ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ᠂ ᠬᠤᠲᠠ ᠶᠢᠨ | ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠤᠨ ᠠᠯᠪᠠᠨ ᠭᠡᠷ ᠲᠤ᠄ | ︽ᠵᠠᠰᠠᠭ ᠤᠨ ᠣᠷᠳᠣᠨ ᠤ ᠰᠦᠯᠵᠢᠶᠡᠨ ᠥᠷᠲᠡᠭᠡ ᠪᠠ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ | ᠬᠠᠮᠢᠶᠠᠷᠤᠯᠲᠠ ᠶᠢᠨ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠲᠤᠬᠠᠶ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠥᠪᠥᠷ ᠵᠠᠰᠠᠭ | ᠠᠯᠪᠠᠨ ᠥᠰᠥᠭ ︹2021︺ 45 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠣᠰᠣᠭᠠᠷ᠂ ᠬᠤᠲᠠ ᠶᠢᠨ | ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠬᠡᠷ ᠠᠴᠠ 2024 | ᠣᠨ ᠤ ᠬᠤᠶᠠᠳᠤᠭᠠᠷ ᠤᠯᠠᠷᠢᠯ ᠤᠨ ᠪᠥᠬᠦ ᠬᠤᠲᠠ ᠶᠢᠨ ᠵᠠᠰᠠᠭ ᠤᠨ ᠣᠷᠳᠣᠨ ᠤ ᠰᠦᠯᠵᠢᠶᠡᠨ ᠥᠷᠲᠡᠭᠡ ᠪᠠ | ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠲᠤ ᠪᠠᠶᠢᠴᠠᠭᠠᠯᠲᠠ ᠬᠢᠵᠦ᠂ ᠡᠳᠦᠭᠡ ᠪᠣᠳᠠᠲᠠᠶ ᠪᠠᠶᠢᠳᠠᠯ ᠢ | ᠳᠣᠤᠷᠠᠬᠢ ᠮᠡᠲᠦ ᠮᠡᠳᠡᠭᠳᠡᠶ᠎ᠡ᠄ | ᠨᠢᠭᠡ᠂ ᠬᠤᠶᠠᠳᠤᠭᠠᠷ ᠤᠯᠠᠷᠢᠯ ᠤᠨ ᠵᠠᠰᠠᠭ ᠤᠨ ᠣᠷᠳᠣᠨ ᠤ ᠰᠦᠯᠵᠢᠶ᠎ᠡ ᠬᠢᠭᠡᠳ ᠵᠠᠰᠠᠭ ᠤᠨ ᠶᠠᠪᠤᠳᠠᠯ ᠤᠨ ᠰᠢᠨ᠎ᠡ | ᠵᠠᠭᠤᠴᠢᠯᠠᠭᠤᠷ ᠢ ᠪᠠᠶᠢᠴᠠᠭᠠᠭᠰᠠᠨ ᠪᠠᠶᠢᠳᠠᠯ | ︵ᠨᠢᠭᠡ︶ ᠶᠡᠷᠦᠩᠬᠡᠢ ᠪᠠᠶᠢᠳᠠᠯ | 1.2024 ᠣᠨ ᠤ ᠨᠢᠭᠡᠳᠦᠭᠡᠷ ᠤᠯᠠᠷᠢᠯ ᠳᠤ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ | ᠳᠠᠬᠢᠨ ᠪᠠᠶᠢᠴᠠᠭᠠᠭᠰᠠᠨ ᠢᠶᠠᠷ᠂ ᠡᠯ᠎ᠡ ᠬᠤᠯᠪᠣᠭᠳᠠᠯ ᠪᠥᠬᠦᠶ ᠭᠠᠵᠠᠷ ᠣᠷᠣᠨ᠂ ᠰᠠᠯᠠᠭ᠎ᠠ ᠮᠥᠴᠢᠷ ᠤᠳ | ᠨᠢᠭᠡᠳᠦᠭᠡᠷ ᠤᠯᠠᠷᠢᠯ ᠤᠨ ᠰᠦᠯᠵᠢᠶᠡᠨ ᠥᠷᠲᠡᠭᠡ ᠪᠠ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ | ᠮᠡᠳᠡᠭᠡᠯᠡᠯ ᠳᠤ ᠵᠢᠭᠠᠵᠤ ᠭᠠᠷᠭᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠳᠠᠭᠤᠰᠬᠠᠪᠠ᠃ | 2.2024 ᠣᠨ ᠤ ᠵᠠᠰᠠᠭ ᠤᠨ ᠣᠷᠳᠣᠨ ᠤ ᠰᠦᠯᠵᠢᠶᠡᠨ ᠤ ᠬᠤᠶᠠᠳᠤᠭᠠᠷ ᠤᠯᠠᠷᠢᠯ ᠤᠨ ᠪᠠᠶᠢᠴᠠᠭᠠᠯᠲᠠ ᠶᠢᠨ | ᠪᠠᠶᠢᠳᠠᠯ | ᠬᠤᠶᠠᠳᠤᠭᠠᠷ ᠤᠯᠠᠷᠢᠯ ᠳᠤ᠂ ᠪᠥᠬᠦ ᠬᠤᠲᠠ ᠶᠢᠨ ᠵᠠᠰᠠᠭ ᠤᠨ ᠣᠷᠳᠣᠨ ᠤ 41 ᠰᠦᠯᠵᠢᠶᠡᠨ ᠥᠷᠲᠡᠭᠡ ᠳᠤ | ᠪᠠᠶᠢᠴᠠᠭᠠᠯᠲᠠ ᠬᠢᠪᠡ᠃ ᠪᠠᠶᠢᠴᠠᠭᠠᠯᠲᠠ ᠪᠠᠷ ᠮᠡᠳᠡᠭᠰᠡᠨ ᠨᠢ᠂ ᠣᠯᠠᠩᠬᠢ ᠰᠦᠯᠵᠢᠶᠡᠨ ᠥᠷᠲᠡᠭᠡ ᠶᠢᠨ ᠠᠵᠢᠯᠯᠠᠭᠠᠨ | ᠰᠠᠶᠢᠨ ᠪᠠᠶᠢᠵᠤ᠂ ᠠᠩᠬ᠎ᠠ ᠪᠠᠶᠢᠴᠠᠭᠠᠭᠰᠠᠨ ᠬᠢᠷᠢ ᠲᠡᠩᠴᠡᠭᠰᠡᠨ ᠨᠣᠷᠮ᠎ᠠ 95.12% ᠲᠤ ᠬᠦᠷᠴᠦ᠂ ᠳᠠᠬᠢᠨ | ᠬᠢᠨᠠᠭᠰᠠᠨ ᠬᠢᠷᠢ ᠲᠡᠩᠴᠡᠭᠰᠡᠨ ᠨᠣᠷᠮ᠎ᠠ 100% ᠳᠤ ᠬᠦᠷᠪᠡ᠃ | 3.2024 ᠣᠨ ᠤ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠬᠤᠶᠠᠳᠤᠭᠠᠷ ᠤᠯᠠᠷᠢᠯ ᠤᠨ | ᠪᠠᠶᠢᠴᠠᠭᠠᠯᠲᠠ ᠶᠢᠨ ᠪᠠᠶᠢᠳᠠᠯ | ᠣᠳᠣᠬᠠᠨ ᠳᠤ ᠪᠥᠬᠦ ᠬᠤᠲᠠ ᠳᠤ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠲᠠᠩᠰᠠᠨ ᠳ᠋ᠤᠭᠠᠷ | 423᠂ ᠸᠢᠴᠠᠲ ᠤᠨ ᠤᠯᠠᠨ ᠨᠡᠶᠢᠲᠡ ᠶᠢᠨ ᠳ᠋ᠤᠭᠠᠷ 372᠂ ᠰᠢᠨ ᠯᠠᠩ ᠪᠢᠴᠢᠯ ᠪᠦᠷᠭᠡ 20᠂ ᠰᠢᠯᠵᠢᠮᠡᠯ | ᠬᠡᠷᠡᠭᠯᠡᠭᠴᠢ ᠶᠢᠨ ᠦᠵᠦᠭᠦᠷ 1᠂ ᠪᠤᠰᠤᠳ ᠵᠠᠭᠤᠴᠢᠯᠠᠭᠤᠷ 30 ᠪᠠᠶᠢᠨ᠎ᠠ᠃ ᠰᠤᠭᠤᠴᠢᠨ ᠪᠠᠶᠢᠴᠠᠭᠠᠭᠰᠠᠨ ᠬᠠᠷᠢᠴᠠᠯ | 100% ᠳᠤ ᠬᠦᠷᠪᠡ᠃ 6 ᠳ᠋ᠤᠭᠠᠷ ᠰᠠᠷ᠎ᠠ ᠶᠢᠨ 18 ᠤ ᠡᠳᠦᠷ ᠪᠣᠯᠲᠠᠯ᠎ᠠ᠂ ᠵᠠᠰᠠᠭ ᠤᠨ ᠶᠠᠪᠤᠳᠠᠯ ᠤᠨ ᠰᠢᠨ᠎ᠡ | ᠵᠠᠭᠤᠴᠢᠯᠠᠭᠤᠷ ᠤᠨ ᠲᠠᠩᠰᠠᠨ ᠨᠣᠮᠧᠷ ᠢ 5 ᠬᠠᠭᠠᠵᠤ ᠵᠣᠭᠰᠣᠭᠠᠵᠦ᠂ ᠰᠢᠨ᠎ᠡ ᠪᠠᠷ ᠨᠡᠭᠡᠭᠡᠭᠰᠡᠨ ᠰᠢᠨ᠎ᠡ | ᠵᠠᠭᠤᠴᠢᠯᠠᠭᠤᠷ ᠤᠨ ᠲᠠᠩᠰᠠᠨ ᠳ᠋ᠤᠭᠠᠷ 6 ᠪᠠᠶᠢᠵᠤ᠂ ᠬᠤᠭᠤᠴᠠᠭ᠎ᠠ ᠨᠢ ᠬᠡᠲᠦᠷᠡᠭᠰᠡᠨ 12 ᠪᠠᠶᠢᠵᠤ᠂ ᠪᠦᠬᠦᠨ ᠢ | ᠴᠡᠭᠴᠡᠯᠡᠨ ᠰᠠᠶᠢᠵᠢᠷᠠᠭᠤᠯᠵᠤ ᠳᠠᠭᠤᠰᠬᠠᠪᠠ᠃ | ︵ᠬᠤᠶᠠᠷ︶ ᠣᠷᠣᠰᠢᠵᠤ ᠪᠠᠶᠢᠭ᠎ᠠ ᠭᠤᠣᠯ ᠠᠰᠠᠭᠤᠳᠠᠯ | 1. ᠵᠠᠰᠠᠭ ᠤᠨ ᠣᠷᠳᠣᠨ ᠤ ᠰᠦᠯᠵᠢᠶᠡᠨ ᠥᠷᠲᠡᠭᠡ ᠶᠢᠨ ᠲᠠᠯ᠎ᠠ | ᠨᠢᠭᠡ ᠳᠤ᠂ ᠵᠠᠰᠠᠭ ᠤᠨ ᠣᠷᠳᠣᠨ ᠤ ᠰᠦᠯᠵᠢᠶᠡᠨ ᠤ ᠠᠭᠤᠯᠭ᠎ᠠ ᠶᠢᠨ ᠪᠠᠲᠤᠯᠠᠭ᠎ᠠ ᠶᠢᠨ ᠲᠠᠯ᠎ᠠ ᠪᠠᠷ᠂ ᠣᠨᠴᠠ | ᠵᠠᠷᠢᠮ ᠭᠠᠵᠠᠷ ᠣᠷᠣᠨ ᠪᠠ ᠰᠠᠯᠠᠭ᠎ᠠ ᠮᠥᠴᠢᠷ ᠲᠤ ᠮᠥᠨ ᠬᠦ ᠪᠤᠯᠤᠩ ᠤᠨ ᠬᠠᠮᠠᠭᠠᠯᠠᠯᠲᠠ ᠨᠢ ᠬᠦᠷᠦᠯᠴᠡᠬᠦ ᠥᠬᠡᠶ | ᠪᠠᠶᠢᠳᠠᠯ ᠣᠷᠣᠰᠢᠵᠤ ᠪᠤᠢ᠂ ᠵᠢᠱᠢᠶᠡᠯᠡᠪᠡᠯ ︽ᠳᠥᠷᠪᠡᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ︾ ︽ | ᠤᠯᠠᠭᠠᠨᠴᠠᠪ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ︾ ᠶᠢᠨ ᠰᠦᠯᠵᠢᠶᠡᠨ ᠥᠷᠲᠡᠭᠡ ᠳᠤ ᠣᠯᠠᠨ | ᠬᠤᠭᠤᠰᠣᠨ ᠪᠤᠯᠤᠩ ᠪᠠ ᠣᠷᠳᠣ ᠬᠤᠭᠤᠴᠠᠭ᠎ᠠ ᠪᠠᠷ ᠰᠢᠨᠡᠴᠢᠯᠡᠭᠳᠡᠭᠰᠡᠨ ᠥᠬᠡᠶ ᠪᠤᠯᠤᠩ ᠪᠠᠶᠢᠨ᠎ᠠ᠃ ᠬᠤᠶᠠᠷ ᠲᠤ᠂ | ᠰᠦᠯᠵᠢᠶᠡᠨ ᠥᠷᠲᠡᠭᠡ ᠶᠢᠨ ᠴᠢᠳᠠᠮᠵᠢ ᠶᠢᠨ ᠪᠠᠶᠢᠭᠤᠯᠤᠯᠲᠠ ᠶᠢᠨ ᠲᠠᠯ᠎ᠠ ᠪᠠᠷ᠂ ᠣᠨᠴᠠ ᠵᠠᠷᠢᠮ ᠰᠠᠯᠠᠭ᠎ᠠ ᠮᠥᠴᠢᠷ ᠤᠨ | ᠰᠦᠯᠵᠢᠶᠡᠨ ᠥᠷᠲᠡᠭᠡ ᠳᠤ ᠴᠥᠷᠬᠡᠯᠡᠭᠡ ᠨᠡᠪᠲᠡᠷᠡᠵᠦ ᠪᠣᠯᠬᠤ ᠦᠭᠡᠢ᠂ ᠰᠦᠯᠵᠢᠶᠡᠨ ᠥᠷᠲᠡᠭᠡ ᠶᠢᠨ ᠨᠢᠭᠤᠷ ᠤᠨ | ᠱᠣᠰᠢᠭ᠎ᠠ ᠪᠤᠷᠤᠭᠤ ᠪᠤᠶᠤ ᠳᠤᠲᠠᠭᠳᠠᠬᠤ ᠵᠡᠷᠭᠡ ᠠᠰᠠᠭᠤᠳᠠᠯ ᠣᠷᠣᠰᠢᠵᠤ ᠪᠠᠶᠢᠨ᠎ᠠ᠃ ᠵᠢᠱᠢᠶᠡᠯᠡᠪᠡᠯ᠂ ︽ᠵᠢᠨᠢᠩ | ᠲᠣᠭᠤᠷᠢᠭ ᠤᠨ ᠠᠷᠠᠳ ᠤᠨ ᠵᠠᠰᠠᠭ ᠤᠨ ᠣᠷᠳᠣᠨ︾ ᠤ ᠰᠦᠯᠵᠢᠶᠡᠨ ᠳᠡᠭᠡᠷ᠎ᠡ ᠣᠯᠠᠨ ᠴᠥᠷᠬᠡᠯᠡᠭᠡ ᠬᠠᠷᠠᠶᠢᠯᠲᠠ ᠶᠢᠨ | ᠪᠤᠷᠤᠭᠤ ᠣᠷᠣᠰᠢᠵᠤ ᠪᠣᠶ᠂ ︽ᠹᠧᠩᠵᠧᠨ ᠬᠤᠲᠠ ᠶᠢᠨ ᠠᠷᠠᠳ ᠤᠨ ᠵᠠᠰᠠᠭ ᠤᠨ ᠣᠷᠳᠣᠨ︾ ︽ᠳᠥᠷᠪᠡᠳ | ᠬᠤᠰᠢᠭᠤᠨ ᠤ ᠠᠷᠠᠳ ᠤᠨ ᠵᠠᠰᠠᠭ ᠤᠨ ᠣᠷᠳᠣᠨ︾ ᠤ ᠰᠦᠯᠵᠢᠶᠡᠨ ᠤ ᠨᠢᠭᠤᠷ ᠤᠨ ᠲᠡᠮᠳᠡᠭ ᠨᠢ ᠣᠨᠣᠪᠴᠢ ᠦᠭᠡᠶ | ᠪᠤᠶᠤ ᠳᠤᠲᠠᠭᠳᠠᠭᠰᠠᠨ ᠪᠠᠶᠢᠳᠠᠯ ᠣᠷᠣᠰᠢᠵᠤ ᠪᠠᠶᠢᠨ᠎ᠠ᠃ | 2. ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠲᠠᠯ᠎ᠠ | ᠣᠨᠴᠠ ᠵᠠᠷᠢᠮ ᠭᠠᠵᠠᠷ ᠣᠷᠣᠨ ᠪᠣᠯᠤᠨ ᠰᠠᠯᠠᠭ᠎ᠠ ᠮᠥᠴᠢᠷ ᠪᠦᠲᠦᠮᠵᠢᠲᠡᠶ ᠬᠢᠨᠠᠯᠲᠠ ᠬᠠᠮᠢᠶᠠᠷᠤᠯᠲᠠ ᠳᠤᠲᠠᠭᠳᠠᠵᠤ᠂ | ᠭᠤᠷᠪᠠᠳᠠᠬᠢ ᠡᠲᠡᠭᠡᠳ ᠤᠨ ᠬᠢᠨᠠᠨ ᠬᠡᠮᠵᠢᠬᠦ ᠲᠠᠪᠴᠠᠩ ᠤᠨ ᠡᠯ᠎ᠡ ᠵᠦᠶ᠋ᠯ ᠤᠨ ᠴᠢᠳᠠᠮᠵᠢ ᠶᠢ ᠬᠦᠢᠴᠡᠳ | ᠠᠰᠢᠭᠯᠠᠭᠰᠠᠨ ᠥᠬᠡᠶ᠂ ᠬᠢᠨᠠᠨ ᠬᠡᠮᠵᠢᠬᠦ ᠲᠠᠪᠴᠠᠩ ᠤᠨ ᠬᠠᠩᠭᠠᠭᠰᠠᠨ ᠬᠤᠭᠤᠴᠠᠭ᠎ᠠ ᠬᠡᠲᠦᠷᠡᠭᠰᠡᠨ ᠰᠡᠷᠡᠮᠵᠢᠯᠡᠬᠦᠯᠦᠯ᠂ | ᠪᠦᠲᠦᠮᠵᠢᠲᠡᠶ ᠬᠠᠷᠢᠯᠴᠠᠭ᠎ᠠ ᠬᠠᠩᠭᠠᠭᠰᠠᠨ ᠦᠭᠡᠢ ᠵᠡᠷᠭᠡ ᠰᠠᠨᠠᠭᠤᠯᠤᠮᠵᠢ ᠶᠢ ᠴᠠᠭ ᠲᠤᠬᠠᠶ ᠳᠤᠨᠢ ᠰᠢᠢᠳᠪᠦᠷᠢᠯᠡᠭᠰᠡᠨ | ᠥᠬᠡᠶ᠂ ᠵᠢᠱᠢᠶᠡᠯᠡᠪᠡᠯ᠄ ︽ᠵᠢᠨᠢᠩ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︾᠂ | ︽ᠯᠢᠶᠠᠩᠴᠧᠩ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ︾᠃ ᠣᠨᠴᠠ ᠵᠠᠷᠢᠮ ᠵᠠᠰᠠᠭ ᠤᠨ ᠶᠠᠪᠤᠳᠠᠯ ᠤᠨ | ᠰᠢᠨ᠎ᠡ ᠵᠠᠭᠤᠴᠢᠯᠠᠭᠤᠷ ᠤᠨ ᠲᠠᠩᠰᠠᠨ ᠨᠣᠮᠧᠷ ᠢ ᠳᠠᠩᠰᠠᠯᠠᠭᠤᠯᠬᠤ ᠲᠦᠷᠢᠮ ᠢ ᠬᠡᠷᠡᠭᠵᠢᠭᠦᠯᠦᠭᠰᠡᠨ ᠨᠢ ᠬᠦᠷᠦᠯᠴᠡᠬᠦ | ᠥᠬᠡᠶ᠂ ᠲᠠᠩᠰᠠᠨ ᠨᠣᠮᠧᠷ ᠤᠨ ᠨᠡᠷᠡᠶᠢᠳᠦᠯ ᠢ ᠬᠤᠪᠢᠷᠠᠭᠤᠯᠤᠭᠰᠠᠨ ᠨᠢ ᠲᠥᠷᠥ ᠶᠢᠨ ᠶᠠᠪᠤᠳᠠᠯ ᠤᠨ ᠬᠤᠷᠢᠶᠠᠨ ᠤ | ᠠᠯᠪᠠᠨ ᠬᠡᠷ ᠤᠨ ᠰᠢᠰᠲ᠋ᠧᠮ ᠳᠤ ᠴᠠᠭ ᠲᠤᠬᠠᠶ ᠳᠤᠨᠢ ᠬᠤᠪᠢᠷᠠᠭᠤᠯᠤᠭᠰᠠᠨ ᠥᠬᠡᠶ᠂ ᠵᠢᠱᠢᠶᠡᠯᠡᠪᠡᠯ᠄ ︽ᠴᠠᠬᠠᠷ | ᠪᠠᠷᠠᠭᠤᠨ ᠭᠠᠷᠤᠨ ᠬᠤᠶᠢᠲᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠥᠩᠭᠦᠨ ᠭᠦᠢᠯᠭᠡᠭᠡᠨ ᠤ | ᠠᠵᠢᠯ ᠤᠨ ᠠᠯᠪᠠᠨ ᠬᠡᠷ︾᠂ ︽ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤᠨ ᠤ ᠵᠠᠰᠠᠭ ᠵᠠᠬᠢᠷᠭᠠᠨ ᠤ ᠬᠢᠨᠠᠨ | ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ︾᠂ ︽ᠬᠤᠸᠠᠳᠧ ᠶᠢᠨ ᠠᠮᠢ ᠠᠬᠤᠶ ᠶᠢᠨ | ᠣᠷᠴᠢᠨ ᠲᠣᠭᠤᠷᠢᠨ︾ ᠵᠡᠷᠭᠡ᠃ | ᠬᠤᠶᠠᠷ᠂ ᠬᠤᠲᠠ ᠶᠢᠨ ᠵᠠᠰᠠᠭ ᠤᠨ ᠣᠷᠳᠣᠨ ᠤ ᠰᠦᠯᠵᠢᠶ᠎ᠡ ᠶᠢᠨ ᠮᠡᠳᠡᠭᠡ ᠵᠠᠩᠭᠢ ᠶᠢ ᠠᠰᠢᠭᠯᠠᠭᠰᠠᠨ ᠪᠠᠶᠢᠳᠠᠯ | ︵ᠨᠢᠭᠡ︶ ᠦᠨᠳᠦᠰᠦᠨ ᠪᠠᠶᠢᠳᠠᠯ | 1. 2024 ᠣᠨ ᠤ ᠬᠤᠶᠠᠳᠤᠭᠠᠷ ᠤᠯᠠᠷᠢᠯ ᠳᠤ᠂ ᠬᠤᠲᠠ ᠶᠢᠨ ᠵᠠᠰᠠᠭ ᠤᠨ ᠣᠷᠳᠣᠨ ᠤ ᠰᠦᠯᠵᠢᠶ᠎ᠡ ᠳᠤ᠂ | ᠡᠯ᠎ᠡ ᠭᠠᠵᠠᠷ ᠣᠷᠣᠨ ᠪᠠ ᠬᠤᠲᠠ ᠶᠢᠨ ᠰᠢᠭᠤᠳ ᠬᠠᠷᠢᠶ᠎ᠠ ᠰᠠᠯᠠᠭ᠎ᠠ ᠮᠥᠴᠢᠷ ᠤᠨ ᠳᠡᠭᠡᠭᠰᠢ ᠮᠡᠳᠡᠭᠦᠯᠦᠭᠰᠡᠨ ᠰᠣᠨᠢᠨ | ᠮᠡᠳᠡᠭᠡᠨ ᠤ ᠬᠦᠳᠡᠯᠦᠩᠬᠦᠢ ᠪᠠᠶᠢᠳᠠᠯ᠂ ᠵᠠᠰᠠᠭ ᠤᠨ ᠶᠠᠪᠤᠳᠠᠯ ᠢ ᠢᠯᠡ ᠪᠣᠯᠭᠠᠬᠤ᠂ ᠲᠥᠷᠥ ᠶᠢᠨ ᠪᠣᠳᠣᠯᠭ᠎ᠠ ᠶᠢᠨ | ᠲᠠᠶᠢᠯᠤᠮᠵᠢ᠂ ᠬᠠᠷᠢᠯᠴᠠᠨ ᠰᠣᠯᠢᠯᠴᠠᠬᠤ ᠵᠡᠷᠭᠡ ᠡᠯ᠎ᠡ ᠲᠥᠷᠥᠯ ᠤᠨ ᠮᠡᠳᠡᠭᠡ ᠵᠠᠩᠭᠢ ᠶᠢ ᠨᠡᠶᠢᠲᠡ 608 ᠵᠤᠷᠪᠤᠰ | ᠬᠡᠷᠡᠭᠯᠡᠪᠡ᠂ ᠡᠭᠦᠨ ᠳᠤ ᠡᠯ᠎ᠡ ᠭᠠᠵᠠᠷ ᠣᠷᠣᠨ 279 ᠵᠤᠷᠪᠤᠰ᠂ ᠬᠤᠲᠠ ᠶᠢᠨ ᠰᠢᠭᠤᠳ ᠬᠠᠷᠢᠶ᠎ᠠ ᠡᠯ᠎ᠡ ᠰᠠᠯᠠᠭ᠎ᠠ | ᠮᠥᠴᠢᠷ 333 ᠵᠤᠷᠪᠤᠰ ᠬᠡᠷᠡᠭᠯᠡᠪᠡ᠃ | 2. ᠯᠢᠶᠠᠩᠴᠧᠩ ᠰᠢᠶᠠᠨ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ᠂ ᠵᠢᠨᠢᠩ ᠲᠣᠭᠤᠷᠢᠭ᠂ | ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ | ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠵᠡᠷᠭᠡ ᠭᠠᠵᠠᠷ ᠣᠷᠣᠨ ᠪᠣᠯᠤᠨ ᠰᠠᠯᠠᠭ᠎ᠠ ᠮᠥᠴᠢᠷ ᠤᠳ | ᠱᠠᠭᠠᠷᠳᠠᠯᠭ᠎ᠠ ᠶᠣᠰᠣᠭᠠᠷ ᠮᠡᠳᠡᠭᠡ ᠵᠠᠩᠭᠢ ᠶᠢ ᠮᠡᠳᠡᠭᠦᠯᠦᠨ ᠬᠦᠷᠭᠡᠬᠦ ᠠᠵᠢᠯ ᠢ ᠴᠢᠨᠠᠷ ᠰᠠᠶᠢᠲᠠᠶ ᠪᠡᠶᠡᠯᠡᠭᠦᠯᠵᠦ᠂ | ᠬᠡᠷᠡᠭᠯᠡᠬᠦ ᠨᠣᠷᠮ᠎ᠠ ᠨᠢ ᠨᠡᠯᠢᠶᠡᠳ ᠥᠨᠳᠥᠷ᠃ | ︵ᠬᠤᠶᠠᠷ︶ ᠭᠤᠣᠯ ᠠᠰᠠᠭᠤᠳᠠᠯ | ᠨᠢᠭᠡ ᠳᠤ᠂ ᠵᠠᠷᠢᠮ ᠨᠢᠭᠡᠴᠢ ᠳᠤ ᠮᠡᠳᠡᠭᠦᠯᠦᠨ ᠬᠦᠷᠭᠡᠬᠦ ᠲᠤᠭ᠎ᠠ ᠨᠢ ᠴᠥᠭᠡᠨ᠂ ᠳᠠᠪᠬᠤᠷᠳᠠᠭᠤᠯᠤᠨ ᠮᠡᠳᠡᠭᠦᠯᠦᠨ | ᠬᠦᠷᠭᠡᠬᠦ ᠵᠡᠷᠭᠡ ᠪᠠᠶᠢᠳᠠᠯ ᠣᠷᠣᠰᠢᠵᠤ ᠪᠠᠶᠢᠨ᠎ᠠ︔ ᠬᠤᠶᠠᠷ ᠲᠤ᠂ ᠬᠡᠰᠡᠭ ᠮᠡᠳᠡᠭᠡ ᠵᠠᠩᠭᠢ ᠶᠢᠨ ᠬᠤᠭᠤᠴᠠᠭᠠᠲᠤ ᠴᠢᠨᠠᠷ | ᠠᠨᠠᠶ᠂ ᠶᠠᠰᠤ ᠴᠢᠨᠠᠷ ᠥᠨᠳᠥᠷ ᠪᠢᠰᠢ︔ ᠭᠤᠷᠪᠠ ᠳᠤ᠂ ᠡᠯ᠎ᠡ ᠬᠤᠲᠠ ᠶᠢᠨ ᠰᠢᠭᠤᠳ ᠬᠠᠷᠢᠶ᠎ᠠ ᠰᠠᠯᠠᠭ᠎ᠠ ᠮᠥᠴᠢᠷ | ᠲᠣᠰ ᠨᠢᠭᠡᠴᠢ ᠶᠢᠨ ᠢᠶᠠᠨ ᠭᠤᠤᠯᠴᠢᠯᠠᠨ ᠬᠠᠮᠢᠶᠠᠷᠴᠤ ᠪᠠᠶᠢᠭ᠎ᠠ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ ᠶᠢ ᠢᠯᠡ | ᠪᠣᠯᠭᠠᠬᠤ ᠲᠥᠷᠥᠯ ᠤᠨ ᠮᠡᠳᠡᠭᠡ ᠵᠠᠩᠭᠢ ᠶᠢ ᠳᠡᠭᠡᠭᠰᠢ ᠮᠡᠳᠡᠭᠦᠯᠬᠦ ᠲᠠᠯ᠎ᠠ ᠪᠠᠷ ᠬᠦᠷᠦᠯᠴᠡᠬᠦ ᠦᠭᠡᠢ ᠪᠠᠶᠢᠨ᠎ᠠ᠃ | ᠭᠤᠷᠪᠠ᠂ ᠲᠠᠷᠠᠭᠠᠴᠢ ᠶᠢᠨ ᠠᠯᠬᠤᠮ ᠤᠨ ᠠᠵᠢᠯ ᠤᠨ ᠱᠠᠭᠠᠷᠳᠠᠯᠭ᠎ᠠ | ︵ᠨᠢᠭᠡ︶ ᠵᠠᠰᠠᠭ ᠤᠨ ᠤᠷᠳᠤᠨ ᠤ ᠰᠦᠯᠵᠢᠶᠡᠨ ᠦᠷᠳᠡᠭᠡ | ᠨᠢᠭᠡ ᠳᠤ᠂ ᠡᠯ᠎ᠡ ᠭᠠᠵᠠᠷ ᠣᠷᠣᠨ ᠪᠠ ᠰᠠᠯᠠᠭ᠎ᠠ ᠮᠥᠴᠢᠷ ᠤᠳ ᠡᠯ᠎ᠡ ᠲᠥᠷᠥᠯ ᠤᠨ ᠬᠦᠨᠳᠦ ᠨᠣᠴᠢᠲᠠᠶ | ᠬᠠᠤᠯᠢ ᠠᠴᠠ ᠵᠥᠷᠢᠴᠡᠵᠦ ᠢᠲᠡᠭᠡᠯ ᠠᠯᠳᠠᠭᠰᠠᠨ ᠨᠡᠷᠡᠰ ᠢ ᠢᠯᠡ ᠨᠡᠶᠢᠲᠡᠯᠡᠬᠦ ᠠᠵᠢᠯ ᠢ ᠰᠠᠶᠢᠲᠤᠷ ᠬᠢᠬᠦ ᠬᠡᠷᠡᠭᠲᠡᠶ᠃ | ᠬᠤᠶᠠᠷ ᠲᠤ᠂ ︽ᠠᠷᠠᠳ ᠲᠤ ᠲᠥᠬᠦᠮ ᠦᠵᠡᠭᠦᠯᠵᠦ ᠠᠵᠤ ᠠᠬᠤᠶᠢᠯᠠᠯ ᠳᠤ ᠠᠰᠢᠭ ᠬᠦᠷᠲᠡᠭᠡᠬᠦ︾ ᠲᠤᠰᠬᠠᠶ | ᠪᠤᠯᠤᠩ ᠤᠨ ᠪᠠᠶᠢᠭᠤᠯᠤᠯᠲᠠ ᠶᠢ ᠰᠢᠯᠢᠳᠡᠭᠵᠢᠭᠦᠯᠵᠦ᠂ ᠠᠷᠠᠳ ᠲᠤ ᠲᠥᠬᠦᠮ ᠦᠵᠡᠭᠦᠯᠵᠦ ᠠᠵᠤ ᠠᠬᠤᠶᠢᠯᠠᠯ ᠳᠤ | ᠠᠰᠢᠭ ᠬᠦᠷᠲᠡᠭᠡᠬᠦ ᠡᠯ᠎ᠡ ᠲᠥᠷᠥᠯ ᠤᠨ ᠲᠥᠷᠥ ᠶᠢᠨ ᠪᠣᠳᠣᠯᠭ᠎ᠠ ᠶᠢ ᠴᠠᠭ ᠲᠤᠬᠠᠶ ᠳᠤᠨᠢ ᠢᠯᠡ ᠪᠠᠷ ᠨᠡᠶᠢᠲᠡᠯᠡᠬᠦ ᠶᠢᠨ | ᠬᠠᠮᠲᠤ ᠪᠦᠲᠦᠮᠵᠢᠲᠡᠶ ᠬᠤᠯᠪᠣᠭᠳᠠᠭᠤᠯᠤᠨ ᠲᠠᠶᠢᠯᠪᠤᠷᠢᠯᠠᠬᠤ ᠶᠢᠨ ᠬᠠᠮᠲᠤ ᠵᠢᠷᠤᠭᠲᠤ ᠲᠠᠶᠢᠯᠤᠮᠵᠢ᠂ ᠺᠠᠷᠲ᠋ᠣᠨ | ᠵᠢᠷᠤᠭ ᠤᠨ ᠸᠢᠳᠢᠣ᠋᠂ ᠰᠣᠨᠢᠨ ᠮᠡᠳᠡᠭᠡ ᠨᠡᠶᠢᠲᠡᠯᠡᠬᠦ ᠬᠤᠷᠠᠯ᠂ ᠰᠦᠯᠵᠢᠶᠡᠨ ᠳᠡᠭᠡᠷᠡᠬᠢ ᠰᠤᠷᠪᠤᠯᠵᠢᠯᠠᠭ᠎ᠠ ᠵᠡᠷᠭᠡ ᠣᠯᠠᠨ | ᠵᠦᠢᠯ ᠤᠨ ᠬᠡᠯᠪᠡᠷᠢ ᠪᠠᠷ ᠢᠵᠢ ᠪᠥᠷᠢᠳᠦᠭᠦᠯᠦᠨ ᠲᠠᠶᠢᠯᠤᠮᠵᠢ ᠬᠢᠵᠦ᠂ ᠲᠠᠶᠢᠯᠤᠮᠵᠢ ᠬᠢᠬᠦ ᠬᠡᠯᠪᠡᠷᠢ ᠶᠢ | ᠪᠠᠶᠠᠯᠢᠭᠵᠢᠭᠤᠯᠬᠤ ᠬᠡᠷᠡᠭᠲᠡᠶ᠃ | ︵ᠬᠤᠶᠠᠷ︶ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ | 1. ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠳ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠢ | ᠭᠤᠣᠯᠴᠢᠯᠠᠨ ᠬᠠᠮᠢᠶᠠᠷᠬᠤ ᠪᠠ ᠭᠤᠣᠯᠴᠢᠯᠠᠨ ᠡᠷᠬᠢᠯᠡᠬᠦ ᠨᠢᠭᠡᠴᠢ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ | ᠮᠡᠳᠡᠭᠡ ᠵᠠᠩᠭᠢ ᠨᠡᠶᠢᠲᠡᠯᠡᠬᠦ ᠶᠢ ᠬᠢᠨᠠᠨ ᠬᠠᠷᠭᠤᠭᠤᠯᠬᠤ ᠳᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂ ᠮᠡᠷᠭᠡᠵᠢᠯ ᠤᠨ | ᠠᠷᠭ᠎ᠠ ᠪᠠᠷᠢᠯ ᠢ ᠢᠳᠡᠪᠬᠢᠲᠡᠢ ᠪᠠᠷ ᠬᠡᠷᠡᠭᠯᠡᠵᠦ᠂ ᠮᠡᠳᠡᠭᠡ ᠵᠠᠩᠭᠢ ᠶᠢᠨ ᠠᠭᠤᠯᠭ᠎ᠠ ᠶᠢᠨ ᠲᠣᠭᠠᠴᠢᠯᠲᠠ ᠨᠢ ᠵᠢᠷᠤᠮᠵᠢᠯ | ᠦᠭᠡᠢ᠂ ᠴᠠᠭ ᠲᠤᠬᠠᠢ ᠳᠤᠨᠢ ᠰᠢᠨᠡᠳᠬᠡᠭᠰᠡᠨ ᠦᠭᠡᠢ ᠵᠡᠷᠭᠡ ᠠᠰᠠᠭᠤᠳᠠᠯ ᠭᠠᠷᠬᠤ ᠠᠴᠠ ᠵᠠᠶᠢᠯᠠᠰᠬᠢᠬᠦ ᠬᠡᠷᠡᠭᠲᠡᠢ᠃ | ᠲᠣᠭᠲᠠᠮᠠᠯ ᠬᠤᠭᠤᠴᠠᠭ᠎ᠠ ᠲᠠᠢ ᠪᠠᠷ ᠳᠠᠩᠰᠠᠨ ᠳ᠋ᠤᠭᠠᠷ ᠭᠠᠷᠭᠠᠵᠤ ᠪᠣᠯᠣᠩ ᠨᠡᠭᠡᠭᠡᠬᠦ ᠬᠡᠷᠡᠭᠯᠡᠵᠦ ᠪᠣᠯᠬᠤᠶᠢᠴᠠ ᠴᠢᠨᠠᠷ ᠪᠠ | ᠪᠦᠲᠦᠮᠵᠢᠲᠦ ᠴᠢᠨᠠᠷ ᠢ ᠪᠠᠶᠢᠴᠠᠭᠠᠬᠤ ᠬᠡᠷᠡᠭᠲᠡᠶ᠃ ᠰᠦᠯᠵᠢᠶᠡᠨ ᠢᠷᠭᠡᠳ ᠤᠨ ᠦᠯᠡᠳᠡᠭᠡᠭᠰᠡᠨ ᠦᠭᠡ ᠶᠢ ᠴᠠᠭ | ᠲᠤᠬᠠᠶ ᠳᠤᠨᠢ ᠬᠠᠷᠢᠭᠤᠯᠵᠤ᠂ ᠢᠯᠡ ᠪᠣᠯᠭᠠᠵᠤ᠂ ᠬᠠᠷᠢᠯᠴᠠᠨ ᠰᠣᠯᠢᠯᠴᠠᠬᠤ ᠠᠷᠭ᠎ᠠ ᠵᠠᠮ ᠤᠨ ᠰᠠᠭᠠᠳ ᠥᠬᠡᠶ | ᠨᠡᠪᠲᠡᠷᠡᠬᠦ ᠶᠢ ᠦᠨᠡᠨ ᠬᠦ ᠪᠠᠲᠤᠯᠠᠬᠤ ᠬᠡᠷᠡᠭᠲᠡᠶ᠃ | 2. ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠳ ᠭᠤᠣᠯᠯᠠᠨ ᠡᠷᠭᠢᠯᠡᠵᠦ᠂ ᠳᠠᠭᠠᠭᠠᠴᠢᠯᠠᠨ ᠡᠷᠭᠢᠯᠡᠬᠦ | ᠡᠭᠦᠷᠭᠡ ᠬᠠᠷᠢᠭᠤᠴᠠᠯᠭ᠎ᠠ ᠪᠠᠨ ᠴᠢᠩᠭ᠎ᠠ ᠨᠠᠶᠢᠳᠠᠪᠤᠷᠢᠵᠢᠭᠤᠯᠵᠤ᠂ ︽ᠪᠥᠬᠦ ᠤᠯᠤᠰ ᠤᠨ ᠵᠠᠰᠠᠭ ᠤᠨ ᠶᠠᠪᠤᠳᠠᠯ ᠤᠨ | ᠰᠢᠨ᠎ᠡ ᠵᠠᠭᠤᠴᠢᠯᠠᠭᠤᠷ ᠤᠨ ᠮᠡᠳᠡᠭᠡ ᠵᠠᠩᠭᠢ ᠶᠢ ᠮᠡᠳᠡᠭᠦᠯᠦᠨ ᠬᠦᠷᠭᠡᠬᠦ ᠰᠢᠰᠲ᠋ᠧᠮ︾ ᠳᠤ ᠲᠦᠰᠢᠭᠯᠡᠨ ᠵᠠᠰᠠᠭ ᠤᠨ | ᠶᠠᠪᠤᠳᠠᠯ ᠤᠨ ᠰᠢᠨ᠎ᠡ ᠵᠠᠭᠤᠴᠢᠯᠠᠭᠤᠷ ᠢ ᠨᠡᠭᠡᠭᠡᠨ ᠪᠠᠶᠢᠭᠤᠯᠬᠤ᠂ ᠬᠤᠪᠢᠷᠠᠭᠤᠯᠬᠤ᠂ ᠬᠠᠭᠠᠵᠤ ᠵᠣᠭᠰᠣᠭᠠᠬᠤ᠂ | ᠬᠦᠴᠦᠨ ᠥᠬᠡᠶ ᠪᠣᠯᠭᠠᠬᠤ ᠳᠤ ᠴᠢᠩᠭ᠎ᠠ ᠪᠦᠷᠢᠳᠬᠡᠨ ᠳᠠᠩᠰᠠᠯᠠᠬᠤ ᠬᠠᠮᠢᠶᠠᠷᠤᠯᠲᠠ ᠶᠢ ᠬᠡᠷᠡᠭᠵᠢᠭᠦᠯᠵᠦ᠂ ᠵᠠᠰᠠᠭ ᠤᠨ | ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠲᠠᠩᠰᠠᠨ ᠨᠣᠮᠧᠷ ᠢ ᠢᠯᠭᠠᠷᠠᠭᠤᠯᠬᠤ ᠪᠠ ᠵᠢᠭᠰᠠᠭᠠᠨ ᠪᠠᠶᠢᠴᠠᠭᠠᠬᠤ | ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠬᠤ ᠬᠡᠷᠡᠭᠲᠡᠶ᠃ | ᠡᠯ᠎ᠡ ᠬᠤᠯᠪᠣᠭᠳᠠᠯ ᠪᠥᠬᠦᠶ ᠨᠢᠭᠡᠴᠢ ᠨᠦᠭᠦᠳ ᠵᠠᠷᠯᠠᠨ ᠮᠡᠳᠡᠭᠳᠡᠬᠦ ᠳᠤᠮᠳᠠ ᠢᠯᠡᠷᠡᠭᠰᠡᠨ ᠠᠰᠠᠭᠤᠳᠠᠯ ᠢ ᠳᠡᠭᠡᠳᠦ | ᠬᠡᠮᠵᠢᠶ᠎ᠡ ᠪᠠᠷ ᠴᠢᠬᠤᠯᠠᠴᠢᠯᠠᠵᠤ᠂ ᠴᠠᠭ ᠲᠤᠬᠠᠶ ᠳᠤᠨᠢ ᠴᠡᠭᠴᠡᠯᠡᠨ ᠰᠠᠶᠢᠵᠢᠷᠠᠭᠤᠯᠵᠤ᠂ ᠠᠳᠠᠯᠢᠬᠠᠨ ᠠᠰᠠᠭᠤᠳᠠᠯ ᠳᠠᠬᠢᠨ | ᠡᠭᠦᠰᠬᠦ ᠠᠴᠠ ᠵᠠᠶᠢᠯᠠᠰᠬᠢᠬᠦ ᠬᠡᠷᠡᠭᠲᠡᠶ᠃ ᠴᠡᠭᠴᠡᠯᠡᠨ ᠰᠠᠶᠢᠵᠢᠷᠠᠭᠤᠯᠤᠭᠰᠠᠨ ᠮᠡᠳᠡᠭᠦᠯᠦᠯᠲᠡ ᠶᠢ ᠨᠢᠭᠡᠴᠢ ᠶᠢᠨ ᠭᠤᠤᠯ | ᠬᠠᠷᠢᠭᠤᠴᠠᠯᠭᠠᠲᠠᠨ ᠢᠶᠠᠷ ᠬᠢᠨᠠᠭᠤᠯᠤᠭᠰᠠᠨ ᠤ ᠳᠠᠷᠠᠭ᠎ᠠ᠂ 2024 ᠣᠨ ᠤ 7 ᠰᠠᠷ᠎ᠠ ᠶᠢᠨ 10 ᠤ ᠡᠳᠦᠷ ᠠᠴᠠ | ᠡᠮᠦᠨ᠎ᠡ ᠬᠤᠲᠠ ᠶᠢᠨ ᠵᠠᠰᠠᠭ ᠤᠨ ᠶᠠᠪᠤᠳᠠᠯ ᠢ ᠢᠯᠡ ᠪᠣᠯᠭᠠᠬᠤ ᠤᠳᠤᠷᠢᠳᠬᠤ ᠳᠤᠭᠤᠶᠢᠯᠠᠩ ᠤᠨ ᠠᠯᠪᠠᠨ ᠬᠡᠷ ᠲᠤ | ᠮᠡᠳᠡᠭᠦᠯᠦᠨ᠎ᠡ᠃ | ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ | 2024 ᠤᠨ ᠤ 6 ᠰᠠᠷ᠎ᠠ ᠶᠢᠨ 27 ᠤ ᠡᠳᠦᠷ | | | | |