠨ ᠤ ᠬᠡᠮᠵᠢᠶ᠎ᠡ ᠶᠢ ᠦᠷᠭᠦᠯᠵᠢᠯᠡᠨ ᠳᠡᠭᠡᠭᠰᠢᠯᠡᠭᠦᠯᠵᠤ ᠂ ᠠᠵᠤ ᠠᠬᠤᠶᠢᠯᠠᠯ ᠢ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠳᠤ ᠬᠦᠴᠦᠨ ᠨᠡᠮᠡᠷᠢᠯᠡᠵᠦ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠵᠢᠯ ᠤᠨ ᠳᠠᠬᠢᠨ ᠲᠠᠰ ᠳᠡᠪᠰᠢᠬᠦ ᠶᠢ ᠠᠬᠢᠭᠤᠯᠬᠤ ᠶᠢᠨ ᠲᠥᠯᠥᠭᠡ᠂ ᠵᠢᠨᠢᠩ ᠲᠣᠭᠤᠷᠢᠭ ᠨᠢ ᠡᠯ᠎ᠡ ᠲᠠᠯ᠎ᠠ ᠶᠢᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ᠂ ᠦᠢᠯᠡᠴᠢᠯᠡᠬᠡᠨ ᠤ ᠴᠤᠪᠤᠷᠠᠯ ᠢ ᠰᠢᠯᠢᠳᠡᠭᠵᠢᠭᠦᠯᠬᠦ ᠪᠠᠷ ᠳᠠᠮᠵᠢᠭᠤᠯᠤᠨ᠂ ᠲᠣᠭᠠᠴᠢᠯᠠᠭᠰᠠᠨ ᠵᠠᠰᠠᠭ ᠤᠨ ᠣᠷᠳᠣᠨ ᠢᠶᠠᠷ ᠰᠠᠭᠤᠷᠢ ᠪᠣᠯᠭᠠᠵᠤ᠂ ᠮᠡᠳᠡᠭᠡ ᠵᠠᠩᠭᠢᠵᠢᠯᠲᠠ ᠶᠢᠨ ᠮᠡᠷᠭᠡᠵᠢᠯ ᠤᠨ ᠠᠷᠭ᠎ᠠ ᠪᠠᠷᠢᠯ ᠢ ᠬᠡᠷᠡᠭᠯᠡᠨ ᠠᠵᠤ ᠠᠬᠤᠶᠢᠯᠠᠯ ᠢ ᠨᠡᠭᠡᠭᠡᠨ ᠡᠷᠭᠢᠯᠡᠬᠦ ᠶᠠᠪᠤᠴᠠ ᠶᠢ ᠲᠠᠰᠤᠷᠠᠯᠲᠠ ᠥᠬᠡᠶ ᠳᠥᠭᠦᠮᠴᠢᠯᠡᠵᠦ᠂ ᠬᠢᠨᠠᠨ ᠵᠥᠪᠰᠢᠶᠡᠷᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠪᠡ᠃    ᠨᠢᠭᠡ ᠳᠤ᠂ ᠠᠵᠤ ᠠᠬᠤᠶᠢᠯᠠᠯ ᠡᠷᠭᠢᠯᠡᠬᠦ ᠳᠤ ︽ᠨᠢᠭᠡ ᠴᠣᠩᠬᠤᠪᠴᠢ ᠪᠠᠷ ᠨᠡᠶᠢᠳᠡᠮ ᠭᠦᠢᠴᠡᠳᠭᠡᠬᠦ︾᠂ ︽ᠨᠢᠭᠡ ᠴᠣᠩᠬᠤᠪᠴᠢ ᠪᠠᠷ ᠨᠡᠶᠢᠳᠡᠮ ᠠᠪᠬᠤ︾ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠠᠬᠢᠭᠤᠯᠵᠤ᠂ ᠠᠵᠤ ᠠᠬᠤᠶᠢᠯᠠᠯ ᠡᠷᠭᠢᠯᠡᠬᠦ ᠳᠤ ᠲᠥᠬᠦᠮ ᠦᠵᠡᠭᠦᠯᠬᠦ ᠬᠡᠮᠵᠢᠶ᠎ᠡ ᠶᠢ ᠳᠡᠭᠡᠭᠰᠢᠯᠡᠭᠦᠯᠬᠦ ᠲᠠᠯ᠎ᠠ ᠪᠠᠷ ᠰᠢᠨ᠎ᠡ ᠰᠢᠪᠲᠤᠯᠤᠯᠲᠠ ᠲᠠᠢ ᠪᠣᠯᠭᠠᠨ᠎ᠠ᠃ ᠠᠵᠤ ᠠᠬᠤᠶᠢᠯᠠᠯ ᠤᠨ ︽ᠨᠢᠭᠡ ᠴᠣᠩᠬᠤᠪᠴᠢ ᠪᠠᠷ ᠨᠡᠶᠢᠳᠡᠮ ᠭᠦᠢᠴᠡᠳᠭᠡᠬᠦ︾ ᠰᠦᠯᠵᠢᠶᠡᠨ ᠭᠠᠳᠠᠨᠠᠬᠢ ᠪᠣᠳᠠᠲᠤ ᠴᠣᠭᠴᠠ ᠶᠢᠨ ᠴᠣᠩᠬᠤᠪᠴᠢ ᠦᠢᠯᠡᠴᠢᠯᠡᠭᠡ ᠶᠢ ᠲᠠᠰ ᠳᠡᠪᠰᠢᠭᠦᠯᠦᠨ ᠡᠷᠬᠢᠯᠡᠨ᠎ᠡ᠃ ᠵᠠᠬ᠎ᠠ ᠳᠡᠯᠭᠡᠭᠦᠷ ᠲᠤ ᠣᠷᠣᠬᠤ ᠵᠥᠪᠰᠢᠶᠡᠷᠡᠯ ᠤᠨ ︽ᠨᠢᠭᠡ ᠴᠣᠩᠬᠤᠪᠴᠢ ᠪᠠᠷ ᠨᠡᠶᠢᠳᠡᠮ ᠭᠦᠢᠴᠡᠳᠬᠡᠬᠦ︾ ᠶᠢ ᠪᠠᠶᠢᠭᠤᠯᠵᠤ᠂ ︽ᠨᠢᠭᠡ ᠴᠣᠩᠬᠤᠪᠴᠢ︾ ᠳᠤ ᠣᠷᠣᠵᠤ ᠵᠠᠬ᠎ᠠ ᠳᠡᠯᠭᠡᠭᠦᠷ ᠲᠤ ᠣᠷᠣᠬᠤ ᠶᠢ ᠵᠥᠪᠰᠢᠶᠡᠷᠡᠬᠦ ᠪᠣᠢ ᠪᠦᠬᠦᠢ ᠵᠦᠢᠯᠡᠰ ᠢ ᠭᠦᠢᠴᠡᠳᠬᠡᠬᠦ ᠶᠢ ᠪᠡᠶᠡᠯᠡᠭᠦᠯᠦᠨ᠎ᠡ᠃    ᠬᠤᠶᠠᠷ ᠲᠤ᠂ ︽ᠨᠢᠭᠡ ᠴᠣᠩᠬᠤᠪᠴᠢ ᠪᠠᠷ ᠨᠡᠶᠢᠳᠡᠮ ᠠᠪᠬᠤ︾ ᠲᠤᠰᠬᠠᠶ ᠴᠣᠩᠬᠤᠪᠴᠢ ᠭᠠᠷᠭᠠᠵᠤ᠂ ᠬᠦᠢᠴᠡᠳᠬᠡᠵᠤ ᠪᠡᠶᠡᠯᠡᠭᠦᠯᠦᠭᠰᠡᠨ ᠡᠵᠡᠩᠨᠡᠯᠲᠡ ᠶᠢᠨ ᠦᠨᠡᠮᠯᠡᠯ᠂ ᠢᠳᠡᠭᠡᠨ ᠤ ᠵᠦᠢᠯ ᠤᠨ ᠡᠵᠡᠩᠨᠡᠯᠲᠡ ᠶᠢᠨ ᠵᠥᠪᠰᠢᠶᠡᠷᠡᠯ ᠤᠨ ᠦᠨᠡᠮᠯᠡᠯ᠂ ᠡᠮ ᠤᠨ ᠵᠦᠢᠯ ᠤᠨ ᠡᠵᠡᠩᠨᠡᠯᠲᠡ ᠶᠢᠨ ᠵᠥᠪᠰᠢᠶᠡᠷᠡᠯ ᠤᠨ ᠦᠨᠡᠮᠯᠡᠯ᠂ ᠵᠢᠵᠢᠭ ᠦᠢᠯᠡᠳᠬᠡᠯ ᠤᠨ ᠭᠠᠵᠠᠷ ᠤᠨ ᠳᠠᠩᠰᠠᠯᠠᠭᠤᠯᠤᠭᠰᠠᠨ ᠦᠨᠡᠮᠯᠡᠯ ᠵᠡᠷᠭᠡ ᠦᠨᠡᠮᠯᠡᠯ ᠢ ᠨᠢᠭᠡ ᠴᠣᠩᠬᠤᠪᠴᠢ ᠪᠠᠷ ᠭᠡᠷᠡᠴᠢ ᠳᠠᠷᠤᠮᠠᠯᠯᠠᠵᠤ ᠪᠣᠯᠣᠨ᠎ᠠ᠂ ᠭᠤᠶᠤᠴᠢᠯᠠᠭᠴᠢ ᠬᠦᠴᠦᠨ ᠪᠦᠬᠦᠢ ᠦᠨᠡᠮᠯᠡᠯ ᠢᠶᠠᠷ ᠠᠪᠴᠤ ᠪᠣᠯᠣᠨ᠎ᠠ᠃ ᠰᠢᠨ᠎ᠡ ᠪᠠᠷ ᠪᠠᠶᠢᠭᠤᠯᠤᠭᠰᠠᠨ ᠠᠵᠤ ᠠᠬᠤᠶᠢᠯᠠᠯ ᠨᠢ ᠳᠡᠩᠰᠡᠯᠡᠨ ᠲᠡᠮᠳᠡᠭᠯᠡᠵᠦ ᠪᠠᠶᠢᠭᠤᠯᠬᠤ ᠦᠶ᠎ᠡ ᠳᠤ ︽ᠭᠤᠷᠪᠠᠨ ᠳᠠᠮᠠᠭ᠎ᠠ︾ ︵ᠠᠯᠪᠠᠨ ᠲᠠᠮᠠᠭ᠎ᠠ᠂ ᠬᠠᠤᠯᠢ ᠶᠢᠨ ᠡᠷᠬᠡᠲᠡᠨ ᠤ ᠳᠠᠮᠠᠭ᠎ᠠ᠂ ᠡᠳ᠋ ᠤᠨ ᠶᠠᠪᠤᠳᠠᠯ ᠤᠨ ᠲᠤᠰᠬᠠᠶ ᠲᠠᠮᠠᠭ᠎ᠠ ᠶᠢᠨ ᠦᠢᠯᠡᠴᠢᠯᠡᠭᠡ︶ ᠶᠢ ᠰᠦᠢᠳᠬᠡᠯ ᠬᠤᠷᠢᠶᠠᠬᠤ ᠥᠬᠡᠶ ᠪᠠᠷ ᠭᠥᠷᠳᠡᠵᠦ ᠪᠣᠯᠤᠨ᠎ᠠ᠃ ᠰᠢᠨ᠎ᠡ ᠪᠠᠷ ᠪᠠᠶᠢᠭᠤᠯᠤᠭᠰᠠᠨ ᠠᠵᠤ ᠠᠬᠤᠶᠢᠯᠠᠯ ᠳᠤ ᠦᠨ᠎ᠡ ᠲᠥᠯᠥᠪᠦᠷᠢ ᠦᠭᠡᠢ ᠪᠠᠷ ᠲᠠᠮᠠᠭ᠎ᠠ ᠰᠡᠶᠢᠯᠬᠦ ᠦᠢᠯᠡᠴᠢᠯᠡᠭᠡ ᠶᠢ ᠨᠠᠶᠢᠳᠠᠪᠤᠷᠢᠵᠢᠭᠤᠯᠬᠤ ᠶᠢᠨ ᠬᠠᠮᠲᠤ᠂ ᠭᠤᠶᠤᠴᠢᠯᠠᠭᠴᠢ ᠨᠢ ᠲᠤᠰᠬᠠᠢ ᠴᠣᠩᠬᠤᠪᠴᠢ ᠪᠠᠷ ᠨᠢᠭᠡ ᠯᠡ ᠤᠳᠠᠭ᠎ᠠ ᠳᠤ ᠰᠢᠨ᠎ᠡ ᠪᠠᠷ ᠪᠠᠶᠢᠭᠤᠯᠤᠭᠰᠠᠨ ᠠᠵᠤ ᠠᠬᠤᠶᠢᠯᠠᠯ ᠤᠨ ᠡᠵᠡᠩᠨᠡᠯᠲᠡ ᠶᠢᠨ ᠦᠨᠡᠮᠯᠡᠯ᠂ ᠲᠠᠮᠠᠭ᠎ᠠ ᠪᠠᠨ ᠠᠪᠴᠤ ᠪᠣᠯᠣᠨ᠎ᠠ᠂ ᠠᠵᠤ ᠠᠬᠤᠶᠢᠯᠠᠯ ᠡᠷᠬᠢᠯᠡᠨ ᠪᠠᠶᠢᠭᠤᠯᠬᠤ ᠥᠪᠡᠷ ᠤᠨ ᠥᠷᠲᠡᠭ ᠢ ᠦᠨᠳᠦᠰᠦᠨ ᠠᠴᠠ ᠨᠢ ᠪᠠᠭᠤᠷᠠᠭᠤᠯᠤᠨ᠎ᠠ᠃    2024 ᠣᠨ ᠤ 1 ᠰᠠᠷ᠎ᠠ ᠠᠴᠠ 6 ᠰᠠᠷ᠎ᠠ ᠪᠣᠯᠲᠠᠯ᠎ᠠ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠬᠦᠢᠴᠡᠳᠬᠡᠭᠰᠡᠨ ᠵᠦᠢᠯ ᠤᠨ ᠬᠡᠮᠵᠢᠶ᠎ᠡ 10280 ᠬᠤᠪᠢ ᠪᠠᠶᠢᠵᠤ᠂ ᠡᠭᠦᠨ ᠳᠤ 3499 ᠵᠠᠬ᠎ᠠ ᠳᠡᠯᠭᠡᠭᠦᠷ ᠤᠨ ᠭᠤᠤᠯ ᠴᠣᠭᠴᠠ ᠶᠢ ᠰᠢᠨ᠎ᠡ ᠪᠠᠷ ᠪᠠᠶᠢᠭᠤᠯᠪᠠ᠃                     ᠤᠷᠴᠢᠭᠤᠯᠤᠭᠴᠢ᠄ ᠬᠦᠰᠡᠯ                     ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2