ᠬᠤᠷᠢᠨ ᠲᠠᠪᠤᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠲᠦᠮᠦᠰᠦᠨ ᠤ ᠶᠡᠭᠡ ᠬᠤᠷᠠᠯ ᠤᠯᠠᠭᠠᠨᠴᠠᠪ ᠬᠤᠲᠠ ᠳᠤ ᠦᠪᠡᠳᠡᠭᠰᠢ ᠶᠡᠭᠡ ᠪᠠᠷ ᠡᠬᠢᠯᠡᠪᠡ
ᠨᠡᠶᠢᠲᠡᠯᠡᠭᠰᠡᠨ ᠴᠠᠭ᠄
2024/7/22
       7 ᠰᠠᠷ᠎ᠠ ᠶᠢᠨ 21 ᠤ ᠡᠳᠦᠷ᠂ ᠳᠤᠮᠳᠠᠳᠤ ᠤᠯᠤᠰ ᠤᠨ ᠲᠠᠷᠢᠮᠠᠯ ᠤᠨ ᠨᠡᠶᠢᠭᠡᠮᠯᠢᠭ ᠤᠨ ᠲᠥᠮᠥᠰᠥ ᠶᠢᠨ ᠲᠤᠰᠬᠠᠶ ᠮᠡᠷᠭᠡᠵᠢᠯ ᠤᠨ ᠵᠥᠪᠯᠡᠯ ᠠᠴᠠ ᠭᠤᠤᠯᠯᠠᠨ ᠡᠷᠭᠢᠯᠡᠵᠦ᠂ ᠤᠯᠠᠭᠠᠨᠴᠠᠪ ᠬᠤᠲᠠ ᠶᠢᠨ ᠲᠥᠮᠥᠰᠥ ᠶᠢᠨ ᠠᠵᠤ ᠦᠢᠯᠡᠰ ᠤᠨ ᠬᠤᠯᠪᠣᠭᠠᠲᠤ ᠬᠤᠷᠠᠯ ᠠᠴᠠ ᠳᠠᠭᠠᠭᠠᠴᠢᠯᠠᠨ ᠡᠷᠭᠢᠯᠡᠭᠰᠡᠨ ᠬᠤᠷᠢᠨ ᠲᠠᠪᠤᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠲᠥᠮᠥᠰᠥ ᠶᠢᠨ ᠶᠡᠭᠡ ᠬᠤᠷᠠᠯ ᠮᠠᠨ ᠤ ᠬᠤᠲᠠ ᠳᠤ ᠦᠪᠡᠳᠡᠭᠰᠢ ᠶᠡᠭᠡ ᠪᠠᠷ ᠡᠬᠢᠯᠡᠵᠦ᠂ ᠵᠧᠵᠢᠶᠠᠩ᠂ ᠶᠦᠨᠨᠠᠨ᠂ ᠥᠪᠥᠷ ᠮᠣᠩᠭᠤᠯ᠂ ᠱᠠᠨ ᠰᠢ᠂ ᠭᠠᠨᠰᠦ᠂ ᠱᠠᠨᠳᠦ᠋ᠩ᠂ ᠾᠧᠪᠸᠢ ᠵᠡᠷᠭᠡ ᠭᠠᠵᠠᠷ ᠤᠨ 1000 ᠭᠠᠷᠤᠶ ᠲᠤᠰᠬᠠᠶ ᠮᠡᠷᠭᠡᠵᠢᠯᠲᠡᠨ ᠡᠷᠳᠡᠮᠲᠡᠨ᠂ ᠵᠠᠰᠠᠭ ᠤᠨ ᠣᠷᠳᠣᠨ ᠤ ᠲᠥᠯᠥᠭᠡᠯᠡᠭᠴᠢ ᠪᠣᠯᠤᠨ ᠠᠵᠤ ᠠᠬᠤᠶᠢᠯᠠᠯᠲᠠᠳ ᠲᠣᠰ ᠬᠤᠭᠤᠴᠠᠭᠠᠨ ᠤ ᠶᠡᠭᠡ ᠬᠤᠷᠠᠯ ᠳᠤ ᠣᠷᠣᠯᠴᠠᠵᠠᠶ᠃    ᠲᠤᠰ ᠬᠤᠭᠤᠴᠠᠭᠠᠨ ᠤ ᠶᠡᠭᠡ ᠬᠤᠷᠠᠯ ᠨᠢ ︽ᠲᠦᠮᠦᠰᠦᠨ ᠤ ᠠᠵᠤ ᠦᠢᠯᠡᠰ ᠬᠢᠭᠡᠳ ᠬᠠᠮ ᠢᠳᠡᠭᠡᠨ ᠤ ᠦᠵᠡᠯᠲᠡ︾ ᠪᠠᠷ ᠭᠤᠣᠯ ᠰᠡᠳᠦᠪ ᠪᠣᠯᠭᠠᠵᠤ᠂ ᠶᠡᠷᠦᠩᠬᠡᠢ ᠱᠦᠵᠢ ᠰᠢ ᠶᠢᠨ ᠫᠢᠩ ᠤᠨ ᠬᠠᠮ ᠢᠳᠡᠭᠡᠨ ᠤ ᠦᠵᠡᠯᠲᠡ ᠶᠢ ᠪᠤᠢ ᠪᠣᠯᠭᠠᠬᠤ ᠲᠤᠬᠠᠢ ᠴᠢᠬᠤᠯᠠ ᠥᠭᠦᠯᠡᠯᠲᠡ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠨᠢᠭᠡ ᠤᠳᠠᠭ᠎ᠠ ᠶᠢᠨ ᠪᠣᠳᠠᠲᠠᠢ ᠠᠵᠢᠯᠯᠠᠭ᠎ᠠ ᠪᠣᠯᠤᠨ᠎ᠠ᠂ ᠡᠭᠦᠨ ᠤ ᠵᠣᠷᠢᠯᠭ᠎ᠠ ᠨᠢ ᠲᠥᠮᠥᠰᠥ ᠶᠢᠨ ᠠᠵᠤ ᠦᠢᠯᠡᠰ ᠤᠨ ᠬᠥᠭᠵᠢᠯᠲᠡ ᠳᠤ ᠠᠩᠬᠠᠷᠤᠯ ᠢᠶᠠᠨ ᠲᠥᠪᠯᠡᠷᠡᠭᠦᠯᠵᠦ᠂ ᠲᠥᠮᠥᠰᠥ ᠶᠢᠨ ᠰᠢᠷᠢᠰ ᠪᠦᠲᠦᠭᠡᠭᠳᠡᠬᠦᠨ ᠢ ᠰᠤᠳᠤᠯᠤᠨ ᠨᠡᠭᠡᠭᠡᠬᠦ ᠶᠢ ᠴᠢᠩᠭᠠᠳᠬᠠᠵᠤ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ᠂ ᠣᠳᠣᠬᠢᠴᠢᠯᠠᠭᠰᠠᠨ ᠲᠠᠷᠢᠶᠠᠯᠠᠩ ᠤᠨ ᠬᠦᠴᠦᠷᠬᠡᠭ ᠤᠯᠤᠰ ᠢ ᠲᠦᠷᠭᠡᠨ ᠪᠦᠳᠦᠭᠡᠨ ᠪᠠᠶᠢᠭᠤᠯᠬᠤ ᠳᠤ ᠬᠦᠴᠦᠨ ᠴᠢᠳᠠᠯ ᠨᠡᠮᠡᠷᠢᠯᠡᠬᠦ ᠪᠤᠯᠤᠨ᠎ᠡ᠃    ᠬᠤᠲᠠ ᠶᠢᠨ ᠨᠠᠮ ᠤᠨ ᠬᠤᠷᠢᠶᠠᠨ ᠤ ᠱᠦᠵᠢ ᠰᠦᠶ ᠸᠧᠶ ᠵᠢᠶᠦ᠋ᠨ᠂ ᠳᠤᠮᠳᠠᠳᠤ ᠤᠯᠤᠰ ᠤᠨ ᠲᠠᠷᠢᠮᠠᠯ ᠤᠨ ᠨᠡᠶᠢᠭᠡᠮᠯᠢᠭ ᠤᠨ ᠲᠥᠮᠥᠰᠥ ᠶᠢᠨ ᠲᠤᠰᠬᠠᠶ ᠮᠡᠷᠭᠡᠵᠢᠯ ᠤᠨ ᠵᠥᠪᠯᠡᠯ ᠤᠨ ᠳᠠᠷᠤᠭ᠎ᠠ ᠶᠢᠨ ᠯᠢ ᠫᠢᠩ᠂ ᠪᠥᠬᠦ ᠤᠯᠤᠰ ᠤᠨ ᠲᠠᠷᠢᠶᠠᠯᠠᠩ ᠤᠨ ᠮᠡᠷᠭᠡᠵᠢᠯ ᠢ ᠳᠡᠯᠭᠡᠷᠡᠭᠦᠯᠬᠦ ᠦᠢᠯᠡᠴᠢᠯᠡᠭᠡᠨ ᠤ ᠲᠥᠪ ᠤᠨ ᠨᠠᠮ ᠤᠨ ᠬᠤᠷᠢᠶᠠᠨ ᠤ ᠱᠦᠵᠢ ᠵᠠᠩ ᠶᠧ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ ᠤᠨ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ ᠡᠤ ᠵᠥᠩ ᠶᠠᠨ᠂ ᠳᠤᠮᠳᠠᠳᠤ ᠤᠯᠤᠰ ᠤᠨ ᠲᠠᠷᠢᠮᠠᠯ ᠤᠨ ᠨᠡᠶᠢᠭᠡᠮᠯᠢᠭ ᠤᠨ ᠪᠠᠶᠢᠩᠭᠤ ᠶᠢᠨ ᠳᠡᠳ᠋ ᠨᠠᠷᠢᠨ ᠪᠢᠴᠢᠭ ᠤᠨ ᠳᠠᠷᠤᠭ᠎ᠠ ᠰᠢᠤᠢ ᠴᠢᠨ ᠲᠣᠰ ᠲᠣᠰ ᠪᠠᠶᠠᠷ ᠤᠨ ᠦᠭᠡ ᠬᠡᠯᠡᠵᠦ ᠶᠠᠷᠢᠶ᠎ᠠ ᠲᠠᠯᠪᠢᠵᠤ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠠᠺᠠᠳᠧᠮᠢᠴᠢ ᠦ᠋ ᠴᠢ᠂ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠲᠠᠷᠢᠮᠠᠯ ᠤᠨ ᠦᠢᠯᠡᠰ ᠤᠨ ᠬᠠᠮᠢᠶᠠᠷᠤᠯᠲᠠ ᠶᠢᠨ ᠵᠤᠷᠭᠠᠨ ᠤ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ ᠯᠢ ᠸᠧᠨ ᠰᠢᠩ᠂ ᠭᠠᠨᠰᠦ ᠮᠤᠵᠢ ᠶᠢᠨ ᠳ᠋ᠢᠩ ᠰᠢ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠬᠤᠸᠠᠩ ᠰᠢᠨ ᠵᠡᠷᠭᠡ ᠤᠳᠤᠷᠢᠳᠤᠯᠭ᠎ᠠ ᠬᠦᠨᠳᠦᠲᠦ ᠵᠤᠴᠢᠳ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃    ᠰᠦᠶ ᠸᠧᠶ ᠵᠢᠶᠦ᠋ᠨ ᠪᠠᠶᠠᠷ ᠤᠨ ᠦᠭᠡ ᠳᠡᠭᠡᠨ᠂ ᠤᠯᠠᠭᠠᠨᠴᠠᠪ ᠤᠨ ᠠᠭᠤᠷ ᠠᠮᠢᠰᠬᠤᠯ ᠬᠦᠢᠲᠡᠨ ᠰᠡᠷᠢᠭᠦᠨ ᠪᠠᠶᠢᠵᠤ᠂ ᠨᠡᠷᠡᠨ ᠤ ᠲᠤᠰᠤᠯᠲᠠ ᠬᠦᠢᠴᠡᠳ᠂ ᠪᠣᠷᠣᠭᠠᠨ ᠪᠠ ᠬᠠᠯᠠᠭᠤᠨ ᠠᠭᠤᠷ ᠠᠮᠢᠰᠬᠤᠯ ᠠᠳᠠᠯᠢ ᠬᠤᠭᠤᠴᠠᠭᠠᠨ ᠳᠤ ᠪᠠᠶᠢᠵᠤ᠂ ᠣᠯᠠᠨ ᠢᠶᠠᠷ ᠢᠶᠠᠨ ᠮᠡᠳᠡᠷᠡᠭᠰᠡᠨ ᠲᠥᠮᠥᠰᠥ ᠶᠢᠨ ᠰᠢᠵᠢᠷ ᠠᠯᠲᠠᠨ ᠤ ᠠᠵᠤ ᠦᠢᠯᠡᠰ ᠤᠨ ᠪᠦᠰᠡ ᠪᠣᠯᠤᠨ᠎ᠠ᠃ ᠤᠢᠢᠷ᠎ᠠ ᠶᠢᠨ ᠵᠢᠯ ᠠᠴᠠ᠂ ᠪᠦᠬᠦ ᠬᠤᠳᠠ ᠪᠠᠷ ᠢᠶᠠᠨ ᠲᠥᠮᠥᠰᠥ ᠶᠢᠨ ᠠᠵᠤ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠠᠵᠢᠯᠯᠠᠭ᠎ᠠ ᠶᠢ ᠶᠡᠬᠡᠪᠡᠷ ᠬᠡᠷᠡᠭᠵᠢᠭᠦᠯᠵᠦ᠂ ᠲᠦᠷᠦᠯ ᠵᠦᠢᠯ ᠢ ᠪᠤᠶᠢᠵᠢᠭᠤᠯᠬᠤ᠂ ᠶᠠᠰᠤ ᠴᠢᠨᠠᠷ ᠢ ᠳᠡᠭᠡᠭᠰᠢᠯᠡᠭᠦᠯᠬᠦ᠂ ᠲᠦᠷᠦᠯ ᠲᠡᠮᠳᠡᠭ ᠢ ᠡᠭᠦᠳᠬᠦ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠪᠤᠶᠢᠵᠢᠭᠤᠯᠬᠤ᠂ ᠦᠷᠡᠵᠢᠭᠦᠯᠬᠦ᠂ ᠳᠡᠯᠭᠡᠷᠡᠭᠦᠯᠬᠦ ᠶᠢ ᠨᠢᠭᠡ ᠴᠤᠭᠴᠠᠵᠢᠭᠤᠯᠤᠭᠰᠠᠨ᠂ ᠲᠠᠷᠢᠬᠤ᠂ ᠡᠳ᠋ᠰᠢᠭᠦᠯᠬᠦ᠂ ᠪᠣᠷᠣᠯᠠᠭᠤᠯᠬᠤ ᠶᠢ ᠬᠠᠷᠢᠯᠴᠠᠨ ᠵᠣᠯᠭᠠᠭᠤᠯᠤᠭᠰᠠᠨ ᠲᠥᠮᠥᠰᠥ ᠶᠢᠨ ᠪᠦᠬᠦ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠪᠠ᠃ ᠤᠯᠠᠭᠠᠨᠴᠠᠪ ᠲᠣᠰ ᠤᠳᠠᠭᠠᠨ ᠤ ᠶᠡᠭᠡ ᠬᠤᠷᠠᠯ ᠢᠶᠠᠷ ᠠᠵᠠ ᠲᠣᠬᠢᠶᠠᠯ ᠪᠣᠯᠭᠠᠵᠤ᠂ ᠠᠵᠢᠯ ᠲᠥᠷᠥᠯ ᠤᠨ ᠳᠣᠲᠣᠷᠠᠬᠢ ᠲᠤᠰᠬᠠᠶ ᠮᠡᠷᠭᠡᠵᠢᠯᠲᠡᠨ᠂ ᠳᠠᠭᠠᠭᠤᠯᠤᠭᠴᠢ ᠠᠵᠤ ᠠᠬᠤᠶᠢᠯᠠᠯ ᠯᠤᠭ᠎ᠠ ᠶᠢᠨ ᠨᠡᠪᠲᠡᠷᠡᠯᠴᠡᠭᠡ ᠵᠣᠯᠭᠠᠯᠴᠠᠭ᠎ᠠ ᠪᠠᠨ ᠦᠷᠭᠦᠯᠵᠢᠯᠡᠨ ᠭᠦᠨᠵᠡᠭᠡᠶᠢᠷᠡᠭᠦᠯᠵᠦ᠂ ᠠᠬ᠎ᠠ ᠳᠡᠭᠦᠦ ᠭᠠᠵᠠᠷ ᠣᠷᠣᠨ ᠯᠤᠭ᠎ᠠ ᠶᠢᠨ ᠰᠣᠯᠢᠯᠴᠠᠭ᠎ᠠ ᠬᠠᠮᠲᠤᠷᠠᠯᠴᠠᠭ᠎ᠠ ᠪᠠᠨ ᠲᠠᠰᠤᠷᠠᠯᠲᠠ ᠥᠬᠡᠶ ᠴᠢᠩᠭᠠᠳᠬᠠᠵᠤ᠂ ᠲᠥᠮᠥᠰᠥ ᠶᠢᠨ ᠤᠯᠤᠰ ᠤᠨ ᠳᠠᠪᠠᠭᠤᠯᠢᠭ ᠣᠨᠴᠠᠯᠢᠭᠲᠤ ᠠᠵᠤ ᠦᠢᠯᠡᠰ ᠤᠨ ᠰᠦᠷᠦᠭᠵᠢᠯ ᠤᠨ ᠲᠥᠷᠥᠯ ᠵᠦᠢᠯ ᠢ ᠪᠥᠬᠦ ᠲᠠᠯ᠎ᠠ ᠪᠠᠷ ᠠᠬᠢᠭᠤᠯᠵᠤ᠂ ᠦᠢᠯᠡᠳᠪᠦᠷᠢᠯᠡᠬᠦ ᠴᠢᠳᠠᠪᠤᠷᠢ ᠶᠢᠨ ᠵᠠᠭᠤᠨ ᠲᠦᠮᠡᠨ ᠲᠣᠨ ᠢ ᠳᠠᠪᠠᠭᠰᠠᠨ᠂ ᠦᠢᠯᠡᠳᠬᠦᠨ ᠤ ᠥᠷᠲᠡᠭ ᠵᠠᠭᠤᠨ ᠳ᠋ᠦᠩᠰᠢᠭᠤᠷ ᠲᠥᠭᠦᠷᠢᠭ ᠢ ᠳᠠᠪᠠᠭᠰᠠᠨ ︽ᠬᠤᠤᠰ ᠵᠠᠭᠤᠨ ᠱᠠᠲᠤ︾ ᠶᠢᠨ ᠲᠥᠮᠥᠰᠥ ᠶᠢᠨ ᠠᠵᠤ ᠦᠢᠯᠡᠰ ᠤᠨ ᠵᠢᠱᠢᠶ᠎ᠡ ᠦᠵᠡᠭᠦᠯᠬᠦ ᠣᠷᠣᠨ ᠢ ᠴᠢᠷᠮᠠᠶᠢᠨ ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ ᠪᠣᠯᠤᠨ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠳᠤ ᠢᠳᠡᠪᠬᠢᠲᠡᠶ ᠬᠤᠪᠢ ᠨᠡᠮᠡᠷᠢ ᠦᠵᠡᠭᠦᠯᠦᠨ᠎ᠡ ᠭᠡᠵᠡᠶ᠃                      ᠵᠣᠬᠢᠶᠠᠭᠴᠢ᠄ ᠳ᠋ᠧᠩ ᠰᠢᠤ ᠰᠢᠤ                      ᠤᠷᠴᠢᠭᠤᠯᠤᠭᠴᠢ᠄ ᠬᠦᠰᠡᠯ                      ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2