ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠠᠯᠪᠠᠨ ᠮᠡᠳᠡᠭᠡ
ᠨᠡᠶᠢᠲᠡᠯᠡᠭᠰᠡᠨ ᠴᠠᠭ᠄
2024/7/22
     ︵2024 ᠣᠨ ᠤ 7 ᠰᠠᠷ᠎ᠠ ᠶᠢᠨ 18 ᠤ ᠡᠳᠦᠷ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠠᠴᠠ ᠪᠠᠲᠤᠯᠠᠪᠠ︶     ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ 2024 ᠣᠨ ᠤ 7 ᠰᠠᠷ᠎ᠠ ᠶᠢᠨ 15 ᠤ ᠡᠳᠦᠷ ᠠᠴᠠ 18 ᠤ ᠡᠳᠦᠷ ᠪᠡᠭᠡᠵᠢᠩ ᠳᠤ ᠬᠤᠷᠠᠯᠳᠤᠪᠠ᠃     ᠲᠤᠰ ᠤᠳᠠᠭᠠᠨ ᠤ ᠪᠦᠭᠦᠳᠡ ᠬᠤᠷᠠᠯ ᠳᠤ ᠲᠥᠪ ᠬᠤᠷᠢᠶᠠᠨ ᠤ ᠭᠡᠰᠢᠭᠦᠨ 199 ᠬᠥᠮᠥᠨ᠂ ᠲᠥᠪ ᠬᠤᠷᠢᠶᠠᠨ ᠤ ᠣᠷᠣᠯᠠᠭᠴᠢ ᠭᠡᠰᠢᠭᠦᠨ 165 ᠬᠥᠮᠥᠨ ᠣᠷᠣᠯᠴᠠᠪᠠ᠃ ᠲᠥᠪ ᠬᠤᠷᠢᠶᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠪᠠᠶᠢᠩᠭᠤ ᠶᠢᠨ ᠬᠤᠷᠢᠶᠠᠨ ᠤ ᠭᠡᠰᠢᠭᠦᠳ ᠪᠣᠯᠣᠨ ᠬᠤᠯᠪᠣᠭᠳᠠᠯ ᠪᠦᠬᠦᠢ ᠲᠠᠯ᠎ᠠ ᠶᠢᠨ ᠬᠠᠷᠢᠭᠤᠴᠠᠯᠭᠠᠲᠠᠨ ᠨᠥᠬᠦᠳ ᠬᠤᠷᠠᠯ ᠳᠤ ᠰᠤᠯᠠ ᠣᠷᠣᠯᠴᠠᠪᠠ᠃ ᠨᠠᠮ ᠤᠨ ᠬᠤᠷᠢᠳᠤᠭᠠᠷ ᠶᠡᠭᠡ ᠬᠤᠷᠠᠯ ᠤᠨ ᠲᠥᠯᠥᠭᠡᠯᠡᠭᠴᠢᠳ ᠤᠨ ᠳᠣᠲᠣᠷᠠᠬᠢ ᠬᠡᠰᠡᠭ ᠦᠨᠳᠦᠰᠦᠨ ᠱᠠᠲᠤᠨ ᠤ ᠨᠥᠬᠦᠳ ᠪᠠ ᠲᠤᠰᠬᠠᠢ ᠮᠡᠷᠭᠡᠵᠢᠯᠲᠡᠳ ᠡᠷᠳᠡᠮᠲᠡᠳ ᠴᠤ ᠬᠤᠷᠠᠯ ᠳᠤ ᠰᠤᠯᠠ ᠣᠷᠣᠯᠴᠠᠪᠠ᠃     ᠪᠦᠭᠦᠳᠡ ᠬᠤᠷᠠᠯ ᠢ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶ᠎ᠠ ᠠᠴᠠ ᠡᠷᠭᠢᠯᠡᠪᠠ᠃ ᠲᠥᠪ ᠬᠤᠷᠢᠶᠠᠨ ᠤ ᠶᠡᠷᠦᠩᠬᠡᠢ ᠱᠦᠵᠢ ᠰᠢ ᠶᠢᠨ ᠫᠢᠩ ᠴᠢᠬᠤᠯᠠ ᠶᠠᠷᠢᠶ᠎ᠠ ᠲᠠᠯᠪᠢᠪᠠ᠃     ᠪᠦᠭᠦᠳᠡ ᠬᠤᠷᠠᠯ ᠠᠴᠠ ᠰᠢ ᠶᠢᠨ ᠫᠢᠩ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠨᠡᠶᠢᠳᠠᠯᠭ᠎ᠠ ᠪᠠᠷ ᠬᠢᠭᠰᠡᠨ ᠠᠵᠢᠯ ᠤᠨ ᠢᠯᠡᠳᠬᠡᠯ ᠢ ᠰᠣᠨᠣᠰᠤᠨ ᠶᠠᠷᠢᠯᠴᠠᠵᠤ᠂ ︽ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠲᠣᠭᠲᠠᠭᠠᠯ︾ ᠢ ᠬᠢᠨᠠᠨ ᠶᠠᠷᠢᠯᠴᠠᠵᠤ ᠪᠠᠲᠤᠯᠠᠪᠠ᠃ ᠰᠢ ᠶᠢᠨ ᠫᠢᠩ ︽ᠲᠣᠭᠲᠠᠭᠠᠯ ︵ᠶᠠᠷᠢᠯᠴᠠᠬᠤ ᠨᠣᠣᠷᠠᠭ︶︾ ᠤᠨ ᠲᠤᠬᠠᠢ ᠪᠦᠭᠦᠳᠡ ᠬᠤᠷᠠᠯ ᠳᠤ ᠲᠣᠳᠣᠷᠬᠠᠶᠢᠯᠠᠯᠲᠠ ᠬᠢᠪᠡ᠃     ᠪᠦᠭᠦᠳᠡ ᠬᠤᠷᠠᠯ ᠠᠴᠠ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠪᠦᠭᠦᠳᠡ ᠬᠤᠷᠠᠯ ᠠᠴᠠ ᠨᠠᠭᠠᠰᠢᠬᠢ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠠᠵᠢᠯ ᠢ ᠭᠦᠢᠴᠡᠳ ᠨᠤᠲᠠᠯᠠᠪᠠ᠃ ᠬᠦᠨᠳᠦ ᠬᠡᠴᠡᠭᠦᠦ ᠲᠦᠪᠡᠭ ᠪᠤᠳᠤᠯᠢᠶᠠᠨᠲᠠᠢ ᠤᠯᠠᠨ ᠤᠯᠤᠰ ᠤᠨ ᠣᠷᠴᠢᠨ ᠨᠥᠬᠦᠴᠡᠯ ᠪᠠ ᠬᠠᠲᠠᠭᠤ ᠪᠡᠷᠬᠡ ᠬᠦᠨᠳᠦ ᠨᠦᠰᠡᠷ ᠥᠭᠡᠷᠡᠴᠢᠯᠡᠯᠲᠡ ᠬᠢᠬᠦ ᠬᠥᠭᠵᠢᠭᠦᠯᠬᠦ ᠲᠣᠭᠲᠠᠭᠤᠨ ᠪᠠᠶᠢᠯᠭᠠᠬᠤ ᠡᠭᠦᠷᠭᠡ ᠶᠢᠨ ᠡᠮᠦᠨ᠎ᠡ᠂ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶ᠎ᠠ ᠨᠠᠮ ᠤᠨ ᠬᠤᠷᠢᠳᠤᠭᠠᠷ ᠶᠡᠭᠡ ᠬᠤᠷᠠᠯ ᠪᠠ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠠᠩᠬᠠᠳᠤᠭᠠᠷ ᠪᠦᠭᠦᠳᠡ ᠬᠤᠷᠠᠯ᠂ ᠬᠤᠶᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ ᠣᠨᠣᠪᠴᠢᠲᠠᠢ ᠪᠦᠭᠦ ᠲᠠᠯ᠎ᠠ ᠪᠠᠷ ᠲᠤᠭᠤᠰᠢᠯᠠᠭᠤᠯᠤᠨ᠂ ᠲᠣᠭᠲᠠᠭᠤᠨ ᠪᠠᠶᠢᠯᠭᠠᠬᠤ ᠶᠢᠨ ᠵᠡᠷᠭᠡ ᠳᠤ ᠤᠷᠤᠭᠰᠢᠯᠠᠭᠤᠯᠬᠤ ᠠᠵᠢᠯ ᠤᠨ ᠶᠡᠷᠦᠩᠬᠡᠢ ᠭᠦᠭ ᠠᠶᠠᠰ ᠢ ᠪᠠᠷᠢᠮᠲᠠᠯᠠᠵᠤ᠂ ︽ᠲᠠᠪᠤ ᠶᠢ ᠨᠢᠭᠡ ᠴᠣᠭᠴᠠᠵᠢᠭᠤᠯᠬᠤ︾ ᠶᠡᠷᠦᠩᠬᠡᠢ ᠪᠠᠶᠢᠷᠢᠯᠠᠭᠤᠯᠤᠯᠲᠠ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ︽ᠳᠦᠷᠪᠡᠨ ᠪᠦᠭᠦ ᠲᠠᠯ᠎ᠠ︾ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠵᠣᠬᠢᠴᠠᠩᠭᠤᠢ ᠪᠠᠷ ᠠᠬᠢᠭᠤᠯᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠬᠤᠶᠠᠷ ᠶᠡᠭᠡ ᠲᠠᠯ᠎ᠠ ᠶᠢ ᠨᠢᠭᠡᠳᠦᠯᠲᠡᠢ ᠲᠥᠯᠥᠪᠯᠡᠨ᠂ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠢ ᠲᠥᠯᠥᠪᠯᠡᠵᠦ᠂ ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ ᠠᠬᠢᠭᠤᠯᠵᠤ᠂ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠶᠢ ᠤᠯᠠᠮ ᠨᠢᠭᠡ ᠠᠯᠬᠤᠮ ᠠᠬᠢᠭᠤᠯᠬᠤ ᠪᠠ ᠤᠬᠠᠭᠠᠯᠠᠨ ᠲᠥᠯᠥᠪᠯᠡᠵᠦ᠂ ᠨᠡᠶᠢᠭᠡᠮ ᠵᠢᠷᠤᠮ ᠤᠨ ᠠᠷᠠᠳᠴᠢᠯᠠᠯ ᠪᠠ ᠬᠠᠤᠯᠢ ᠪᠠᠷ ᠵᠠᠰᠠᠬᠤ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠢ ᠲᠠᠰᠤᠷᠠᠯᠲᠠ ᠦᠭᠡᠢ ᠴᠢᠩᠭᠠᠳᠬᠠᠨ᠂ ᠠᠷᠠᠳ ᠤᠨ ᠠᠮᠢᠳᠤᠷᠠᠯ ᠢ ᠪᠠᠲᠤᠯᠠᠬᠤ ᠪᠠ ᠠᠮᠢ ᠠᠬᠤᠢ ᠶᠢᠨ ᠣᠷᠴᠢᠨ ᠨᠥᠬᠦᠴᠡᠯ ᠢ ᠬᠠᠮᠠᠭᠠᠯᠠᠬᠤ ᠠᠵᠢᠯ ᠢ ᠦᠨᠡᠨ ᠬᠦ ᠰᠠᠶᠢᠲᠤᠷ ᠠᠳᠬᠤᠵᠤ᠂ ᠤᠯᠤᠰ ᠣᠷᠣᠨ ᠤ ᠠᠮᠤᠷ ᠲᠦᠪᠰᠢᠨ ᠪᠠ ᠨᠡᠶᠢᠭᠡᠮ ᠤᠨ ᠲᠣᠭᠲᠠᠭᠤᠨ ᠪᠠᠶᠢᠳᠠᠯ ᠢ ᠡᠷᠡᠰ ᠬᠠᠮᠠᠭᠠᠯᠠᠵᠤ᠂ ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ ᠶᠢᠨ ᠪᠦᠲᠦᠭᠡᠨ ᠪᠠᠶᠢᠭᠤᠯᠤᠯᠲᠠ ᠶᠢ ᠬᠦᠴᠦᠲᠡᠢ ᠠᠬᠢᠭᠤᠯᠵᠤ᠂ ᠰᠢᠶᠠᠩᠭᠠᠩ ᠣᠣᠮᠧᠨ ᠤ ᠠᠵᠢᠯ ᠪᠠ ᠲᠠᠶᠢᠸᠠᠨ ᠤ ᠲᠤᠬᠠᠢ ᠠᠵᠢᠯ ᠢ ᠦᠷᠭᠦᠯᠵᠢᠯᠡᠨ ᠠᠬᠢᠭᠤᠯᠵᠤ᠂ ᠳᠤᠮᠳᠠᠲᠤ ᠤᠯᠤᠰ ᠤᠨ ᠣᠨᠴᠠᠯᠢᠭ ᠪᠦᠬᠦᠢ ᠲᠣᠮᠣ ᠤᠯᠤᠰ ᠤᠨ ᠭᠠᠳᠠᠭᠠᠳᠤ ᠬᠠᠷᠢᠯᠴᠠᠭ᠎ᠠ ᠶᠢ ᠭᠦᠨᠵᠡᠭᠡᠢ ᠠᠬᠢᠭᠤᠯᠤᠨ᠂ ᠨᠠᠮ ᠢ ᠪᠦᠭᠦ ᠲᠠᠯ᠎ᠠ ᠪᠠᠷ ᠴᠢᠩᠭ᠎ᠠ ᠵᠠᠰᠠᠬᠤ ᠶᠢ ᠢᠮᠠᠭᠲᠠ ᠠᠬᠢᠭᠤᠯᠵᠤ᠂ ᠠᠵᠤ ᠠᠬᠤᠢ ᠶᠢᠨ ᠰᠡᠷᠭᠦᠨ ᠰᠠᠶᠢᠵᠢᠷᠠᠬᠤ ᠶᠢ ᠪᠡᠶᠡᠯᠡᠭᠦᠯᠦᠨ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠠᠵᠢᠯ ᠯᠠᠪᠳᠠᠭᠤᠨ ᠪᠠᠲᠤᠲᠠᠢ ᠠᠯᠬᠤᠮ ᠢ ᠠᠯᠬᠤᠪᠠ ᠭᠡᠵᠦ ᠰᠠᠨᠠᠯ ᠨᠢᠭᠡᠲᠡᠢ ᠦᠵᠡᠵᠡᠢ᠃     ᠪᠦᠭᠦᠳᠡ ᠬᠤᠷᠠᠯ ᠠᠴᠠ ᠰᠢᠨ᠎ᠡ ᠴᠠᠭ ᠦᠶ᠎ᠡ ᠠᠴᠠ ᠨᠠᠭᠠᠰᠢᠬᠢ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠦᠭᠰᠡᠨ ᠠᠮᠵᠢᠯᠲᠠ ᠲᠠᠢ ᠦᠢᠯᠡᠳᠦᠯᠭᠡ ᠪᠠ ᠠᠭᠤᠤ ᠶᠡᠭᠡ ᠠᠮᠵᠢᠯᠲᠠ ᠪᠦᠲᠦᠮᠵᠢ ᠶᠢ ᠳᠡᠭᠡᠳᠦ ᠬᠡᠮᠵᠢᠶ᠎ᠡ ᠪᠠᠷ ᠦᠨᠡᠯᠡᠵᠦ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠵᠦ᠂ ᠳᠤᠮᠳᠠᠲᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠠᠰᠠᠭᠤᠳᠠᠯ ᠢ ᠰᠤᠳᠤᠯᠤᠭᠠᠳ᠂ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭ᠎ᠠ ᠪᠣᠯ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠭᠦ ᠲᠠᠯ᠎ᠠ ᠪᠠᠷ ᠠᠬᠢᠭᠤᠯᠬᠤ ᠵᠠᠩᠭᠢᠯᠠᠭ᠎ᠠ ᠶᠢᠨ ᠬᠤᠭᠤᠴᠠᠭ᠎ᠠ ᠪᠣᠯᠣᠨ᠎ᠠ᠃ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠥᠭᠡᠷᠡᠴᠢᠯᠡᠯᠲᠡ ᠨᠡᠭᠡᠭᠡᠯᠲᠡ ᠶᠢᠨ ᠳᠤᠮᠳᠠ ᠲᠠᠰᠤᠷᠠᠯᠳᠠ ᠦᠭᠡᠢ ᠠᠬᠢᠭᠤᠯᠵᠤ ᠪᠠᠶᠢᠭ᠎ᠠ ᠪᠥᠭᠡᠳ ᠥᠭᠡᠷᠡᠴᠢᠯᠡᠯᠲᠡ ᠨᠡᠭᠡᠭᠡᠯᠲᠡ ᠶᠢᠨ ᠳᠤᠮᠳᠠ ᠰᠠᠷᠠᠭᠤᠯ ᠠᠭᠤᠳᠠᠮ ᠢᠷᠡᠭᠡᠳᠦᠢ ᠶᠢ ᠨᠡᠭᠡᠭᠡᠬᠦ ᠨᠢ ᠯᠠᠪᠲᠠᠢ ᠶᠤᠮ᠃ ᠡᠭᠡᠳᠡᠷᠡᠭᠡᠨ ᠪᠤᠳᠤᠯᠢᠶᠠᠨᠲᠠᠢ ᠤᠯᠤᠰ ᠤᠨ ᠭᠠᠳᠠᠭᠠᠳᠤ ᠳᠣᠲᠣᠭᠠᠳᠤ ᠶᠢᠨ ᠪᠠᠶᠢᠳᠠᠯ ᠤᠨ ᠡᠮᠦᠨ᠎ᠡ᠂ ᠰᠢᠨ᠎ᠡ ᠨᠢᠭᠡᠨ ᠡᠭᠡᠯᠵᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠤᠪᠢᠰᠬᠠᠯ ᠪᠣᠯᠣᠨ ᠠᠵᠤ ᠦᠢᠯᠡᠰ ᠤᠨ ᠬᠤᠪᠢᠰᠤᠯᠲᠠ ᠶᠢᠨ ᠡᠮᠦᠨ᠎ᠡ᠂ ᠠᠷᠠᠳ ᠤᠯᠠᠨ ᠤ ᠰᠢᠨ᠎ᠡ ᠬᠦᠰᠡᠯ ᠡᠷᠡᠮᠡᠯᠵᠡᠯ ᠤᠨ ᠡᠮᠦᠨ᠎ᠡ᠂ ᠡᠷᠬᠡᠪᠰᠢ ᠤᠬᠠᠮᠰᠠᠷ ᠠᠴᠠ ᠪᠠᠨ ᠥᠭᠡᠷᠡᠴᠢᠯᠡᠯᠲᠡ ᠶᠢ ᠨᠡᠩ ᠲᠣᠪᠤᠶᠢᠮ᠎ᠠ ᠪᠠᠶᠢᠷᠢᠨ ᠳᠤ ᠲᠠᠯᠪᠢᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠲᠠᠢ ᠨᠢᠭᠲᠠ ᠤᠶᠠᠯᠳᠤᠭᠤᠯᠤᠨ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠬᠡᠷᠡᠭᠲᠡᠢ ᠭᠡᠵᠦ ᠦᠵᠡᠪᠡ᠃     ᠪᠦᠭᠦᠳᠡ ᠬᠤᠷᠠᠯ ᠠᠴᠠ ᠴᠢᠬᠤᠯᠠᠴᠢᠯᠠᠭᠰᠠᠨ ᠨᠢ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠳᠤ ᠡᠷᠬᠡᠪᠰᠢ ᠮᠠᠷᠺᠰ ᠯᠧᠨᠢᠨ ᠤ ᠦᠵᠡᠯ᠂ ᠮᠠᠤ ᠽᠧ ᠳ᠋ᠦᠩ ᠤᠨ ᠦᠵᠡᠯ ᠰᠠᠨᠠᠭ᠎ᠠ᠂ ᠳ᠋ᠧᠩ ᠰᠢᠶᠣᠣ ᠫᠢᠩ ᠤᠨ ᠣᠨᠣᠯ᠂ ︽ᠭᠤᠷᠪᠠ ᠶᠢ ᠲᠥᠯᠥᠭᠡᠯᠡᠬᠦ︾ ᠴᠢᠬᠤᠯᠠ ᠦᠵᠡᠯ ᠰᠠᠨᠠᠭ᠎ᠠ᠂ ᠰᠢᠨᠵᠢᠯᠡᠬᠦ ᠤᠬᠠᠭᠠᠨᠴᠢ ᠬᠥᠭᠵᠢᠯᠲᠡ ᠶᠢᠨ ᠦᠵᠡᠯᠲᠡ ᠶᠢ ᠪᠠᠷᠢᠮᠲᠠᠯᠠᠨ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠲᠤᠬᠠᠢ ᠠᠯᠢ ᠣᠯᠠᠨ ᠰᠢᠨ᠎ᠡ ᠦᠵᠡᠯ ᠰᠠᠨᠠᠭ᠎ᠠ᠂ ᠰᠢᠨ᠎ᠡ ᠦᠵᠡᠯᠲᠡ᠂ ᠰᠢᠨ᠎ᠡ ᠨᠤᠲᠠᠯᠠᠯᠲᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ ᠣᠨᠣᠪᠴᠢᠲᠠᠶ ᠪᠦᠭᠦ ᠲᠠᠯ᠎ᠠ ᠪᠠᠷ ᠲᠤᠭᠤᠰᠢᠯᠠᠭᠤᠯᠵᠤ᠂ ᠲᠣᠭᠲᠠᠭᠤᠨ ᠪᠠᠶᠢᠯᠭᠠᠬᠤ ᠶᠢᠨ ᠵᠡᠷᠭᠡ ᠳᠤ ᠤᠷᠤᠭᠰᠢᠯᠠᠭᠤᠯᠬᠤ ᠠᠵᠢᠯ ᠤᠨ ᠶᠡᠷᠦᠩᠬᠡᠢ ᠭᠦᠭ ᠠᠶᠠᠰ ᠢ ᠪᠠᠷᠢᠮᠲᠠᠯᠠᠨ᠂ ᠦᠵᠡᠯ ᠰᠠᠨᠠᠭ᠎ᠠ ᠪᠠᠨ ᠴᠢᠯᠦᠭᠡᠯᠡᠬᠦ᠂ ᠦᠨᠡᠨ ᠠᠴᠠ ᠵᠥᠪ ᠢ ᠡᠷᠢᠬᠦ᠂ ᠴᠠᠭ ᠦᠶ᠎ᠡ ᠲᠠᠢ ᠵᠡᠷᠭᠡ ᠪᠠᠷ ᠤᠷᠤᠭᠰᠢᠯᠠᠬᠤ᠂ ᠦᠨᠡᠨ ᠢ ᠪᠠᠷᠢᠮᠲᠠᠯᠠᠨ ᠪᠣᠳᠠᠲᠠᠢ ᠶᠢ ᠡᠷᠭᠢᠮᠯᠡᠭᠦ ᠶᠢ ᠪᠠᠷᠢᠮᠲᠠᠯᠠᠵᠤ᠂ ᠨᠡᠶᠢᠭᠡᠮ ᠤᠨ ᠦᠢᠯᠡᠳᠪᠦᠷᠢᠯᠡᠯ ᠤᠨ ᠬᠦᠴᠦᠨ ᠢ ᠤᠯᠠᠮ ᠨᠢᠭᠡ ᠠᠯᠬᠤᠮ ᠴᠢᠯᠦᠭᠡᠯᠡᠨ ᠬᠥᠭᠵᠢᠭᠦᠯᠵᠦ᠂ ᠨᠡᠶᠢᠭᠡᠮ ᠤᠨ ᠠᠮᠢᠵᠢᠷᠠᠯ ᠤᠨ ᠬᠦᠴᠦᠨ ᠢ ᠤᠯᠠᠮ ᠨᠢᠭᠡ ᠠᠯᠬᠤᠮ ᠬᠥᠭᠵᠢᠭᠡᠨ ᠨᠡᠮᠡᠭᠳᠡᠭᠦᠯᠵᠦ᠂ ᠤᠯᠤᠰ ᠤᠨ ᠳᠣᠲᠣᠭᠠᠳᠤ ᠭᠠᠳᠠᠭᠠᠳᠤ ᠶᠢᠨ ᠬᠤᠶᠠᠷ ᠶᠡᠭᠡ ᠲᠠᠯ᠎ᠠ ᠶᠢ ᠨᠢᠭᠡᠳᠦᠯᠲᠡᠢ ᠲᠥᠯᠥᠪᠯᠡᠨ᠂ ︽ᠲᠠᠪᠤ ᠶᠢ ᠨᠢᠭᠡ ᠴᠣᠭᠴᠠᠵᠢᠭᠤᠯᠬᠤ︾ ᠶᠡᠷᠦᠩᠬᠡᠢ ᠪᠠᠶᠢᠷᠢᠯᠠᠭᠤᠯᠤᠯᠲᠠ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ︽ᠳᠥᠷᠪᠡᠨ ᠪᠦᠭᠦ ᠲᠠᠯ᠎ᠠ︾ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠵᠣᠬᠢᠴᠠᠩᠭᠤᠢ ᠪᠠᠷ ᠠᠬᠢᠭᠤᠯᠵᠤ᠂ ᠠᠵᠤ ᠠᠬᠤᠢ ᠶᠢᠨ ᠪᠠᠶᠢᠭᠤᠯᠤᠯ ᠤᠨ ᠥᠭᠡᠷᠡᠴᠢᠯᠡᠯᠲᠡ ᠪᠠᠷ ᠬᠥᠲᠥᠯᠥᠮᠵᠢ ᠪᠤᠯᠭᠠᠵᠤ᠂ ᠨᠡᠶᠢᠭᠡᠮ ᠤᠨ ᠲᠥᠪ ᠭᠤᠤᠯᠴᠢ ᠰᠢᠳᠤᠷᠭᠤ ᠶᠣᠰᠣ ᠶᠢ ᠠᠬᠢᠭᠤᠯᠬᠤ᠂ ᠠᠷᠠᠳ ᠲᠦᠮᠡᠨ ᠤ ᠠᠵᠠ ᠵᠢᠷᠭᠠᠯ ᠢ ᠨᠡᠮᠡᠭᠳᠡᠭᠦᠯᠬᠦ ᠪᠠᠷ ᠡᠭᠦᠰᠦᠯᠲᠡ ᠪᠠ ᠦᠷ᠎ᠡ ᠳ᠋ᠦᠩ ᠪᠤᠯᠭᠠᠵᠤ᠂ ᠰᠢᠰᠲ᠋ᠧᠮᠵᠢᠭᠦᠯᠦᠨ ᠬᠤᠷᠠᠭᠤᠯᠬᠤ ᠶᠢ ᠨᠡᠩ ᠢᠯᠡᠭᠦᠦ ᠴᠢᠬᠤᠯᠠᠴᠢᠯᠠᠵᠤ᠂ ᠭᠤᠣᠯᠳᠠᠯᠭ᠎ᠠ ᠶᠢ ᠳᠣᠪᠤᠶᠢᠯᠭᠠᠬᠤ ᠶᠢ ᠨᠡᠩ ᠢᠯᠡᠭᠦᠦ ᠴᠢᠬᠤᠯᠠᠴᠢᠯᠠᠵᠤ᠂ ᠥᠭᠡᠷᠡᠴᠢᠯᠡᠯᠲᠡ ᠶᠢᠨ ᠪᠣᠳᠠᠲᠤ ᠦᠷ᠎ᠡ ᠪᠦᠲᠦᠮᠵᠢ ᠶᠢ ᠨᠡᠩ ᠢᠯᠡᠭᠦᠦ ᠴᠢᠬᠤᠯᠠᠴᠢᠯᠠᠵᠤ᠂ ᠦᠢᠯᠡᠳᠪᠦᠷᠢᠯᠡᠯ ᠤᠨ ᠬᠠᠷᠢᠴᠠᠭ᠎ᠠ ᠪᠠ ᠦᠢᠯᠡᠳᠪᠦᠷᠢᠯᠡᠯ ᠤᠨ ᠬᠦᠴᠦᠨ᠂ ᠳᠠᠪᠬᠤᠷᠭ᠎ᠠ ᠪᠠ ᠠᠵᠤ ᠠᠬᠤᠢ ᠶᠢᠨ ᠰᠠᠭᠤᠷᠢ᠂ ᠲᠦᠷᠦ ᠶᠢᠨ ᠵᠠᠰᠠᠯᠲᠠ ᠪᠠ ᠨᠡᠶᠢᠭᠡᠮ ᠤᠨ ᠬᠥᠭᠵᠢᠯᠲᠡ ᠶᠢᠨ ᠨᠡᠩ ᠰᠠᠶᠢᠨ ᠵᠣᠬᠢᠴᠠᠯᠳᠤᠬᠤ ᠶᠢ ᠠᠬᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠳᠤ ᠬᠦᠴᠦᠷᠬᠡᠭ ᠶᠡᠭᠡ ᠬᠥᠳᠡᠯᠭᠡᠭᠴᠢ ᠬᠦᠴᠦᠨ ᠪᠠ ᠪᠠᠶᠢᠭᠤᠯᠤᠯ ᠤᠨ ᠪᠠᠲᠤᠯᠠᠭ᠎ᠠ ᠬᠠᠩᠭᠠᠬᠤ ᠬᠡᠷᠡᠭᠲᠡᠢ᠃     ᠪᠦᠭᠦᠳᠡ ᠬᠤᠷᠠᠯ ᠠᠴᠠ ᠵᠢᠭᠠᠵᠤ ᠭᠠᠷᠭᠠᠭᠰᠠᠨ ᠨᠢ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠶᠢᠨ ᠶᠡᠷᠦᠩᠬᠡᠢ ᠬᠠᠷᠠᠯᠲᠠ ᠪᠣᠯ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮᠲᠤ ᠪᠠᠶᠢᠭᠤᠯᠤᠯ ᠢ ᠦᠷᠭᠦᠯᠵᠢᠯᠡᠨ ᠲᠡᠭᠦᠯᠳᠡᠷᠵᠢᠭᠦᠯᠦᠨ ᠬᠥᠭᠵᠢᠭᠦᠯᠵᠦ᠂ ᠲᠦᠷᠦ ᠶᠢ ᠵᠠᠰᠠᠬᠤ ᠰᠢᠰᠲ᠋ᠧᠮ ᠪᠠ ᠵᠠᠰᠠᠬᠤ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠤᠨ᠎ᠠ᠃ 2035 ᠣᠨ ᠪᠤᠯᠬᠤ ᠳᠤ᠂ ᠥᠨᠳᠥᠷ ᠲᠦᠪᠰᠢᠨ ᠪᠦᠬᠦᠢ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠢ ᠶᠢᠨ ᠪᠠᠶᠢᠭᠤᠯᠤᠯ ᠢ ᠪᠦᠭᠦ ᠲᠠᠯ᠎ᠠ ᠪᠠᠷ ᠪᠠᠶᠢᠭᠤᠯᠤᠨ ᠪᠦᠲᠦᠭᠡᠵᠦ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮᠲᠤ ᠪᠠᠶᠢᠭᠤᠯᠤᠯ ᠢ ᠨᠡᠩ ᠲᠡᠭᠦᠯᠳᠡᠷᠵᠢᠭᠦᠯᠵᠦ᠂ ᠲᠦᠷᠦ ᠶᠢ ᠵᠠᠰᠠᠬᠤ ᠰᠢᠰᠲ᠋ᠧᠮ ᠪᠠ ᠵᠠᠰᠠᠬᠤ ᠴᠢᠳᠠᠪᠤᠷᠢ ᠶᠢᠨ ᠣᠳᠣᠬᠢᠴᠢᠯᠠᠯᠲᠠ ᠶᠢ ᠦᠨᠳᠦᠰᠦᠨ ᠳᠡᠭᠡᠨ ᠪᠡᠶᠡᠯᠡᠭᠦᠯᠵᠦ᠂ ᠨᠡᠶᠢᠭᠡᠮ ᠵᠢᠷᠤᠮ ᠤᠨ ᠣᠳᠣᠬᠢᠴᠢᠯᠠᠯᠲᠠ ᠶᠢ ᠦᠨᠳᠦᠰᠦᠨ ᠳᠡᠭᠡᠨ ᠪᠡᠶᠡᠯᠡᠭᠦᠯᠦᠭᠡᠳ᠂ ᠲᠤᠰ ᠵᠠᠭᠤᠨ ᠤ ᠳᠤᠮᠳᠠᠴᠢ ᠦᠶ᠎ᠡ ᠪᠤᠯᠬᠤ ᠳᠤ ᠨᠡᠶᠢᠭᠡᠮ ᠵᠢᠷᠤᠮᠲᠤ ᠣᠳᠣᠬᠢᠴᠢᠯᠠᠭᠰᠠᠨ ᠬᠦᠴᠦᠷᠬᠡᠭ ᠤᠯᠤᠰ ᠢ ᠪᠦᠭᠦ ᠲᠠᠯ᠎ᠠ ᠪᠠᠷ ᠪᠠᠶᠢᠭᠤᠯᠤᠨ ᠪᠦᠲᠦᠭᠡᠬᠦ ᠳᠤ ᠪᠠᠲᠤ ᠪᠠᠬᠢ ᠰᠠᠭᠤᠷᠢ ᠶᠢ ᠲᠠᠯᠪᠢᠵᠤ ᠥᠭᠬᠦ ᠶᠠᠪᠤᠳᠠᠯ ᠪᠣᠯᠣᠨ᠎ᠠ᠃ ᠥᠨᠳᠥᠷ ᠲᠦᠪᠰᠢᠨ ᠪᠦᠬᠦᠢ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠢ ᠶᠢᠨ ᠪᠠᠶᠢᠭᠤᠯᠤᠯ ᠢ ᠪᠠᠶᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠪᠦᠭᠦ ᠶᠠᠪᠤᠴᠠ ᠶᠢᠨ ᠠᠷᠠᠳ ᠤᠨ ᠠᠷᠠᠳᠴᠢᠯᠠᠯ ᠢ ᠬᠥᠭᠵᠢᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠨᠡᠶᠢᠭᠡᠮ ᠵᠢᠷᠤᠮ ᠤᠨ ᠰᠣᠶᠣᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠠᠷᠠᠳ ᠲᠦᠮᠡᠨ ᠤ ᠠᠮᠢᠳᠤᠷᠠᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠭᠦ ᠳᠤ ᠠᠩᠬᠠᠷᠤᠯ ᠢᠶᠠᠨ ᠲᠥᠪᠯᠡᠷᠡᠭᠦᠯᠵᠦ᠂ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠢ ᠪᠦᠲᠦᠭᠡᠨ ᠪᠠᠶᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠨᠡᠩ ᠥᠨᠳᠥᠷ ᠲᠦᠪᠰᠢᠨ ᠪᠦᠬᠦᠢ ᠠᠮᠤᠷ ᠠᠮᠤᠭᠤᠯᠠᠩ ᠳᠤᠮᠳᠠᠳᠤ ᠤᠯᠤᠰ ᠢ ᠪᠦᠲᠦᠭᠡᠨ ᠪᠠᠶᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠨᠠᠮ ᠤᠨ ᠤᠳᠤᠷᠢᠳᠬᠤ ᠬᠢᠷᠢ ᠬᠡᠮᠵᠢᠶ᠎ᠡ ᠪᠠ ᠤᠷᠲᠤ ᠬᠤᠭᠤᠴᠠᠭ᠎ᠠ ᠪᠠᠷ ᠲᠥᠷᠥ ᠪᠠᠷᠢᠬᠤ ᠴᠢᠳᠠᠪᠤᠷᠢ ᠶᠢ ᠳᠡᠭᠡᠭᠰᠢᠯᠡᠭᠦᠯᠭᠦ ᠳᠤ ᠠᠩᠬᠠᠷᠤᠯ ᠢᠶᠠᠨ ᠲᠥᠪᠯᠡᠷᠡᠭᠦᠯᠵᠦ᠂ ᠥᠭᠡᠷᠡᠴᠢᠯᠡᠯᠲᠡ ᠶᠢ ᠦᠷᠭᠦᠯᠵᠢᠯᠡᠨ ᠲᠦᠯᠬᠢᠨ ᠤᠷᠤᠭᠰᠢᠯᠠᠭᠤᠯᠬᠤ ᠬᠡᠷᠡᠭᠲᠡᠢ᠃ 2029 ᠣᠨ ᠳᠤ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ ᠨᠠᠶᠠᠨ ᠵᠢᠯ ᠤᠨ ᠤᠢ ᠪᠤᠯᠬᠤ ᠦᠶ᠎ᠡ ᠪᠠᠷ᠂ ᠲᠤᠰ ᠲᠣᠭᠲᠠᠭᠠᠯ ᠳᠤ ᠳᠤᠷᠠᠳᠤᠭᠰᠠᠨ ᠥᠭᠡᠷᠡᠴᠢᠯᠡᠯᠲᠡ ᠶᠢᠨ ᠡᠭᠦᠷᠭᠡ ᠶᠢ ᠪᠡᠶᠡᠯᠡᠭᠦᠯᠦᠨ᠎ᠡ᠃     ᠪᠦᠭᠦᠳᠡ ᠬᠤᠷᠠᠯ ᠠᠴᠠ ᠴᠢᠬᠤᠯᠠᠴᠢᠯᠠᠭᠰᠠᠨ ᠨᠢ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠳᠤ᠂ ᠥᠭᠡᠷᠡᠴᠢᠯᠡᠯᠲᠡ ᠨᠡᠭᠡᠭᠡᠯᠲᠡ ᠬᠢᠭᠰᠡᠨ ᠠᠴᠠ ᠨᠠᠭᠠᠰᠢᠬᠢ ᠢᠯᠠᠩᠭᠤᠶ᠎ᠠ ᠰᠢᠨ᠎ᠡ ᠴᠠᠭ ᠦᠶ᠎ᠡ ᠳᠤ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠦᠭᠰᠡᠨ ᠡᠷᠬᠢᠮ ᠨᠠᠨᠳᠢᠨ ᠲᠤᠷᠰᠢᠯᠭ᠎ᠠ ᠶᠢ ᠳ᠋ᠦᠩᠨᠡᠨ ᠬᠡᠷᠡᠭᠯᠡᠵᠦ᠂ ᠨᠠᠮ ᠤᠨ ᠪᠦᠭᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠬᠤ᠂ ᠠᠷᠠᠳ ᠲᠦᠮᠡᠨ ᠢᠶᠠᠷ ᠭᠤᠣᠯ ᠪᠤᠯᠭᠠᠬᠤ ᠶᠢ ᠪᠠᠷᠢᠮᠲᠠᠯᠠᠬᠤ᠂ ᠲᠥᠪ ᠶᠣᠰᠣ ᠶᠢ ᠰᠠᠬᠢᠨ ᠰᠢᠨ᠎ᠡ ᠶᠢ ᠡᠭᠦᠳᠬᠦ ᠶᠢ ᠪᠠᠷᠢᠮᠲᠠᠯᠠᠬᠤ᠂ ᠪᠠᠶᠢᠭᠤᠯᠤᠯ ᠤᠨ ᠪᠠᠶᠢᠭᠤᠯᠤᠯᠲᠠ ᠪᠠᠷ ᠭᠤᠣᠯ ᠰᠢᠵᠢᠮ ᠪᠤᠯᠭᠠᠬᠤ ᠶᠢ ᠪᠠᠷᠢᠮᠲᠠᠯᠠᠬᠤ᠂ ᠪᠦᠭᠦ ᠲᠠᠯ᠎ᠠ ᠪᠠᠷ ᠬᠠᠤᠯᠢ ᠶᠣᠰᠣᠭᠠᠷ ᠤᠯᠤᠰ ᠢᠶᠠᠨ ᠵᠠᠰᠠᠬᠤ ᠶᠢ ᠪᠠᠷᠢᠮᠲᠠᠯᠠᠬᠤ᠂ ᠰᠢᠰᠲ᠋ᠧᠮ ᠤᠨ ᠦᠵᠡᠯᠲᠡ ᠶᠢ ᠪᠠᠷᠢᠮᠲᠠᠯᠠᠬᠤ ᠵᠡᠷᠭᠡ ᠵᠠᠷᠴᠢᠮ ᠢ ᠲᠤᠭᠤᠰᠢᠯᠠᠭᠤᠯᠬᠤ ᠬᠡᠷᠡᠭᠲᠡᠢ᠃     ᠪᠦᠭᠦᠳᠡ ᠬᠤᠷᠠᠯ ᠠᠴᠠ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠲᠤᠬᠠᠢ ᠰᠢᠰᠲ᠋ᠧᠮ ᠲᠠᠢ ᠪᠠᠶᠢᠷᠢᠯᠠᠭᠤᠯᠤᠯᠲᠠ ᠬᠢᠵᠦ᠂ ᠥᠨᠳᠥᠷ ᠲᠦᠪᠰᠢᠨ ᠪᠦᠬᠦᠢ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠢ ᠶᠢᠨ ᠪᠠᠶᠢᠭᠤᠯᠤᠯ ᠢ ᠪᠠᠶᠢᠭᠤᠯᠵᠤ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠠᠶᠢᠭᠤᠯᠤᠯ ᠲᠣᠭᠲᠠᠴᠠ ᠶᠢ ᠪᠦᠷᠢᠨᠰᠢᠭᠦᠯᠵᠦ᠂ ᠪᠦᠭᠦ ᠲᠠᠯ᠎ᠠ ᠪᠠᠷ ᠰᠢᠨ᠎ᠡ ᠶᠢ ᠡᠭᠦᠳᠬᠦ ᠶᠢ ᠳᠡᠮᠵᠢᠬᠦ ᠪᠠᠶᠢᠭᠤᠯᠤᠯ ᠲᠣᠭᠲᠠᠴᠠ ᠶᠢ ᠪᠠᠶᠢᠭᠤᠯᠵᠤ᠂ ᠬᠤᠷᠸ᠎ᠠ ᠠᠵᠤ ᠠᠬᠤᠢ ᠶᠢᠨ ᠵᠠᠰᠠᠯᠲᠠ ᠶᠢᠨ ᠰᠢᠰᠲ᠋ᠧᠮ ᠢ ᠪᠦᠷᠢᠨᠰᠢᠭᠦᠯᠵᠦ᠂ ᠬᠤᠲᠠ ᠬᠥᠳᠡᠭᠡ ᠶᠢ ᠠᠭᠤᠰᠤᠯᠴᠠᠭᠤᠯᠤᠨ ᠬᠥᠭᠵᠢᠭᠦᠯᠬᠦ ᠪᠠᠶᠢᠭᠤᠯᠤᠯ ᠲᠣᠭᠲᠠᠴᠠ ᠶᠢ ᠲᠡᠭᠦᠯᠳᠡᠷᠵᠢᠭᠦᠯᠵᠦ᠂ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢᠨ ᠪᠠᠶᠢᠭᠤᠯᠤᠯ ᠲᠣᠭᠲᠠᠴᠠ ᠶᠢ ᠲᠡᠭᠦᠯᠳᠡᠷᠵᠢᠭᠦᠯᠵᠦ᠂ ᠪᠦᠭᠦ ᠶᠠᠪᠤᠴᠠ ᠶᠢᠨ ᠠᠷᠠᠳ ᠤᠨ ᠠᠷᠠᠳᠴᠢᠯᠠᠯ ᠤᠨ ᠪᠠᠶᠢᠭᠤᠯᠤᠯ ᠤᠨ ᠰᠢᠰᠲ᠋ᠧᠮ ᠢ ᠪᠦᠷᠢᠨᠰᠢᠭᠦᠯᠵᠦ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠬᠠᠤᠯᠢ ᠪᠠᠷ ᠵᠠᠰᠠᠬᠤ ᠰᠢᠰᠲ᠋ᠧᠮ ᠢ ᠲᠡᠭᠦᠯᠳᠡᠷᠵᠢᠭᠦᠯᠵᠦ᠂ ᠰᠣᠶᠣᠯ ᠤᠨ ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠳᠦᠷᠢᠮ ᠤᠨ ᠰᠢᠰᠲ᠋ᠧᠮ ᠢ ᠪᠦᠷᠢᠨᠰᠢᠭᠦᠯᠵᠦ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠤᠯᠤᠰ ᠤᠨ ᠠᠮᠤᠷ ᠲᠦᠪᠰᠢᠨ ᠤ ᠰᠢᠰᠲ᠋ᠧᠮ ᠪᠠ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠵᠤ᠂ ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ ᠶᠢᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠨᠠᠮ ᠤᠨ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠠᠵᠢᠯ ᠢ ᠤᠳᠤᠷᠢᠳᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠭᠦ ᠬᠡᠷᠡᠭᠲᠡᠢ ᠭᠡᠵᠦ ᠴᠢᠬᠤᠯᠠᠴᠢᠯᠠᠪᠠ᠃     ᠪᠦᠭᠦᠳᠡ ᠬᠤᠷᠠᠯ ᠠᠴᠠ ᠳᠤᠷᠠᠳᠤᠨ ᠭᠠᠷᠭᠠᠭᠰᠠᠨ ᠨᠢ᠂ ᠥᠨᠳᠥᠷ ᠲᠦᠪᠰᠢᠨ ᠪᠦᠬᠦᠢ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠢ ᠶᠢᠨ ᠪᠠᠶᠢᠭᠤᠯᠤᠯ ᠪᠣᠯ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠴᠢᠬᠤᠯᠠ ᠪᠠᠲᠤᠯᠠᠭ᠎ᠠ ᠮᠥᠨ᠃ ᠡᠷᠬᠡᠪᠰᠢ ᠵᠠᠬ᠎ᠠ ᠳᠡᠯᠭᠡᠭᠦᠷ ᠤᠨ ᠲᠣᠭᠲᠠᠴᠠ ᠶᠢᠨ ᠦᠢᠯᠡᠳᠦᠯ ᠢ ᠨᠠᠩ ᠰᠠᠶᠢᠨ ᠪᠠᠳᠠᠷᠠᠭᠤᠯᠵᠤ᠂ ᠨᠠᠩ ᠲᠥᠪ ᠭᠤᠤᠯᠴᠢ᠂ ᠨᠠᠩ ᠠᠮᠢᠵᠢᠷᠠᠯ ᠤᠨ ᠬᠦᠴᠦᠨ ᠲᠠᠢ ᠵᠠᠬ᠎ᠠ ᠳᠡᠯᠭᠡᠭᠦᠷ ᠤᠨ ᠣᠷᠴᠢᠨ ᠨᠥᠬᠦᠴᠡᠯ ᠢ ᠡᠭᠦᠳᠴᠦ᠂ ᠡᠬᠢ ᠪᠠᠶᠠᠯᠢᠭ ᠤᠨ ᠲᠣᠬᠢᠷᠠᠭᠤᠯᠤᠯᠲᠠ ᠶᠢᠨ ᠦᠷ᠎ᠡ ᠪᠦᠲᠦᠮᠵᠢ ᠶᠢ ᠬᠠᠮᠤᠭ ᠤᠨ ᠰᠢᠯᠢᠳᠡᠭ ᠪᠤᠯᠭᠠᠬᠤ ᠪᠠ ᠦᠷ᠎ᠡ ᠠᠰᠢᠭ ᠢ ᠬᠠᠮᠤᠭ ᠤᠨ ᠶᠡᠭᠡ ᠪᠤᠯᠭᠠᠬᠤ ᠶᠢ ᠪᠡᠶᠡᠯᠡᠭᠦᠯᠵᠦ᠂ ︽ᠠᠮᠢᠳᠤᠯᠢᠭ ᠪᠤᠯᠭᠠᠵᠦ ᠴᠢᠳᠠᠬᠤ︾ ᠮᠥᠷᠲᠡᠭᠡᠨ ᠪᠠᠰᠠ ︽ᠬᠠᠮᠢᠶᠠᠷᠴᠤ ᠲᠡᠶᠢᠯᠭᠦ︾ ᠪᠠᠶᠢᠵᠤ᠂ ᠵᠠᠬ᠎ᠠ ᠳᠡᠯᠭᠡᠭᠦᠷ ᠤᠨ ᠡᠮᠬᠢ ᠵᠢᠷᠤᠮ ᠢ ᠨᠡᠩ ᠰᠠᠶᠢᠨ ᠬᠠᠮᠠᠭᠠᠯᠠᠵᠤ᠂ ᠵᠠᠬ᠎ᠠ ᠳᠡᠯᠭᠡᠭᠦᠷ ᠦᠢᠯᠡᠳᠦᠯ ᠢᠶᠠᠨ ᠠᠯᠳᠠᠬᠤ ᠶᠢ ᠨᠠᠩ ᠰᠠᠶᠢᠨ ᠨᠥᠬᠦᠪᠦᠷᠢᠯᠡᠵᠦ᠂ ᠤᠯᠤᠰ ᠠᠷᠠᠳ ᠤᠨ ᠠᠵᠤ ᠠᠬᠤᠢ ᠶᠢᠨ ᠣᠷᠴᠢᠯ ᠢ ᠰᠠᠭᠠᠳ ᠦᠭᠡᠢ ᠨᠠᠪᠲᠠᠷᠡᠭᠦᠯᠵᠦ᠂ ᠪᠦᠭᠦ ᠨᠡᠶᠢᠭᠡᠮ ᠤᠨ ᠳᠣᠲᠣᠭᠠᠳᠤ ᠬᠥᠳᠡᠯᠭᠡᠭᠴᠢ ᠬᠦᠴᠦᠨ ᠪᠠ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ ᠬᠥᠭᠵᠢᠭᠡᠬᠦ ᠬᠡᠷᠡᠭᠲᠡᠢ᠃ ᠨᠡᠶᠢᠲᠡ ᠶᠢᠨ ᠥᠮᠴᠢᠯᠡᠯ ᠤᠨ ᠠᠵᠤ ᠠᠬᠤᠢ ᠶᠢ ᠥᠴᠥᠬᠡᠨ ᠴᠦ ᠭᠤᠶᠢᠪᠢᠰᠢ ᠦᠭᠡᠢ ᠪᠠᠷ ᠪᠠᠬᠢᠵᠢᠭᠦᠯᠦᠨ ᠬᠥᠭᠵᠢᠭᠦᠯᠵᠦ᠂ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ ᠶᠢᠨ ᠬᠥᠭᠵᠢᠯᠲᠡ ᠶᠢ ᠥᠴᠥᠬᠡᠨ ᠴᠦ ᠭᠤᠶᠢᠪᠢᠰᠢ ᠦᠭᠡᠢ ᠪᠠᠷ ᠵᠣᠷᠢᠭᠵᠢᠭᠤᠯᠤᠨ ᠳᠡᠮᠵᠢᠵᠦ ᠬᠥᠲᠥᠯᠥᠨ ᠵᠢᠯᠤᠭᠤᠳᠴᠤ᠂ ᠡᠯ᠎ᠡ ᠵᠦᠢᠯ ᠤᠨ ᠥᠮᠴᠢᠯᠡᠯ ᠤᠨ ᠠᠵᠤ ᠠᠬᠤᠢ ᠶᠢᠨ ᠬᠠᠤᠯᠢ ᠶᠣᠰᠣᠭᠠᠷ ᠦᠢᠯᠡᠳᠪᠦᠷᠢᠯᠡᠯ ᠤᠨ ᠡᠯᠧᠮᠧᠨ᠋ᠲ ᠢ ᠡᠷᠬᠡ ᠲᠡᠭᠰᠢ ᠪᠠᠷ ᠬᠡᠷᠡᠭᠯᠡᠬᠦ᠂ ᠵᠠᠬ᠎ᠠ ᠳᠡᠯᠭᠡᠭᠦᠷ ᠤᠨ ᠥᠷᠢᠰᠦᠯᠳᠦᠭᠡᠨ ᠳᠤ ᠠᠳᠠᠯᠢ ᠲᠡᠭᠰᠢ ᠪᠠᠷ ᠣᠷᠤᠯᠴᠠᠬᠤ᠂ ᠬᠠᠤᠯᠢ ᠴᠠᠭᠠᠵᠠ ᠶᠢᠨ ᠬᠠᠮᠠᠭᠠᠯᠠᠯᠲᠠ ᠶᠢ ᠠᠳᠠᠯᠢ ᠪᠠᠷ ᠭᠦᠷᠲᠡᠭᠦ ᠶᠢ ᠪᠠᠲᠤᠯᠠᠵᠤ᠂ ᠡᠯ᠎ᠡ ᠵᠦᠢᠯ ᠤᠨ ᠥᠮᠴᠢᠯᠡᠯ ᠤᠨ ᠠᠵᠤ ᠠᠬᠤᠢ ᠶᠢᠨ ᠳᠠᠪᠠᠭᠤᠯᠢᠭ ᠲᠠᠯ᠎ᠠ ᠪᠠᠷ ᠢᠶᠠᠨ ᠬᠠᠷᠢᠯᠴᠠᠨ ᠨᠥᠬᠦᠪᠦᠷᠢᠯᠡᠬᠦ᠂ ᠬᠠᠮᠲᠤ ᠪᠠᠷ ᠬᠥᠭᠵᠢᠬᠦ ᠶᠢ ᠠᠬᠢᠭᠤᠯᠬᠤ ᠬᠡᠷᠡᠭᠲᠡᠢ᠃ ᠪᠦᠭᠦ ᠤᠯᠤᠰ ᠤᠨ ᠨᠢᠭᠡᠳᠦᠯᠲᠡᠢ ᠲᠣᠮᠣ ᠵᠠᠬ᠎ᠠ ᠳᠡᠯᠭᠡᠭᠦᠷ ᠢ ᠪᠠᠶᠢᠭᠤᠯᠵᠤ᠂ ᠵᠠᠬ᠎ᠠ ᠳᠡᠯᠭᠡᠭᠦᠷ ᠤᠨ ᠠᠵᠤ ᠠᠬᠤᠢ ᠶᠢᠨ ᠰᠠᠭᠤᠷᠢ ᠳᠦᠷᠢᠮ ᠢ ᠲᠡᠭᠦᠯᠳᠡᠷᠵᠢᠭᠦᠯᠬᠦ ᠬᠡᠷᠡᠭᠲᠡᠢ᠃     ᠪᠦᠭᠦᠳᠡ ᠬᠤᠷᠠᠯ ᠠᠴᠠ ᠳᠤᠷᠠᠳᠤᠨ ᠭᠠᠷᠭᠠᠭᠰᠠᠨ ᠨᠢ᠂ ᠴᠢᠨᠠᠷ ᠰᠠᠶᠢᠲᠠᠢ ᠬᠥᠭᠵᠢᠯᠲᠡ ᠪᠣᠯ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠶᠢᠨ ᠲᠡᠷᠢᠭᠦᠨ ᠴᠢᠬᠤᠯᠠ ᠡᠭᠦᠷᠭᠡ ᠮᠥᠨ᠃ ᠡᠷᠬᠡᠪᠰᠢ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢᠶᠠᠷ ᠥᠭᠡᠷᠡᠴᠢᠯᠡᠯᠲᠡ ᠶᠢ ᠬᠥᠲᠥᠯᠥᠨ ᠳᠠᠭᠠᠭᠤᠯᠵᠤ᠂ ᠰᠢᠨ᠎ᠡ ᠬᠥᠭᠵᠢᠯᠲᠡ ᠶᠢᠨ ᠱᠠᠲᠤᠨ ᠳᠤ ᠰᠠᠭᠤᠷᠢᠯᠠᠨ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠤᠷᠮᠠᠰᠢᠭᠤᠯᠤᠯ ᠤᠨ ᠪᠠ ᠬᠢᠵᠠᠭᠠᠷᠯᠠᠯ ᠤᠨ ᠲᠣᠭᠲᠠᠴᠠ ᠶᠢ ᠲᠡᠭᠦᠯᠳᠡᠷᠵᠢᠭᠦᠯᠵᠦ᠂ ᠬᠥᠭᠵᠢᠯᠲᠡ ᠶᠢᠨ ᠰᠢᠨ᠎ᠡ ᠬᠥᠳᠡᠯᠭᠡᠭᠴᠢ ᠡᠨᠧᠷᠭᠢ ᠰᠢᠨ᠎ᠡ ᠳᠠᠪᠠᠭᠤᠯᠢᠭ ᠢ ᠪᠤᠢ ᠪᠤᠯᠭᠠᠬᠤ ᠬᠡᠷᠡᠭᠲᠡᠢ᠃ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠪᠠᠶᠢᠭᠤᠯᠤᠯ ᠲᠣᠭᠲᠠᠴᠠ ᠶᠢ ᠪᠦᠷᠢᠨᠰᠢᠭᠦᠯᠵᠦ᠂ ᠪᠣᠳᠠᠲᠤ ᠴᠣᠭᠴᠠ ᠶᠢᠨ ᠠᠵᠤ ᠠᠬᠤᠢ ᠪᠠ ᠳ᠋ᠢᠵᠢᠲ᠋ᠠᠯ ᠠᠵᠤ ᠠᠬᠤᠢ ᠶᠢᠨ ᠭᠦᠨᠵᠡᠭᠡᠢ ᠠᠭᠤᠰᠤᠯᠴᠠᠯ ᠢ ᠠᠬᠢᠭᠤᠯᠬᠤ ᠳᠦᠷᠢᠮ ᠢ ᠪᠦᠷᠢᠨᠰᠢᠭᠦᠯᠦᠨ᠂ ᠦᠢᠯᠡᠴᠢᠯᠡᠭᠡᠨ ᠤ ᠦᠢᠯᠡᠰ ᠢ ᠬᠥᠭᠵᠢᠭᠦᠯᠬᠦ ᠪᠠᠶᠢᠭᠤᠯᠤᠯ ᠲᠣᠭᠲᠠᠴᠠ ᠶᠢ ᠲᠡᠭᠦᠯᠳᠡᠷᠵᠢᠭᠦᠯᠵᠦ᠂ ᠣᠳᠣᠬᠢᠴᠢᠯᠠᠭᠰᠠᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠪᠠᠶᠢᠭᠤᠯᠤᠯ ᠲᠣᠭᠲᠠᠴᠠ ᠶᠢ ᠪᠦᠷᠢᠨᠰᠢᠭᠦᠯᠵᠦ᠂ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠤᠶᠠᠨ ᠬᠠᠳᠠᠨ ᠴᠢᠨᠠᠷ ᠪᠠ ᠠᠮᠤᠷ ᠲᠦᠪᠰᠢᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠭᠦ ᠳᠦᠷᠢᠮ ᠢ ᠪᠦᠷᠢᠨᠰᠢᠭᠦᠯᠬᠦ ᠬᠡᠷᠡᠭᠲᠡᠢ᠃     ᠪᠦᠭᠦᠳᠡ ᠬᠤᠷᠠᠯ ᠠᠴᠠ ᠳᠤᠷᠠᠳᠤᠨ ᠭᠠᠷᠭᠠᠭᠰᠠᠨ ᠨᠢ᠂ ᠰᠤᠷᠭᠠᠨ ᠬᠥᠮᠦᠵᠢᠯ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠴᠢᠳᠠᠪᠤᠷᠢᠲᠠᠨ ᠪᠣᠯ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠠᠭᠤᠷᠢ ᠴᠢᠨᠠᠷᠲᠠᠢ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠲᠤᠯᠭᠠᠭᠤᠷᠢᠯᠠᠯ ᠮᠥᠨ᠃ ᠡᠷᠬᠡᠪᠰᠢ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠢᠶᠠᠷ ᠤᠯᠤᠰ ᠢᠶᠠᠨ ᠮᠠᠨᠳᠤᠭᠤᠯᠬᠤ ᠪᠠᠶᠢᠯᠳᠤᠬᠤ ᠪᠣᠳᠣᠯᠭ᠎ᠠ᠂ ᠴᠢᠳᠠᠪᠤᠷᠢᠲᠠᠨ ᠢᠶᠠᠷ ᠤᠯᠤᠰ ᠢᠶᠠᠨ ᠬᠦᠴᠦᠷᠬᠡᠭᠵᠢᠭᠦᠯᠬᠦ ᠪᠠᠶᠢᠯᠳᠤᠬᠤ ᠪᠣᠳᠣᠯᠭ᠎ᠠ᠂ ᠰᠢᠨ᠎ᠡ ᠶᠢ ᠡᠭᠦᠳᠬᠦ ᠪᠠᠷ ᠬᠥᠭᠵᠢᠯᠲᠡ ᠶᠢᠨ ᠬᠥᠳᠡᠯᠭᠡᠭᠦᠷ ᠪᠤᠯᠭᠠᠬᠤ ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠵᠦ᠂ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠴᠢᠳᠠᠪᠤᠷᠢᠲᠠᠨ ᠤ ᠪᠠᠶᠢᠭᠤᠯᠤᠯ ᠲᠣᠭᠲᠠᠴᠠ ᠶᠢᠨ ᠨᠢᠭᠡ ᠴᠣᠭᠴᠠᠵᠢᠭᠰᠠᠨ ᠥᠭᠡᠷᠡᠴᠢᠯᠡᠯᠲᠡ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ᠰᠢᠨ᠎ᠡ ᠭᠡᠯᠪᠡᠷᠢ ᠶᠢᠨ ᠤᠯᠤᠰ ᠳᠠᠶᠠᠭᠠᠷ ᠤᠨ ᠪᠠᠶᠢᠭᠤᠯᠤᠯ ᠢ ᠪᠦᠷᠢᠨᠰᠢᠭᠦᠯᠵᠦ᠂ ᠤᠯᠤᠰ ᠤᠨ ᠰᠢᠨ᠎ᠡ ᠶᠢ ᠡᠭᠦᠳᠬᠦ ᠰᠢᠰᠲ᠋ᠧᠮ ᠤᠨ ᠪᠦᠬᠦᠯᠢ ᠴᠣᠭᠴᠠ ᠶᠢᠨ ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠭᠦ ᠬᠡᠷᠡᠭᠲᠡᠢ᠃ ᠰᠤᠷᠭᠠᠨ ᠬᠥᠮᠦᠵᠢᠯ ᠤᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠴᠢᠳᠠᠪᠤᠷᠢᠲᠠᠨ ᠤ ᠬᠥᠭᠵᠢᠯᠲᠡ ᠶᠢᠨ ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠬᠡᠷᠡᠭᠲᠡᠢ᠃     ᠪᠦᠭᠦᠳᠡ ᠬᠤᠷᠠᠯ ᠠᠴᠠ ᠳᠤᠷᠠᠳᠤᠨ ᠭᠠᠷᠭᠠᠭᠰᠠᠨ ᠨᠢ᠂ ᠰᠢᠨᠵᠢᠯᠡᠬᠦ ᠤᠬᠠᠭᠠᠨᠴᠢ ᠬᠤᠷᠸ᠎ᠠ ᠲᠣᠬᠢᠷᠠᠭᠤᠯᠤᠯ ᠡᠵᠡᠮᠳᠡᠯ᠂ ᠪᠦᠲᠦᠮᠵᠢᠲᠡᠶ ᠵᠠᠰᠠᠭ ᠤᠨ ᠣᠷᠳᠣᠨ ᠤ ᠵᠠᠰᠠᠯᠲᠠ ᠪᠣᠯ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠢ ᠶᠢᠨ ᠪᠠᠶᠢᠭᠤᠯᠤᠯ ᠤᠨ ᠳᠠᠪᠠᠭᠤᠯᠢᠭ ᠢ ᠪᠠᠳᠠᠷᠠᠭᠤᠯᠬᠤ ᠶᠢᠨ ᠳᠣᠲᠣᠭᠠᠳᠤ ᠱᠠᠭᠠᠷᠳᠠᠯᠭ᠎ᠠ ᠮᠥᠨ᠃ ᠡᠷᠬᠡᠪᠰᠢ ᠬᠤᠷᠸ᠎ᠠ ᠲᠣᠬᠢᠷᠠᠭᠤᠯᠤᠯ ᠡᠵᠡᠮᠳᠡᠯ ᠤᠨ ᠪᠠᠶᠢᠭᠤᠯᠤᠯ ᠤᠨ ᠰᠢᠰᠲ᠋ᠧᠮ ᠢ ᠲᠡᠭᠦᠯᠳᠡᠷᠵᠢᠭᠦᠯᠵᠦ᠂ ᠡᠳ᠋ ᠤᠨ ᠵᠠᠰᠠᠭ ᠭᠠᠶᠢᠯᠢ᠂ ᠮᠥᠩᠭᠦᠨ ᠭᠦᠢᠯᠭᠡᠭᠡ ᠵᠡᠷᠭᠡ ᠭᠤᠣᠯᠳᠠᠯᠭ᠎ᠠ ᠲᠠᠢ ᠬᠦᠷᠢᠶᠡᠨ ᠳᠠᠬᠢ ᠥᠭᠡᠷᠡᠴᠢᠯᠡᠯᠲᠡ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ᠬᠤᠷᠸ᠎ᠠ ᠲᠦᠷᠦ ᠶᠢᠨ ᠪᠣᠳᠣᠯᠭ᠎ᠠ ᠶᠢᠨ ᠬᠠᠨᠳᠤᠰᠢ ᠶᠢᠨ ᠨᠢᠭᠡᠳᠦᠯᠲᠦ ᠴᠢᠨᠠᠷ ᠢ ᠴᠢᠩᠭᠠᠳᠬᠠᠬᠤ ᠬᠡᠷᠡᠭᠲᠡᠢ᠃ ᠤᠯᠤᠰ ᠤᠨ ᠪᠠᠶᠢᠯᠳᠤᠬᠤ ᠪᠣᠳᠣᠯᠭ᠎ᠠ ᠲᠥᠯᠦᠪᠵᠢᠭᠦᠯᠭᠡ ᠶᠢᠨ ᠰᠢᠰᠲ᠋ᠧᠮ ᠪᠠ ᠲᠦᠷᠦ ᠶᠢᠨ ᠪᠣᠳᠣᠯᠭ᠎ᠠ ᠶᠢ ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠲᠣᠭᠲᠠᠴᠠ ᠶᠢ ᠲᠡᠭᠦᠯᠳᠡᠷᠵᠢᠭᠦᠯᠵᠦ᠂ ᠡᠳ᠋ ᠤᠨ ᠵᠠᠰᠠᠭ ᠭᠠᠶᠢᠯᠢ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠮᠥᠩᠭᠦᠨ ᠭᠦᠢᠯᠭᠡᠭᠡᠨ ᠤ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠲᠣᠭᠲᠠᠴᠠ ᠶᠢ ᠲᠡᠭᠦᠯᠳᠡᠷᠵᠢᠭᠦᠯᠬᠦ ᠬᠡᠷᠡᠭᠲᠡᠢ᠃     ᠪᠦᠭᠦᠳᠡ ᠬᠤᠷᠠᠯ ᠠᠴᠠ ᠳᠤᠷᠠᠳᠤᠨ ᠭᠠᠷᠭᠠᠭᠰᠠᠨ ᠨᠢ᠂ ᠬᠤᠳᠠ ᠬᠥᠳᠡᠭᠡ ᠶᠢ ᠠᠭᠤᠰᠤᠯᠴᠠᠭᠤᠯᠤᠨ ᠬᠥᠭᠵᠢᠭᠦᠯᠬᠦ ᠪᠣᠯ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠵᠠᠶᠢᠯᠠᠰᠢ ᠦᠭᠡᠢ ᠱᠠᠭᠠᠷᠳᠠᠯᠭ᠎ᠠ ᠮᠥᠨ᠃ ᠡᠷᠬᠡᠪᠰᠢ ᠰᠢᠨ᠎ᠡ ᠭᠡᠯᠪᠡᠷᠢ ᠶᠢᠨ ᠠᠵᠤ ᠦᠢᠯᠡᠳᠪᠦᠷᠢᠵᠢᠯᠲᠡ᠂ ᠰᠢᠨ᠎ᠡ ᠭᠡᠯᠪᠡᠷᠢ ᠶᠢᠨ ᠬᠤᠲᠠ ᠪᠠᠯᠭᠠᠰᠤᠵᠢᠯᠲᠠ ᠪᠠ ᠬᠥᠳᠡᠭᠡ ᠲᠣᠰᠬᠤᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠨᠢᠭᠡᠳᠦᠯᠲᠡᠢ ᠲᠥᠯᠥᠪᠯᠡᠵᠦ᠂ ᠬᠤᠲᠠ ᠬᠥᠳᠡᠭᠡ ᠶᠢᠨ ᠲᠥᠯᠦᠪᠵᠢᠭᠦᠯᠭᠡ᠂ ᠪᠦᠲᠦᠭᠡᠨ ᠪᠠᠶᠢᠭᠤᠯᠤᠯᠲᠠ᠂ ᠵᠠᠰᠠᠯᠲᠠ ᠶᠢᠨ ᠠᠭᠤᠰᠤᠯᠴᠠᠯ ᠤᠨ ᠬᠢᠷᠢ ᠬᠡᠮᠵᠢᠶ᠎ᠡ ᠶᠢ ᠪᠦᠭᠦ ᠲᠠᠯ᠎ᠠ ᠪᠠᠷ ᠳᠡᠭᠡᠭᠰᠢᠯᠡᠭᠦᠯᠵᠦ᠂ ᠬᠤᠳᠠ ᠬᠥᠳᠡᠭᠡ ᠶᠢᠨ ᠡᠯᠧᠮᠧᠨ᠋ᠲ ᠤᠨ ᠡᠷᠬᠡ ᠲᠡᠭᠰᠢ ᠪᠠᠷ ᠰᠣᠯᠢᠯᠴᠠᠬᠤ᠂ ᠬᠤᠣᠰ ᠴᠢᠭᠯᠡᠯ ᠢᠶᠠᠷ ᠰᠢᠯᠵᠢᠭᠦ ᠶᠢ ᠠᠬᠢᠭᠤᠯᠤᠨ᠂ ᠬᠤᠳᠠ ᠬᠥᠳᠡᠭᠡ ᠶᠢᠨ ᠵᠥᠷᠢᠶ᠎ᠡ ᠶᠢ ᠪᠠᠭᠠᠰᠬᠠᠵᠤ᠂ ᠬᠤᠳᠠ ᠬᠥᠳᠡᠭᠡ ᠶᠢᠨ ᠬᠠᠮᠲᠤ ᠪᠠᠷ ᠴᠡᠴᠡᠭᠯᠡᠨ ᠬᠥᠭᠵᠢᠬᠦ ᠶᠢ ᠠᠬᠢᠭᠤᠯᠬᠤ ᠬᠡᠷᠡᠭᠲᠡᠢ᠃ ᠰᠢᠨ᠎ᠡ ᠭᠡᠯᠪᠡᠷᠢ ᠶᠢᠨ ᠬᠤᠲᠠ ᠪᠠᠯᠭᠠᠰᠤᠵᠢᠯᠲᠠ ᠶᠢ ᠠᠬᠢᠭᠤᠯᠬᠤ ᠪᠠᠶᠢᠭᠤᠯᠤᠯ ᠲᠣᠭᠲᠠᠴᠠ ᠶᠢ ᠪᠦᠷᠢᠨᠰᠢᠭᠦᠯᠵᠦ᠂ ᠬᠥᠳᠡᠭᠡ ᠲᠣᠰᠬᠤᠨ ᠤ ᠦᠨᠳᠦᠰᠦᠨ ᠡᠵᠡᠩᠨᠡᠯᠲᠡ ᠶᠢᠨ ᠳᠦᠷᠢᠮ ᠢ ᠪᠠᠬᠢᠵᠢᠭᠦᠯᠦᠨ ᠲᠡᠭᠦᠯᠳᠡᠷᠵᠢᠭᠦᠯᠵᠦ᠂ ᠲᠠᠷᠢᠶᠠᠯᠠᠩ ᠢ ᠬᠦᠴᠦᠷᠬᠡᠭᠵᠢᠭᠦᠯᠬᠦ᠂ ᠲᠠᠷᠢᠶᠠᠴᠢᠳ ᠲᠤ ᠠᠰᠢᠭ ᠬᠦᠷᠲᠡᠭᠡᠬᠦ᠂ ᠲᠠᠷᠢᠶᠠᠴᠢᠳ ᠢ ᠪᠠᠶᠠᠵᠢᠭᠤᠯᠬᠤ ᠶᠢ ᠳᠡᠮᠵᠢᠬᠦ ᠳᠦᠷᠢᠮ ᠢ ᠲᠡᠭᠦᠯᠳᠡᠷᠵᠢᠭᠦᠯᠦᠨ᠂ ᠭᠠᠵᠠᠷ ᠰᠢᠷᠣᠢ ᠶᠢᠨ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠬᠡᠷᠡᠭᠲᠡᠢ᠃     ᠪᠦᠭᠦᠳᠡ ᠬᠤᠷᠠᠯ ᠠᠴᠠ ᠳᠤᠷᠠᠳᠤᠨ ᠭᠠᠷᠭᠠᠭᠰᠠᠨ ᠨᠢ᠂ ᠨᠡᠭᠡᠭᠡᠯᠲᠡ ᠬᠢᠬᠦ ᠪᠣᠯ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠢᠯᠡ ᠲᠣᠳᠣ ᠢᠯᠡᠳᠬᠡᠮᠵᠢ ᠲᠡᠮᠳᠡᠭ ᠮᠥᠨ᠃ ᠡᠷᠬᠡᠪᠰᠢ ᠭᠠᠳᠠᠭᠰᠢ ᠨᠡᠭᠡᠭᠡᠯᠲᠡ ᠬᠢᠬᠦ ᠦᠨᠳᠦᠰᠦᠨ ᠤᠯᠤᠰ ᠤᠨ ᠪᠣᠳᠣᠯᠭ᠎ᠠ ᠶᠢ ᠪᠠᠷᠢᠮᠲᠠᠯᠠᠵᠤ᠂ ᠨᠡᠭᠡᠭᠡᠯᠲᠡ ᠪᠠᠷ ᠥᠭᠡᠷᠡᠴᠢᠯᠡᠯᠲᠡ ᠶᠢ ᠠᠬᠢᠭᠤᠯᠬᠤ ᠶᠢ ᠪᠠᠷᠢᠮᠲᠠᠯᠠᠵᠤ᠂ ᠮᠠᠨ ᠤ ᠤᠯᠤᠰ ᠤᠨ ᠭᠡᠳᠦ ᠶᠡᠭᠡ ᠬᠡᠪᠴᠢᠶᠡᠨ ᠤ ᠵᠠᠬ᠎ᠠ ᠳᠡᠯᠭᠡᠭᠦᠷ ᠤᠨ ᠳᠠᠪᠠᠭᠤᠯᠢᠭ ᠲᠤ ᠲᠦᠰᠢᠭᠯᠡᠨ᠂ ᠣᠯᠠᠨ ᠤᠯᠤᠰ ᠤᠨ ᠬᠠᠮᠲᠤᠷᠠᠯᠴᠠᠭ᠎ᠠ ᠶᠢ ᠥᠷᠭᠡᠳᠬᠡᠬᠦ ᠳᠤᠮᠳᠠ ᠨᠡᠭᠡᠭᠡᠯᠲᠡ ᠬᠢᠬᠦ ᠴᠢᠳᠠᠪᠤᠷᠢ ᠪᠠᠨ ᠳᠡᠭᠡᠭᠰᠢᠯᠡᠭᠦᠯᠵᠦ᠂ ᠨᠡᠩ ᠥᠨᠳᠥᠷ ᠲᠦᠪᠰᠢᠨ ᠪᠦᠬᠦᠢ ᠨᠡᠭᠡᠭᠡᠯᠲᠡᠲᠤ ᠭᠡᠯᠪᠡᠷᠢ ᠶᠢᠨ ᠠᠵᠤ ᠠᠬᠤᠢ ᠶᠢᠨ ᠰᠢᠨ᠎ᠡ ᠪᠠᠶᠢᠭᠤᠯᠤᠯ ᠢ ᠪᠠᠶᠢᠭᠤᠯᠬᠤ ᠬᠡᠷᠡᠭᠲᠡᠢ᠃ ᠳᠦᠷᠢᠮ ᠤᠨ ᠭᠡᠯᠪᠡᠷᠢ ᠶᠢᠨ ᠨᠡᠭᠡᠭᠡᠯᠲᠡ ᠶᠢ ᠯᠠᠪᠳᠠᠭᠤᠨ ᠢᠶᠠᠷ ᠥᠷᠭᠡᠳᠬᠡᠵᠦ᠂ ᠭᠠᠳᠠᠭᠠᠳᠤ ᠠᠷᠠᠯᠵᠢᠶᠠᠨ ᠤ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠬᠤ ᠪᠠ ᠭᠠᠳᠠᠭᠠᠳᠤ ᠳᠤ ᠪᠡᠯᠡ ᠣᠷᠣᠭᠤᠯᠬᠤ ᠬᠠᠮᠢᠶᠠᠷᠤᠯᠲᠠ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠣᠷᠣᠨ ᠪᠦᠰᠡ ᠶᠢᠨ ᠨᠡᠭᠡᠭᠡᠯᠲᠡ ᠶᠢᠨ ᠪᠠᠶᠢᠷᠢᠯᠠᠭᠤᠯᠤᠯᠲᠠ ᠶᠢ ᠰᠢᠯᠢᠳᠡᠭᠵᠢᠭᠦᠯᠵᠦ᠂ ︽ᠨᠢᠭᠡ ᠪᠦᠰᠡ ᠨᠢᠭᠡ ᠵᠠᠮ︾ ᠢ ᠴᠢᠨᠠᠷ ᠰᠠᠶᠢᠲᠠᠢ ᠪᠠᠷ ᠬᠠᠮᠲᠤ ᠪᠠᠷ ᠪᠠᠶᠢᠭᠤᠯᠬᠤ ᠶᠢ ᠠᠬᠢᠭᠤᠯᠬᠤ ᠲᠣᠭᠲᠠᠴᠠ ᠶᠢ ᠲᠡᠭᠦᠯᠳᠡᠷᠵᠢᠭᠦᠯᠬᠦ ᠬᠡᠷᠡᠭᠲᠡᠢ᠃     ᠪᠦᠭᠦᠳᠡ ᠬᠤᠷᠠᠯ ᠠᠴᠠ ᠳᠤᠷᠠᠳᠤᠨ ᠭᠠᠷᠭᠠᠭᠰᠠᠨ ᠨᠢ᠂ ᠪᠦᠭᠦ ᠶᠠᠪᠤᠴᠠ ᠶᠢᠨ ᠠᠷᠠᠳ ᠤᠨ ᠠᠷᠠᠳᠴᠢᠯᠠᠯ ᠢ ᠬᠥᠭᠵᠢᠭᠦᠯᠬᠦ ᠪᠣᠯ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠮᠥᠨ ᠴᠢᠨᠠᠷ ᠤᠨ ᠱᠠᠭᠠᠷᠳᠠᠯᠭ᠎ᠠ ᠮᠥᠨ᠃ ᠡᠷᠬᠡᠪᠰᠢ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠤᠯᠤᠰ ᠲᠥᠷᠥ ᠶᠢᠨ ᠬᠥᠭᠵᠢᠯᠲᠡ ᠶᠢᠨ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠵᠤ᠂ ᠮᠠᠨ ᠤ ᠤᠯᠤᠰ ᠤᠨ ᠦᠨᠳᠦᠰᠦᠨ ᠤᠯᠤᠰ ᠲᠥᠷᠥ ᠶᠢᠨ ᠪᠠᠶᠢᠭᠤᠯᠤᠯ᠂ ᠭᠤᠣᠯ ᠤᠯᠤᠰ ᠲᠥᠷᠥ ᠶᠢᠨ ᠪᠠᠶᠢᠭᠤᠯᠤᠯ᠂ ᠴᠢᠬᠤᠯᠠ ᠤᠯᠤᠰ ᠲᠥᠷᠥ ᠶᠢᠨ ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠵᠦ᠂ ᠡᠯ᠎ᠡ ᠳᠡᠰ ᠱᠠᠲᠤᠨ ᠤ ᠠᠷᠠᠳᠴᠢᠯᠠᠯ ᠤᠨ ᠭᠡᠯᠪᠡᠷᠢ ᠶᠢ ᠪᠠᠶᠠᠯᠢᠭᠵᠢᠭᠤᠯᠤᠨ᠂ ᠠᠷᠠᠳ ᠲᠦᠮᠡᠨ ᠤ ᠡᠵᠡᠨ ᠰᠠᠭᠤᠵᠤ ᠡᠷᠬᠡ ᠮᠡᠳᠡᠬᠦ ᠶᠠᠪᠤᠳᠠᠯ ᠢ ᠤᠯᠤᠰ ᠤᠨ ᠤᠯᠤᠰ ᠲᠦᠷᠦ ᠶᠢᠨ ᠠᠮᠢᠳᠤᠷᠠᠯ ᠪᠠ ᠨᠡᠶᠢᠭᠡᠮ ᠤᠨ ᠠᠮᠢᠳᠤᠷᠠᠯ ᠤᠨ ᠲᠠᠯ᠎ᠠ ᠪᠦᠭᠦᠨ ᠳᠤ ᠦᠨᠡᠨ ᠪᠣᠳᠠᠲᠠᠢ ᠪᠠᠷ ᠢᠯᠡᠷᠡᠭᠦᠯᠬᠦ ᠬᠡᠷᠡᠭᠲᠡᠢ᠃ ᠠᠷᠠᠳ ᠲᠦᠮᠡᠨ ᠡᠵᠡᠨ ᠰᠠᠭᠤᠵᠤ ᠡᠷᠬᠡ ᠮᠡᠳᠡᠬᠦ ᠪᠠᠶᠢᠭᠤᠯᠤᠯ ᠤᠨ ᠪᠠᠶᠢᠭᠤᠯᠤᠯᠲᠠ ᠶᠢ ᠴᠢᠩᠭᠠᠳᠬᠠᠵᠤ᠂ ᠵᠥᠪᠯᠡᠬᠦ ᠠᠷᠠᠳᠴᠢᠯᠠᠯ ᠤᠨ ᠲᠣᠭᠲᠠᠴᠠ ᠶᠢ ᠪᠦᠷᠢᠨᠰᠢᠭᠦᠯᠦᠨ᠂ ᠦᠨᠳᠦᠰᠦᠨ ᠱᠠᠲᠤᠨ ᠤ ᠠᠷᠠᠳᠴᠢᠯᠠᠯ ᠤᠨ ᠳᠦᠷᠢᠮ ᠢ ᠪᠦᠷᠢᠨᠰᠢᠭᠦᠯᠵᠦ᠂ ᠶᠡᠭᠡ ᠨᠢᠭᠡᠳᠦᠮᠡᠯ ᠹᠷᠣᠨᠲ ᠤᠨ ᠠᠵᠢᠯ ᠤᠨ ᠪᠠᠶᠢᠷᠢᠰᠢᠯ ᠢ ᠲᠡᠭᠦᠯᠳᠡᠷᠵᠢᠭᠦᠯᠬᠦ ᠬᠡᠷᠡᠭᠲᠡᠢ᠃     ᠪᠦᠭᠦᠳᠡ ᠬᠤᠷᠠᠯ ᠠᠴᠠ ᠳᠤᠷᠠᠳᠤᠨ ᠭᠠᠷᠭᠠᠭᠰᠠᠨ ᠨᠢ᠂ ᠬᠠᠤᠯᠢ ᠪᠠᠷ ᠵᠠᠰᠠᠬᠤ ᠪᠣᠯ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠴᠢᠬᠤᠯᠠ ᠪᠠᠲᠤᠯᠠᠭ᠎ᠠ ᠮᠥᠨ᠃ ᠡᠷᠬᠡᠪᠰᠢ ᠦᠨᠳᠦᠰᠦᠨ ᠬᠠᠤᠯᠢ ᠶᠢ ᠪᠦᠭᠦ ᠲᠠᠯ᠎ᠠ ᠪᠠᠷ ᠲᠤᠭᠤᠰᠢᠯᠠᠭᠤᠯᠤᠨ ᠬᠡᠷᠡᠭᠵᠢᠭᠦᠯᠵᠦ᠂ ᠦᠨᠳᠦᠰᠦᠨ ᠬᠠᠤᠯᠢ ᠶᠢᠨ ᠡᠷᠬᠡ ᠰᠦᠷ ᠢ ᠬᠠᠮᠠᠭᠠᠯᠠᠵᠤ᠂ ᠬᠠᠤᠯᠢ ᠲᠣᠭᠲᠠᠭᠠᠬᠤ᠂ ᠬᠠᠤᠯᠢ ᠬᠡᠷᠡᠭᠵᠢᠭᠦᠯᠬᠦ᠂ ᠬᠠᠤᠯᠢ ᠪᠠᠷᠢᠬᠤ᠂ ᠬᠠᠤᠯᠢ ᠶᠢ ᠰᠠᠬᠢᠬᠤ ᠡᠯ᠎ᠡ ᠭᠤᠭᠴᠤᠭ᠎ᠠ ᠶᠢᠨ ᠥᠭᠡᠷᠡᠴᠢᠯᠡᠯᠲᠡ ᠶᠢ ᠬᠠᠮᠵᠢᠯᠴᠠᠭᠤᠯᠤᠨ ᠠᠬᠢᠭᠤᠯᠵᠤ᠂ ᠬᠠᠤᠯᠢ ᠴᠠᠭᠠᠵᠠ ᠶᠢᠨ ᠡᠮᠦᠨ᠎ᠡ ᠬᠥᠮᠥᠨ ᠪᠦᠭᠦᠨ ᠡᠷᠬᠡ ᠲᠡᠭᠰᠢ ᠪᠠᠶᠢᠬᠤ ᠪᠠᠲᠤᠯᠠᠭ᠎ᠠ ᠶᠢᠨ ᠲᠣᠭᠲᠠᠴᠠ ᠶᠢ ᠪᠦᠷᠢᠨᠰᠢᠭᠦᠯᠵᠦ᠂ ᠨᠡᠶᠢᠭᠡᠮ ᠵᠢᠷᠤᠮ ᠤᠨ ᠬᠠᠤᠯᠢ ᠪᠠᠷ ᠵᠠᠰᠠᠬᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠨᠡᠶᠢᠭᠡᠮ ᠤᠨ ᠲᠥᠪ ᠭᠤᠣᠯᠴᠢ ᠰᠢᠳᠤᠷᠭᠤ ᠶᠣᠰᠣ ᠶᠢ ᠬᠠᠮᠠᠭᠠᠯᠠᠵᠤ᠂ ᠤᠯᠤᠰ ᠤᠨ ᠡᠯ᠎ᠡ ᠲᠠᠯ᠎ᠠ ᠶᠢᠨ ᠠᠵᠢᠯ ᠢ ᠬᠠᠤᠯᠢ ᠪᠠᠷ ᠵᠠᠰᠠᠬᠤ ᠶᠢ ᠪᠦᠭᠦ ᠲᠠᠯ᠎ᠠ ᠪᠠᠷ ᠠᠬᠢᠭᠤᠯᠬᠤ ᠬᠡᠷᠡᠭᠲᠡᠢ᠃ ᠬᠠᠤᠯᠢ ᠲᠣᠭᠲᠠᠭᠠᠬᠤ ᠬᠦᠷᠢᠶᠡᠨ ᠳᠠᠬᠢ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠭᠦᠨᠵᠡᠭᠡᠢ ᠠᠬᠢᠭᠤᠯᠤᠨ᠂ ᠲᠥᠪ ᠭᠤᠣᠯᠴᠢ ᠪᠠᠷ ᠬᠠᠤᠯᠢ ᠬᠡᠷᠡᠭᠵᠢᠭᠦᠯᠬᠦ ᠬᠠᠤᠯᠢ ᠪᠠᠷᠢᠬᠤ ᠪᠠᠶᠢᠭᠤᠯᠤᠯ ᠲᠣᠭᠲᠠᠴᠠ ᠶᠢ ᠪᠦᠷᠢᠨᠰᠢᠭᠦᠯᠵᠦ᠂ ᠬᠠᠤᠯᠢ ᠪᠠᠷ ᠵᠠᠰᠠᠬᠤ ᠨᠡᠶᠢᠭᠡᠮ ᠤᠨ ᠪᠠᠶᠢᠭᠤᠯᠤᠯᠲᠠ ᠶᠢ ᠠᠬᠢᠭᠤᠯᠬᠤ ᠲᠣᠭᠲᠠᠴᠠ ᠶᠢ ᠲᠡᠭᠦᠯᠳᠡᠷᠵᠢᠭᠦᠯᠵᠦ᠂ ᠭᠠᠳᠠᠭᠠᠳᠤ ᠳᠤ ᠬᠤᠯᠪᠣᠭᠳᠠᠬᠤ ᠬᠠᠤᠯᠢ ᠪᠠᠷ ᠵᠠᠰᠠᠬᠤ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠢ᠃     ᠪᠦᠭᠦᠳᠡ ᠬᠤᠷᠠᠯ ᠠᠴᠠ ᠳᠤᠷᠠᠳᠤᠨ ᠭᠠᠷᠭᠠᠭᠰᠠᠨ ᠨᠢ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠣᠯ ᠪᠣᠳᠠᠰ ᠤᠨ ᠪᠣᠯᠪᠠᠰᠤᠨ ᠪᠠ ᠤᠶᠤᠨ ᠤ ᠪᠣᠯᠪᠠᠰᠤᠨ ᠬᠠᠷᠢᠯᠴᠠᠨ ᠵᠣᠬᠢᠴᠠᠯᠳᠤᠭᠰᠠᠨ ᠣᠳᠣᠬᠢᠴᠢᠯᠠᠯᠲᠠ ᠮᠥᠨ᠃ ᠡᠷᠬᠡᠪᠰᠢ ᠰᠣᠶᠣᠯ ᠤᠨ ᠢᠲᠡᠭᠡᠯ ᠢᠶᠠᠨ ᠨᠡᠮᠡᠭᠳᠡᠭᠦᠯᠵᠦ᠂ ᠨᠡᠶᠢᠭᠡᠮ ᠵᠢᠷᠤᠮ ᠤᠨ ᠲᠡᠷᠢᠭᠦᠨ ᠤ ᠰᠣᠶᠣᠯ ᠢ ᠬᠥᠭᠵᠢᠭᠦᠯᠵᠦ᠂ ᠬᠤᠪᠢᠰᠬᠠᠯᠲᠤ ᠰᠣᠶᠣᠯ ᠢ ᠪᠠᠳᠠᠷᠠᠭᠤᠯᠤᠨ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠨ ᠵᠠᠯᠭᠠᠮᠵᠢᠯᠠᠵᠤ᠂ ᠮᠡᠳᠡᠭᠡ ᠵᠠᠩᠭᠢ ᠶᠢᠨ ᠮᠡᠷᠭᠡᠵᠢᠯ ᠤᠨ ᠦᠳᠲᠡᠷ ᠲᠦᠷᠭᠡᠨ ᠬᠥᠭᠵᠢᠯᠲᠡ ᠶᠢᠨ ᠰᠢᠨ᠎ᠡ ᠪᠠᠶᠢᠳᠠᠯ ᠳᠤ ᠲᠦᠷᠭᠡᠯᠡᠨ ᠵᠣᠬᠢᠴᠠᠭᠤᠯᠵᠤ᠂ ᠠᠤᠭ᠎ᠠ ᠶᠡᠭᠡ ᠬᠡᠪᠴᠢᠶ᠎ᠡ ᠪᠦᠬᠦᠢ ᠰᠢᠯᠢᠳᠡᠭ ᠰᠣᠶᠣᠯ ᠤᠨ ᠴᠢᠳᠠᠪᠤᠷᠢᠲᠠᠨ ᠤ ᠡᠩᠨᠡᠭᠡ ᠶᠢ ᠪᠤᠶᠢᠵᠢᠭᠤᠯᠤᠨ ᠪᠦᠷᠢᠯᠳᠦᠭᠦᠯᠵᠦ᠂ ᠪᠦᠭᠦ ᠦᠨᠳᠦᠰᠦᠲᠡᠨ ᠤ ᠰᠣᠶᠣᠯ ᠤᠨ ᠰᠢᠨ᠎ᠡ ᠶᠢ ᠡᠭᠦᠳᠬᠦ ᠪᠠ ᠡᠭᠦᠳᠦᠨ ᠪᠦᠲᠦᠭᠡᠬᠦ ᠠᠮᠢᠵᠢᠷᠠᠯ ᠤᠨ ᠬᠦᠴᠦᠨ ᠢ ᠬᠥᠭᠵᠢᠭᠡᠬᠦ ᠬᠡᠷᠡᠭᠲᠡᠢ᠃ ᠦᠵᠡᠯ ᠤᠬᠠᠮᠰᠠᠷ ᠤᠨ ᠭᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠳᠦᠷᠢᠮ ᠢ ᠲᠡᠭᠦᠯᠳᠡᠷᠵᠢᠭᠦᠯᠵᠦ᠂ ᠰᠣᠶᠣᠯ ᠤᠨ ᠦᠢᠯᠡᠴᠢᠯᠡᠭᠡ ᠪᠠ ᠰᠣᠶᠣᠯ ᠤᠨ ᠦᠢᠯᠡᠳᠬᠦᠨ ᠤ ᠬᠠᠩᠭᠠᠯᠭ᠎ᠠ ᠶᠢᠨ ᠲᠣᠭᠲᠠᠴᠠ ᠶᠢ ᠰᠢᠯᠢᠳᠡᠭᠵᠢᠭᠦᠯᠵᠦ᠂ ᠰᠦᠯᠵᠢᠶᠡᠨ ᠤ ᠶᠡᠷᠦᠩᠬᠡᠶᠢᠯᠡᠭᠰᠡᠨ ᠵᠠᠰᠠᠯᠲᠠ ᠶᠢᠨ ᠰᠢᠰᠲ᠋ᠧᠮ ᠢ ᠪᠦᠷᠢᠨᠰᠢᠭᠦᠯᠵᠦ᠂ ᠨᠡᠩ ᠪᠦᠲᠦᠮᠵᠢᠲᠡᠶ ᠤᠯᠠᠨ ᠤᠯᠤᠰ ᠲᠤ ᠤᠯᠠᠮᠵᠢᠯᠠᠨ ᠲᠠᠷᠬᠠᠭᠠᠬᠤ ᠰᠢᠰᠲ᠋ᠧᠮ ᠢ ᠪᠠᠶᠢᠭᠤᠯᠬᠤ ᠬᠡᠷᠡᠭᠲᠡᠢ᠃     ᠪᠦᠭᠦᠳᠡ ᠬᠤᠷᠠᠯ ᠠᠴᠠ ᠳᠤᠷᠠᠳᠤᠨ ᠭᠠᠷᠭᠠᠭᠰᠠᠨ ᠨᠢ᠂ ᠬᠥᠭᠵᠢᠭᠦᠯᠬᠦ ᠳᠤᠮᠳᠠ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠪᠣᠯ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠴᠢᠬᠤᠯᠠ ᠶᠡᠭᠡ ᠡᠭᠦᠷᠭᠡ ᠮᠥᠨ᠃ ᠡᠷᠬᠡᠪᠰᠢ ᠪᠦᠭᠦ ᠬᠦᠴᠦ ᠪᠠᠷ ᠢᠶᠠᠨ ᠴᠢᠷᠮᠠᠶᠢᠬᠤ᠂ ᠴᠢᠳᠠᠯ ᠤᠨ ᠢᠶᠠᠨ ᠬᠢᠷᠢ ᠳᠣᠲᠣᠷ᠎ᠠ ᠬᠢᠬᠦ ᠶᠢ ᠪᠠᠷᠢᠮᠲᠠᠯᠠᠵᠤ᠂ ᠦᠨᠳᠦᠰᠦᠨ ᠣᠯᠠᠨ ᠨᠡᠶᠢᠲᠡ ᠶᠢᠨ ᠦᠢᠯᠡᠴᠢᠯᠡᠭᠡᠨ ᠤ ᠳᠦᠷᠢᠮ ᠤᠨ ᠰᠢᠰᠲ᠋ᠧᠮ ᠢ ᠲᠡᠭᠦᠯᠳᠡᠷᠵᠢᠭᠦᠯᠵᠦ᠂ ᠲᠦᠭᠡᠮᠡᠯ ᠬᠠᠷᠠᠭᠠᠯᠵᠠᠯᠲᠤ ᠴᠢᠨᠠᠷᠲᠠᠢ᠂ ᠰᠠᠭᠤᠷᠢ ᠴᠢᠨᠠᠷᠲᠠᠢ᠂ ᠦᠨᠳᠦᠰᠦᠨ ᠵᠦᠢᠯ ᠢ ᠪᠠᠲᠤᠯᠠᠬᠤ ᠴᠢᠨᠠᠷᠲᠠᠢ ᠠᠷᠠᠳ ᠤᠨ ᠠᠮᠢᠳᠤᠷᠠᠯ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠂ ᠠᠷᠠᠳ ᠲᠦᠮᠡᠨ ᠤ ᠬᠠᠮᠤᠭ ᠠᠴᠠ ᠢᠯᠡᠭᠦᠦ ᠰᠡᠳᠬᠢᠯ ᠲᠠᠯᠪᠢᠵᠤ ᠪᠠᠶᠢᠭ᠎ᠠ ᠬᠠᠮᠤᠭ ᠤᠨ ᠰᠢᠭᠤᠳ ᠬᠠᠮᠤᠭ ᠤᠨ ᠪᠣᠳᠠᠲᠠᠢ ᠠᠰᠢᠭ ᠲᠤᠰᠠ ᠶᠢᠨ ᠠᠰᠠᠭᠤᠳᠠᠯ ᠢ ᠰᠠᠶᠢᠲᠤᠷ ᠰᠢᠢᠳᠪᠦᠷᠢᠯᠡᠵᠦ᠂ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠬᠦᠰᠡᠯ ᠡᠷᠡᠮᠡᠯᠵᠡᠯ ᠢ ᠲᠠᠰᠤᠷᠠᠯᠳᠠ ᠦᠭᠡᠢ ᠬᠠᠩᠭᠠᠬᠤ ᠬᠡᠷᠡᠭᠲᠡᠢ᠃ ᠣᠷᠣᠯᠭ᠎ᠠ ᠶᠢᠨ ᠬᠤᠪᠢᠶᠠᠷᠢᠯᠠᠯᠲᠠ ᠶᠢᠨ ᠳᠦᠷᠢᠮ ᠢ ᠲᠡᠭᠦᠯᠳᠡᠷᠵᠢᠭᠦᠯᠵᠦ᠂ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠲᠦᠷᠦ ᠶᠢᠨ ᠪᠣᠳᠣᠯᠭ᠎ᠠ ᠶᠢ ᠲᠡᠭᠦᠯᠳᠡᠷᠵᠢᠭᠦᠯᠵᠦ᠂ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠢ ᠪᠦᠷᠢᠨᠰᠢᠭᠦᠯᠵᠦ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠬᠥᠮᠥᠨ ᠠᠮᠠ ᠶᠢᠨ ᠬᠥᠭᠵᠢᠯᠲᠡ ᠶᠢ ᠳᠡᠮᠵᠢᠬᠦ ᠪᠠ ᠲᠡᠭᠦᠨ ᠳᠤ ᠦᠢᠯᠡᠴᠢᠯᠡᠬᠦ ᠰᠢᠰᠲ᠋ᠧᠮ ᠢ ᠪᠦᠷᠢᠨᠰᠢᠭᠦᠯᠬᠦ ᠬᠡᠷᠡᠭᠲᠡᠢ᠃     ᠪᠦᠭᠦᠳᠡ ᠬᠤᠷᠠᠯ ᠠᠴᠠ ᠳᠤᠷᠠᠳᠤᠨ ᠭᠠᠷᠭᠠᠭᠰᠠᠨ ᠨᠢ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠣᠯ ᠬᠥᠮᠥᠨ ᠬᠢᠭᠡᠳ ᠪᠠᠶᠢᠭᠠᠯᠢ ᠶᠢᠨ ᠡᠶ᠎ᠡ ᠵᠣᠬᠢᠴᠠᠯ ᠲᠠᠢ ᠪᠠᠷ ᠬᠠᠮᠲᠤ ᠣᠷᠣᠰᠢᠬᠤ ᠣᠳᠣᠬᠢᠴᠢᠯᠠᠯᠲᠠ ᠮᠥᠨ᠃ ᠡᠷᠬᠡᠪᠰᠢ ᠠᠮᠢ ᠠᠬᠤᠢ ᠶᠢᠨ ᠪᠣᠯᠪᠠᠰᠤᠨ ᠤ ᠳᠦᠷᠢᠮ ᠤᠨ ᠰᠢᠰᠲ᠋ᠧᠮ ᠢ ᠲᠡᠭᠦᠯᠳᠡᠷᠵᠢᠭᠦᠯᠵᠦ᠂ ᠨᠡᠭᠦᠷᠡᠰᠤᠳᠦ᠋ᠷᠦᠭᠴᠢ ᠶᠢᠨ ᠭᠠᠳᠠᠭᠰᠢᠯᠠᠭᠤᠯᠤᠯᠲᠠ ᠶᠢ ᠪᠠᠭᠤᠷᠠᠭᠤᠯᠬᠤ᠂ ᠪᠣᠬᠢᠷᠳᠤᠯ ᠢ ᠪᠠᠭᠠᠰᠬᠠᠬᠤ᠂ ᠨᠣᠭᠤᠭᠠᠷᠠᠭᠤᠯᠤᠯᠲᠠ ᠶᠢ ᠥᠷᠭᠡᠳᠬᠡᠬᠦ᠂ ᠠᠵᠤ ᠠᠬᠤᠢ ᠶᠢ ᠨᠡᠮᠡᠭᠳᠡᠭᠦᠯᠬᠦ ᠶᠢ ᠬᠠᠮᠵᠢᠯᠴᠠᠭᠤᠯᠤᠨ ᠠᠬᠢᠭᠤᠯᠵᠤ᠂ ᠠᠭᠤᠷ ᠠᠮᠢᠰᠬᠤᠯ ᠤᠨ ᠬᠤᠪᠢᠷᠠᠯᠲᠠ ᠶᠢ ᠢᠳᠡᠪᠬᠢᠲᠡᠢ ᠠᠷᠭᠠᠴᠠᠨ᠂ ᠨᠣᠮᠢᠨ ᠤᠰᠤ ᠬᠥᠬᠡᠮᠳᠦᠭ ᠠᠭᠤᠯᠠ ᠪᠣᠯ ᠠᠯᠳᠠᠨ ᠠᠭᠤᠯᠠ ᠮᠥᠩᠭᠦᠨ ᠬᠠᠶᠢᠷᠬᠠᠨ ᠮᠥᠨ ᠭᠡᠬᠦ ᠣᠶᠢᠯᠠᠭᠠᠭᠳᠠᠬᠤᠨ ᠢ ᠨᠠᠶᠢᠳᠠᠪᠤᠷᠢᠵᠢᠭᠤᠯᠬᠤ ᠪᠠᠶᠢᠭᠤᠯᠤᠯ ᠲᠣᠭᠲᠠᠴᠠ ᠶᠢ ᠲᠦᠷᠭᠡᠯᠡᠨ ᠲᠡᠭᠦᠯᠳᠡᠷᠵᠢᠭᠦᠯᠬᠦ ᠬᠡᠷᠡᠭᠲᠡᠢ᠃ ᠠᠮᠢ ᠠᠬᠤᠢ ᠶᠢᠨ ᠪᠣᠯᠪᠠᠰᠤᠨ ᠤ ᠰᠠᠭᠤᠷᠢ ᠪᠠᠶᠢᠭᠤᠯᠤᠯ ᠢ ᠲᠡᠭᠦᠯᠳᠡᠷᠵᠢᠭᠦᠯᠵᠦ᠂ ᠠᠮᠢ ᠠᠬᠤᠢ ᠶᠢᠨ ᠣᠷᠴᠢᠨ ᠨᠥᠬᠦᠴᠡᠯ ᠢ ᠵᠠᠰᠠᠬᠤ ᠰᠢᠰᠲ᠋ᠧᠮ ᠢ ᠪᠦᠷᠢᠨᠰᠢᠭᠦᠯᠵᠦ᠂ ᠨᠣᠭᠤᠭᠠᠨ ᠪᠥᠭᠡᠳ ᠨᠡᠭᠦᠷᠡᠰᠦᠲᠥ᠋ᠷᠥᠭᠴᠢ ᠪᠠᠭᠠᠲᠠᠢ ᠬᠥᠭᠵᠢᠯᠲᠡ ᠶᠢᠨ ᠲᠣᠭᠲᠠᠴᠠ ᠶᠢ ᠪᠦᠷᠢᠨᠰᠢᠭᠦᠯᠬᠦ ᠬᠡᠷᠡᠭᠲᠡᠢ᠃     ᠪᠦᠭᠦᠳᠡ ᠬᠤᠷᠠᠯ ᠠᠴᠠ ᠳᠤᠷᠠᠳᠤᠨ ᠭᠠᠷᠭᠠᠭᠰᠠᠨ ᠨᠢ᠂ ᠤᠯᠤᠰ ᠤᠨ ᠠᠮᠤᠷ ᠲᠦᠪᠰᠢᠨ ᠪᠣᠯ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠯᠠᠪᠳᠠᠭᠤᠨ ᠢᠶᠠᠷ ᠠᠯᠤᠰ ᠢ ᠵᠣᠷᠢᠬᠤ ᠶᠢᠨ ᠴᠢᠬᠤᠯᠠ ᠰᠠᠭᠤᠷᠢ ᠮᠥᠨ᠃ ᠡᠷᠬᠡᠪᠰᠢ ᠤᠯᠤᠰ ᠤᠨ ᠶᠡᠷᠦᠩᠬᠡᠢ ᠴᠣᠭᠴᠠ ᠶᠢᠨ ᠠᠮᠤᠷ ᠲᠦᠪᠰᠢᠨ ᠤ ᠦᠵᠡᠯᠲᠡ ᠶᠢ ᠪᠦᠭᠦ ᠲᠠᠯ᠎ᠠ ᠪᠠᠷ ᠲᠤᠭᠤᠰᠢᠯᠠᠭᠤᠯᠵᠤ᠂ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠪᠠᠶᠢᠭᠤᠯᠤᠯ ᠲᠣᠭᠲᠠᠴᠠ ᠶᠢ ᠲᠡᠭᠦᠯᠳᠡᠷᠵᠢᠭᠦᠯᠦᠨ᠂ ᠴᠢᠨᠠᠷ ᠰᠠᠶᠢᠲᠠᠢ ᠬᠥᠭᠵᠢᠯᠲᠡ ᠪᠠ ᠥᠨᠳᠥᠷ ᠲᠦᠪᠰᠢᠨ ᠪᠦᠬᠦᠢ ᠠᠮᠤᠷ ᠲᠦᠪᠰᠢᠨ ᠤ ᠰᠠᠶᠢᠨ ᠦᠢᠯᠡᠳᠦᠯᠴᠡᠯ ᠢ ᠪᠡᠶᠡᠯᠡᠭᠦᠯᠵᠦ᠂ ᠤᠯᠤᠰ ᠤᠨ ᠥᠨᠢ ᠤᠳᠠᠭᠠᠨ ᠠᠮᠤᠷ ᠲᠦᠪᠰᠢᠨ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠤᠯᠤᠰ ᠤᠨ ᠠᠮᠤᠷ ᠲᠦᠪᠰᠢᠨ ᠤ ᠰᠢᠰᠲ᠋ᠧᠮ ᠢ ᠪᠦᠷᠢᠨᠰᠢᠭᠦᠯᠵᠦ᠂ ᠤᠯᠠᠨ ᠨᠡᠶᠢᠲᠡ ᠶᠢᠨ ᠠᠮᠤᠷ ᠲᠦᠪᠰᠢᠨ ᠤ ᠵᠠᠰᠠᠯᠲᠠ ᠶᠢᠨ ᠲᠣᠭᠲᠠᠴᠠ ᠶᠢ ᠲᠡᠭᠦᠯᠳᠡᠷᠵᠢᠭᠦᠯᠵᠦ᠂ ᠨᠡᠶᠢᠭᠡᠮ ᠤᠨ ᠵᠠᠰᠠᠯᠲᠠ ᠶᠢᠨ ᠰᠢᠰᠲ᠋ᠧᠮ ᠢ ᠪᠦᠷᠢᠨᠰᠢᠭᠦᠯᠵᠦ᠂ ᠭᠠᠳᠠᠭᠠᠳᠤ ᠳᠤ ᠬᠤᠯᠪᠣᠭᠳᠠᠬᠤ ᠤᠯᠤᠰ ᠤᠨ ᠠᠮᠤᠷ ᠲᠦᠪᠰᠢᠨ ᠤ ᠲᠣᠭᠲᠠᠴᠠ ᠶᠢ ᠲᠡᠭᠦᠯᠳᠡᠷᠵᠢᠭᠦᠯᠬᠦ ᠬᠡᠷᠡᠭᠲᠡᠢ᠃     ᠪᠦᠭᠦᠳᠡ ᠬᠤᠷᠠᠯ ᠠᠴᠠ ᠳᠤᠷᠠᠳᠤᠨ ᠭᠠᠷᠭᠠᠭᠰᠠᠨ ᠨᠢ᠂ ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ ᠶᠢᠨ ᠣᠳᠣᠬᠢᠴᠢᠯᠠᠯᠲᠠ ᠪᠣᠯ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠴᠢᠬᠤᠯᠠ ᠪᠦᠷᠢᠯᠳᠦᠭᠦᠨ ᠬᠡᠰᠡᠭ ᠮᠥᠨ᠃ ᠡᠷᠬᠡᠪᠰᠢ ᠠᠷᠠᠳ ᠤᠨ ᠴᠡᠷᠢᠭ ᠠᠩᠭᠢ ᠳᠠᠬᠢ ᠨᠠᠮ ᠤᠨ ᠬᠠᠷᠢᠴᠠᠯᠠᠰᠢ ᠦᠭᠡᠢ ᠤᠳᠤᠷᠢᠳᠤᠯᠭ᠎ᠠ ᠶᠢ ᠪᠠᠷᠢᠮᠲᠠᠯᠠᠵᠤ᠂ ᠥᠭᠡᠷᠡᠴᠢᠯᠡᠯᠲᠡ ᠪᠠᠷ ᠴᠡᠷᠢᠭ ᠢ ᠬᠦᠴᠦᠷᠬᠡᠭᠵᠢᠭᠦᠯᠬᠦ ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠵᠦ᠂ ᠴᠡᠷᠢᠭ ᠪᠠᠶᠢᠭᠤᠯᠤᠭᠳᠠᠭᠰᠠᠨ ᠵᠠᠭᠤᠨ ᠵᠢᠯ ᠤᠨ ᠲᠡᠮᠡᠴᠡᠯ ᠤᠨ ᠬᠠᠷᠠᠯᠲᠠ ᠶᠢ ᠬᠤᠭᠤᠴᠠᠭ᠎ᠠ ᠶᠣᠰᠣᠭᠠᠷ ᠪᠡᠶᠡᠯᠡᠭᠦᠯᠬᠦ᠂ ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ ᠶᠢᠨ ᠣᠳᠣᠬᠢᠴᠢᠯᠠᠯᠲᠠ ᠶᠢ ᠦᠨᠳᠦᠰᠦᠨ ᠳᠡᠭᠡᠨ ᠪᠡᠶᠡᠯᠡᠭᠦᠯᠬᠦ ᠳᠤ ᠬᠦᠴᠦᠲᠡᠢ ᠪᠠᠲᠤᠯᠠᠭ᠎ᠠ ᠬᠠᠩᠭᠠᠬᠤ ᠬᠡᠷᠡᠭᠲᠡᠢ᠃ ᠠᠷᠠᠳ ᠤᠨ ᠴᠡᠷᠢᠭ ᠠᠩᠭᠢ ᠶᠢᠨ ᠤᠳᠤᠷᠢᠳᠤᠨ ᠬᠠᠮᠢᠶᠠᠷᠬᠤ ᠪᠠᠶᠢᠭᠤᠯᠤᠯ ᠲᠣᠭᠲᠠᠴᠠ ᠶᠢ ᠲᠡᠭᠦᠯᠳᠡᠷᠵᠢᠭᠦᠯᠵᠦ᠂ ᠬᠠᠮᠲᠤᠷᠠᠭᠰᠠᠨ ᠪᠠᠶᠢᠯᠳᠤᠭᠠᠨ ᠬᠢᠬᠦ ᠰᠢᠰᠲ᠋ᠧᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠴᠡᠷᠢᠭ ᠠᠩᠭᠢ ᠪᠠ ᠣᠷᠣᠨ ᠨᠤᠲᠤᠭ ᠠᠯᠤᠰᠯᠠᠭᠰᠠᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠬᠡᠷᠡᠭᠲᠡᠢ᠃     ᠪᠦᠭᠦᠳᠡ ᠬᠤᠷᠠᠯ ᠠᠴᠠ ᠴᠢᠬᠤᠯᠠᠴᠢᠯᠠᠭᠰᠠᠨ ᠨᠢ᠂ ᠨᠠᠮ ᠤᠨ ᠤᠳᠤᠷᠢᠳᠤᠯᠭ᠎ᠠ ᠪᠣᠯ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠶᠢᠨ ᠦᠨᠳᠦᠰᠦᠨ ᠪᠠᠲᠤᠯᠠᠭ᠎ᠠ ᠮᠥᠨ᠃ ᠡᠷᠬᠡᠪᠰᠢ ︽ᠬᠤᠶᠠᠷ ᠢ ᠲᠣᠭᠲᠠᠭᠠᠭᠰᠠᠨ︾ ᠤ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ︽ᠳᠥᠷᠪᠡᠨ ᠤᠬᠠᠮᠰᠠᠷ︾ ᠢᠶᠠᠨ ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠨ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠨᠠᠮ ᠤᠨ ᠥᠪᠡᠷ ᠤᠨ ᠪᠡᠶ᠎ᠡ ᠳᠡᠭᠡᠨ ᠬᠢᠬᠦ ᠬᠤᠪᠢᠰᠬᠠᠯ ᠢᠶᠠᠷ ᠨᠡᠶᠢᠭᠡᠮ ᠤᠨ ᠬᠤᠪᠢᠰᠬᠠᠯ ᠢ ᠬᠥᠲᠥᠯᠥᠨ ᠳᠠᠭᠠᠭᠤᠯᠬᠤ ᠳᠡᠭᠡᠳᠦ ᠬᠡᠮᠵᠢᠶᠡᠨ ᠤ ᠤᠬᠠᠮᠰᠠᠷ ᠲᠠᠢ ᠪᠠᠶᠢᠵᠤ᠂ ᠥᠭᠡᠷᠡᠴᠢᠯᠡᠯᠲᠡ ᠬᠢᠬᠦ ᠵᠣᠷᠢᠭ ᠰᠠᠨᠠᠭ᠎ᠠ ᠪᠠ ᠴᠢᠩᠭ᠎ᠠ ᠪᠠᠷᠢᠮᠵᠢᠶ᠎ᠠ ᠪᠠᠷ ᠨᠠᠮ ᠢ ᠬᠠᠮᠢᠶᠠᠷᠴᠤ ᠨᠠᠮ ᠢ ᠵᠠᠰᠠᠬᠤ ᠶᠢ ᠪᠠᠷᠢᠮᠲᠠᠯᠠᠵᠤ᠂ ᠨᠠᠮ ᠤᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠳᠦᠷᠢᠮ ᠤᠨ ᠵᠢᠷᠤᠮᠵᠢᠯ ᠤᠨ ᠰᠢᠰᠲ᠋ᠧᠮ ᠢ ᠲᠡᠭᠦᠯᠳᠡᠷᠵᠢᠭᠦᠯᠦᠨ᠂ ᠨᠠᠮ ᠤᠨ ᠥᠪᠡᠷ ᠢ ᠪᠠᠨ ᠴᠡᠪᠡᠷᠰᠢᠭᠦᠯᠬᠦ᠂ ᠥᠪᠡᠷ ᠢ ᠪᠠᠨ ᠲᠡᠭᠦᠯᠳᠡᠷᠵᠢᠭᠦᠯᠬᠦ᠂ ᠥᠪᠡᠷ ᠢ ᠪᠠᠨ ᠰᠢᠨᠡᠴᠢᠯᠡᠬᠦ᠂ ᠥᠪᠡᠷ ᠢ ᠪᠠᠨ ᠳᠡᠭᠡᠭᠰᠢᠯᠡᠭᠦᠯᠭᠦ ᠶᠢ ᠲᠠᠰᠤᠷᠠᠯᠲᠠ ᠦᠭᠡᠢ ᠠᠬᠢᠭᠤᠯᠵᠤ᠂ ᠨᠠᠮ ᠤᠨ ᠢᠮᠠᠭᠲᠠ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠢᠯᠡᠰ ᠤᠨ ᠪᠠᠲᠤ ᠴᠢᠩᠭ᠎ᠠ ᠤᠳᠤᠷᠢᠳᠬᠤ ᠭᠤᠣᠯᠯᠠᠭᠴᠢ ᠪᠤᠯᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠠᠵᠢᠯ ᠳᠠᠬᠢ ᠨᠠᠮ ᠤᠨ ᠲᠥᠪ ᠬᠤᠷᠢᠶᠠᠨ ᠤ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠪᠠᠷᠢᠮᠲᠠᠯᠠᠵᠤ᠂ ᠨᠠᠮ ᠤᠨ ᠪᠠᠶᠢᠭᠤᠯᠤᠯᠲᠠ ᠶᠢᠨ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠣᠨ ᠢᠯᠵᠢᠷᠡᠯ ᠢ ᠡᠰᠡᠷᠭᠦᠴᠡᠬᠦ ᠲᠡᠮᠡᠴᠡᠯ ᠢ ᠭᠦᠨᠵᠡᠭᠡᠢ ᠠᠬᠢᠭᠤᠯᠵᠤ᠂ ᠬᠠᠳᠠᠭᠠᠰᠤ ᠬᠠᠳᠠᠬᠤ ᠵᠣᠷᠢᠭ ᠰᠠᠨᠠᠭ᠎ᠠ ᠪᠠᠷ ᠥᠭᠡᠷᠡᠴᠢᠯᠡᠯᠲᠡ ᠶᠢ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ ᠬᠡᠷᠡᠭᠲᠡᠢ᠃     ᠪᠦᠭᠦᠳᠡ ᠬᠤᠷᠠᠯ ᠠᠴᠠ ᠴᠢᠬᠤᠯᠠᠴᠢᠯᠠᠭᠰᠠᠨ ᠨᠢ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠣᠯ ᠡᠩᠬᠡ ᠲᠠᠶᠢᠪᠤᠩ ᠬᠥᠭᠵᠢᠯᠲᠡ ᠶᠢᠨ ᠵᠠᠮ ᠢᠶᠠᠷ ᠵᠠᠮᠨᠠᠬᠤ ᠣᠳᠣᠬᠢᠴᠢᠯᠠᠯᠲᠠ ᠮᠥᠨ᠃ ᠡᠷᠬᠡᠪᠰᠢ ᠪᠡᠶ᠎ᠡ ᠪᠠᠨ ᠳᠠᠭᠠᠭᠠᠵᠤ ᠡᠵᠡᠨ ᠮᠡᠳᠡᠬᠦ ᠨᠠᠶᠢᠷᠠᠮᠳᠠᠯ ᠤᠨ ᠭᠠᠳᠠᠭᠠᠳᠤ ᠬᠠᠷᠢᠯᠴᠠᠭᠠᠨ ᠤ ᠲᠥᠷᠥ ᠶᠢᠨ ᠪᠣᠳᠣᠯᠭ᠎ᠠ ᠶᠢ ᠡᠷᠡᠰ ᠬᠡᠷᠡᠭᠵᠢᠭᠦᠯᠵᠦ᠂ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠤᠨ᠂ ᠪᠦᠭᠦ ᠬᠥᠮᠥᠨ ᠲᠥᠷᠥᠯᠬᠢᠲᠡᠨ ᠤ ᠬᠠᠮᠲᠤ ᠶᠢᠨ ᠥᠷᠲᠡᠭ ᠢ ᠦᠢᠯᠡᠳᠦᠯᠭᠡᠵᠢᠭᠦᠯᠵᠦ᠂ ᠪᠦᠭᠦ ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ᠂ ᠪᠦᠭᠦ ᠪᠥᠮᠪᠥᠷᠴᠡᠭ ᠤᠨ ᠠᠮᠤᠷ ᠲᠦᠪᠰᠢᠨ ᠤ ᠰᠠᠨᠠᠭᠠᠴᠢᠯᠠᠭ᠎ᠠ᠂ ᠪᠦᠭᠦ ᠪᠥᠮᠪᠥᠷᠴᠡᠭ ᠤᠨ ᠪᠣᠯᠪᠠᠰᠤᠨ ᠤ ᠰᠠᠨᠠᠭᠠᠴᠢᠯᠠᠭ᠎ᠠ ᠶᠢ ᠨᠠᠶᠢᠳᠠᠪᠤᠷᠢᠵᠢᠭᠤᠯᠤᠨ᠂ ᠡᠷᠬᠡ ᠲᠡᠭᠰᠢ ᠡᠮᠬᠢ ᠵᠢᠷᠤᠮ ᠲᠠᠢ ᠳᠡᠯᠡᠬᠡᠢ ᠶᠢᠨ ᠣᠯᠠᠨ ᠲᠦᠢᠯᠰᠢᠷᠠᠯᠲᠠ᠂ ᠲᠦᠭᠡᠮᠡᠯ ᠬᠠᠷᠠᠭᠠᠯᠵᠠᠯ ᠲᠠᠢ ᠪᠠᠭᠲᠠᠭᠠᠮᠵᠢᠲᠠᠢ ᠪᠠᠶᠢᠬᠤ ᠠᠵᠤ ᠠᠬᠤᠢ ᠶᠢᠨ ᠳᠡᠯᠡᠬᠡᠶᠢᠴᠢᠯᠡᠯᠲᠡ ᠶᠢ ᠰᠠᠨᠠᠭᠠᠴᠢᠯᠠᠵᠤ᠂ ᠭᠠᠳᠠᠭᠠᠳᠤ ᠶᠠᠪᠤᠳᠠᠯ ᠤᠨ ᠠᠵᠢᠯ ᠤᠨ ᠲᠣᠭᠲᠠᠴᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠪᠦᠭᠦ ᠪᠥᠮᠪᠥᠷᠴᠡᠭ ᠤᠨ ᠵᠠᠰᠠᠯᠲᠠ ᠶᠢᠨ ᠰᠢᠰᠲ᠋ᠧᠮ ᠤᠨ ᠥᠭᠡᠷᠡᠴᠢᠯᠡᠯᠲᠡ ᠪᠣᠯᠣᠨ ᠪᠠᠶᠢᠭᠤᠯᠤᠯᠲᠠ ᠳᠤ ᠣᠷᠤᠯᠴᠠᠬᠤ ᠪᠠ ᠲᠡᠭᠦᠨ ᠢ ᠬᠥᠲᠥᠯᠥᠨ ᠳᠠᠭᠠᠭᠤᠯᠵᠤ᠂ ᠤᠯᠤᠰ ᠤᠨ ᠡᠷᠬᠡ ᠮᠡᠳᠡᠯ᠂ ᠠᠮᠤᠷ ᠲᠦᠪᠰᠢᠨ᠂ ᠬᠥᠭᠵᠢᠯᠲᠡ ᠶᠢᠨ ᠠᠰᠢᠭ ᠲᠤᠰᠠ ᠶᠢ ᠡᠷᠡᠰ ᠬᠠᠮᠠᠭᠠᠯᠠᠬᠤ ᠬᠡᠷᠡᠭᠲᠡᠢ᠃     ᠪᠦᠭᠦᠳᠡ ᠬᠤᠷᠠᠯ ᠠᠴᠠ ᠵᠢᠭᠠᠵᠤ ᠭᠠᠷᠭᠠᠭᠰᠠᠨ ᠨᠢ᠂ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠰᠠᠶᠢᠲᠤᠷ ᠰᠤᠷᠤᠯᠴᠠᠨ ᠰᠠᠶᠢᠲᠤᠷ ᠲᠤᠭᠤᠰᠢᠯᠠᠭᠤᠯᠬᠤ ᠪᠣᠯ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠪᠦᠭᠦ ᠨᠠᠮ ᠪᠦᠭᠦ ᠤᠯᠤᠰ ᠤᠨ ᠨᠢᠭᠡᠨ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠪᠣᠯᠣᠨ᠎ᠠ᠃ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠶᠢᠨ ᠭᠤᠣᠯ ᠰᠡᠳᠦᠪ᠂ ᠴᠢᠬᠤᠯᠠ ᠶᠡᠭᠡ ᠵᠠᠷᠴᠢᠮ᠂ ᠴᠢᠬᠤᠯᠠ ᠶᠡᠭᠡ ᠠᠷᠭ᠎ᠠ ᠬᠡᠮᠵᠢᠶ᠎ᠡ᠂ ᠦᠨᠳᠦᠰᠦᠨ ᠪᠠᠲᠤᠯᠠᠭ᠎ᠠ ᠶᠢ ᠭᠦᠨᠵᠡᠭᠡᠢ ᠣᠶᠢᠯᠠᠭᠠᠬᠤ ᠪᠠ ᠡᠵᠡᠮᠰᠢᠬᠦ ᠬᠡᠷᠡᠭᠲᠡᠢ᠃ ᠪᠦᠭᠦ ᠨᠠᠮ ᠢᠶᠠᠷ ᠢᠶᠠᠨ ︽ᠲᠣᠭᠲᠠᠭᠠᠯ︾ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠨ ᠰᠠᠶᠢᠲᠤᠷ ᠠᠳᠬᠤᠵᠤ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠳᠤᠮᠳᠠᠲᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠬᠦᠴᠦᠷᠬᠡᠭ ᠶᠡᠭᠡ ᠬᠦᠴᠦᠨ ᠪᠣᠯᠭᠠᠨ ᠬᠤᠪᠢᠷᠠᠭᠤᠯᠬᠤ ᠬᠡᠷᠡᠭᠲᠡᠢ᠃     ᠪᠦᠭᠦᠳᠡ ᠬᠤᠷᠠᠯ ᠠᠴᠠ ᠣᠳᠣᠬᠠᠨ ᠤ ᠪᠠᠶᠢᠳᠠᠯ ᠪᠠ ᠡᠭᠦᠷᠭᠡ ᠶᠢ ᠵᠠᠳᠠᠯᠤᠨ ᠰᠢᠨᠵᠢᠯᠡᠭᠡᠳ ᠴᠢᠬᠤᠯᠠᠴᠢᠯᠠᠭᠰᠠᠨ ᠨᠢ᠂ ᠪᠦᠭᠦ ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠠᠷᠠᠯᠲᠠ ᠶᠢ ᠡᠷᠡᠰ ᠭᠤᠶᠢᠪᠢᠰᠢ ᠦᠭᠡᠢ ᠪᠡᠶᠡᠯᠡᠭᠦᠯᠬᠦ ᠬᠡᠷᠡᠭᠲᠡᠢ᠃ ᠠᠵᠤ ᠠᠬᠤᠢ ᠶᠢᠨ ᠠᠵᠢᠯ ᠤᠨ ᠲᠤᠬᠠᠢ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢᠨ ᠶᠣᠰᠣᠭᠠᠷ᠂ ᠬᠤᠷᠸ᠎ᠠ ᠲᠦᠷᠦ ᠶᠢᠨ ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠤᠯᠤᠰ ᠤᠨ ᠳᠣᠲᠣᠭᠠᠳᠤ ᠶᠢᠨ ᠬᠡᠷᠡᠭᠴᠡᠭᠡ ᠶᠢ ᠢᠳᠡᠪᠬᠢᠲᠡᠢ ᠥᠷᠭᠡᠳᠬᠡᠨ᠂ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠵᠦ᠂ ᠭᠠᠳᠠᠭᠠᠳᠤ ᠠᠷᠠᠯᠵᠢᠶᠠᠨ ᠤ ᠰᠢᠨ᠎ᠡ ᠬᠥᠳᠡᠯᠭᠡᠭᠴᠢ ᠡᠨᠧᠷᠭᠢ ᠶᠢ ᠲᠦᠷᠭᠡᠯᠡᠨ ᠪᠤᠶᠢᠵᠢᠭᠤᠯᠵᠤ᠂ ᠨᠣᠭᠤᠭᠠᠨ ᠪᠥᠭᠡᠳ ᠨᠡᠭᠦᠷᠡᠰᠦᠲᠦ᠋ᠷᠦᠭᠴᠢ ᠪᠠᠭᠠᠲᠠᠢ ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠤᠨ᠂ ᠠᠷᠠᠳ ᠤᠨ ᠠᠮᠢᠳᠤᠷᠠᠯ ᠢ ᠦᠨᠡᠨ ᠬᠦ ᠪᠠᠲᠤᠯᠠᠨ ᠰᠠᠶᠢᠵᠢᠷᠠᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ ᠰᠢᠢᠳᠪᠦᠷᠢᠯᠡᠭᠰᠡᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠬᠡᠷᠡᠭᠲᠡᠢ᠃ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠳ᠋ᠦᠩᠨᠡᠨ ᠦᠨᠡᠯᠡᠵᠦ᠂ ᠠᠷᠪᠠᠨ ᠲᠠᠪᠤᠳᠤᠭᠠᠷ ᠲᠠᠪᠤᠨ ᠵᠢᠯ ᠤᠨ ᠲᠥᠯᠦᠪᠵᠢᠭᠦᠯᠭᠡ ᠶᠢᠨ ᠡᠮᠦᠨᠡᠬᠢ ᠬᠤᠭᠤᠴᠠᠭᠠᠨ ᠤ ᠤᠬᠠᠭᠠᠯᠠᠨ ᠲᠥᠯᠥᠪᠯᠡᠬᠦ ᠠᠵᠢᠯ ᠢ ᠦᠨᠡᠨ ᠬᠦ ᠰᠠᠶᠢᠲᠤᠷ ᠬᠢᠬᠦ ᠬᠡᠷᠡᠭᠲᠡᠢ᠃     ᠪᠦᠭᠦᠳᠡ ᠬᠤᠷᠠᠯ ᠠᠴᠠ ᠵᠢᠭᠠᠵᠤ ᠭᠠᠷᠭᠠᠭᠰᠠᠨ ᠨᠢ᠂ ᠬᠥᠭᠵᠢᠯᠲᠡ ᠪᠠ ᠠᠮᠤᠷ ᠲᠦᠪᠰᠢᠨ ᠢ ᠰᠠᠶᠢᠲᠤᠷ ᠨᠢᠭᠡᠳᠦᠯᠲᠡᠢ ᠲᠥᠯᠥᠪᠯᠡᠵᠦ᠂ ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ᠂ ᠣᠷᠣᠨ ᠨᠤᠲᠤᠭ ᠤᠨ ᠵᠠᠰᠠᠭ ᠤᠨ ᠣᠷᠳᠣᠨ ᠤ ᠥᠷᠢ ᠥᠭᠴᠡᠭᠡ᠂ ᠳᠤᠮᠳᠠ ᠵᠢᠵᠢᠭ ᠮᠥᠩᠭᠦᠨ ᠭᠦᠢᠯᠭᠡᠭᠡᠨ ᠤ ᠪᠠᠶᠢᠭᠤᠯᠤᠮᠵᠢ ᠵᠡᠷᠭᠡ ᠴᠢᠬᠤᠯᠠ ᠬᠦᠷᠢᠶᠡᠨ ᠤ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠰᠠᠶᠢᠲᠤᠷ ᠨᠠᠶᠢᠳᠠᠪᠤᠷᠢᠵᠢᠭᠤᠯᠵᠤ᠂ ᠠᠶᠤᠯ ᠦᠭᠡᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠪᠠᠶᠢᠭᠠᠯᠢ ᠶᠢᠨ ᠭᠠᠮᠰᠢᠭ ᠢᠯᠠᠩᠭᠤᠶ᠎ᠠ ᠦᠶᠡᠷ ᠤᠰᠤᠲᠤᠯ ᠤᠨ ᠭᠠᠮᠰᠢᠭ ᠢ ᠬᠢᠨᠠᠨ ᠬᠡᠮᠵᠢᠬᠦ᠂ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠵᠦ᠂ ᠨᠡᠶᠢᠭᠡᠮ ᠤᠨ ᠠᠮᠤᠷ ᠲᠦᠪᠰᠢᠨ ᠤ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠲᠣᠣᠷ ᠢ ᠨᠢᠭᠲᠠ ᠰᠦᠯᠵᠢᠵᠦ᠂ ᠨᠡᠶᠢᠭᠡᠮ ᠤᠨ ᠲᠣᠭᠲᠠᠭᠤᠨ ᠪᠠᠶᠢᠳᠠᠯ ᠢ ᠦᠨᠡᠨ ᠬᠦ ᠬᠠᠮᠠᠭᠠᠯᠠᠬᠤ ᠬᠡᠷᠡᠭᠲᠡᠢ᠃ ᠶᠠᠷᠢᠶ᠎ᠠ ᠬᠡᠯᠡᠯᠴᠡᠭᠡ ᠶᠢ ᠬᠥᠲᠥᠯᠥᠨ ᠵᠢᠯᠤᠭᠤᠳᠬᠤ ᠶᠢ ᠴᠢᠩᠭᠠᠳᠬᠠᠨ᠂ ᠦᠵᠡᠯ ᠤᠬᠠᠮᠰᠠᠷ ᠤᠨ ᠭᠡᠯᠪᠡᠷᠢ ᠶᠢᠨ ᠠᠶᠤᠯ ᠲᠦᠭᠰᠢᠭᠦᠷᠢ ᠶᠢ ᠪᠦᠲᠦᠮᠵᠢᠲᠡᠢ ᠰᠡᠷᠭᠡᠶᠢᠯᠡᠨ ᠠᠷᠢᠯᠭᠠᠬᠤ ᠬᠡᠷᠡᠭᠲᠡᠢ᠃ ᠭᠠᠳᠠᠭᠠᠳᠤ ᠲᠦᠭᠰᠢᠭᠦᠷᠢ ᠰᠢᠯᠭᠠᠯᠲᠠ ᠶᠢ ᠪᠦᠲᠦᠮᠵᠢᠲᠡᠢ ᠠᠷᠭᠠᠴᠠᠨ᠂ ᠪᠦᠭᠦ ᠪᠥᠮᠪᠥᠷᠴᠡᠭ ᠤᠨ ᠵᠠᠰᠠᠯᠲᠠ ᠶᠢ ᠬᠥᠲᠥᠯᠥᠨ ᠳᠠᠭᠠᠭᠤᠯᠵᠤ᠂ ᠠᠰᠢᠭᠲᠠᠢ ᠭᠠᠳᠠᠭᠠᠳᠤ ᠣᠷᠴᠢᠨ ᠨᠥᠬᠦᠴᠡᠯ ᠢ ᠰᠠᠨᠠᠭᠠᠴᠢᠯᠠᠭ᠎ᠠ ᠠᠴᠠ ᠪᠠᠨ ᠪᠤᠢ ᠪᠤᠯᠭᠠᠬᠤ ᠬᠡᠷᠡᠭᠲᠡᠢ᠃     ᠪᠦᠭᠦᠳᠡ ᠬᠤᠷᠠᠯ ᠠᠴᠠ ᠴᠢᠬᠤᠯᠠᠴᠢᠯᠠᠭᠰᠠᠨ ᠨᠢ᠂ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠲᠠᠢ ᠤᠶᠠᠯᠳᠤᠭᠤᠯᠤᠨ᠂ ᠨᠠᠮ ᠤᠨ ᠰᠢᠨ᠎ᠡ ᠡᠭᠦᠳᠦᠯᠲᠡ ᠶᠢᠨ ᠤᠨᠤᠯ ᠢᠶᠠᠷ ᠵᠡᠪᠰᠡᠭᠯᠡᠬᠦ ᠶᠢ ᠰᠠᠶᠢᠲᠤᠷ ᠠᠳᠬᠤᠵᠤ᠂ ᠪᠦᠭᠦ ᠨᠠᠮ ᠤᠨ ᠮᠠᠷᠺᠰ ᠤᠨ ᠦᠵᠡᠯ ᠤᠨ ᠬᠢᠷᠢ ᠬᠡᠮᠵᠢᠶ᠎ᠡ ᠪᠠ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢᠨ ᠴᠢᠳᠠᠪᠤᠷᠢ ᠶᠢ ᠳᠡᠭᠡᠭᠰᠢᠯᠡᠭᠦᠯᠭᠦ ᠬᠡᠷᠡᠭᠲᠡᠢ᠃ ᠨᠠᠮ ᠢ ᠪᠦᠭᠦ ᠲᠠᠯ᠎ᠠ ᠪᠠᠷ ᠴᠢᠩᠭ᠎ᠠ ᠵᠠᠰᠠᠬᠤ ᠰᠢᠰᠲ᠋ᠧᠮ ᠢ ᠪᠦᠷᠢᠨᠰᠢᠭᠦᠯᠵᠦ᠂ ᠰᠤᠷᠲᠠᠯ ᠢᠶᠠᠨ ᠦᠨᠡᠨ ᠬᠦ ᠰᠠᠶᠢᠵᠢᠷᠠᠭᠤᠯᠤᠨ᠂ ᠭᠡᠯᠪᠡᠷᠢ ᠶᠢᠨ ᠦᠵᠡᠯ᠂ ᠨᠣᠶᠠᠨᠴᠢ ᠰᠤᠷᠲᠠᠯ ᠤᠨ ᠠᠷᠬᠠᠭ ᠭᠡᠮ ᠢ ᠲᠡᠪᠴᠢᠵᠦ᠂ ᠦᠨᠳᠦᠰᠦᠨ ᠱᠠᠲᠤᠨ ᠤ ᠳᠠᠷᠤᠭᠠᠰᠤ ᠶᠢ ᠦᠷᠭᠦᠯᠵᠢᠯᠡᠨ ᠬᠥᠩᠭᠡᠷᠡᠭᠦᠯᠵᠦ᠂ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠣᠨ ᠢᠯᠵᠢᠷᠡᠯ ᠢ ᠡᠰᠡᠷᠭᠦᠴᠡᠬᠦ ᠲᠡᠮᠡᠴᠡᠯ ᠢ ᠭᠦᠨᠵᠡᠭᠡᠢ ᠠᠬᠢᠭᠤᠯᠵᠤ᠂ ᠲᠣᠭᠤᠷᠢᠨ ᠪᠠᠶᠢᠴᠠᠭᠠᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ᠃ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠭᠦᠨᠵᠡᠭᠡᠶᠢᠷᠡᠭᠦᠯᠦᠨ᠂ ᠨᠠᠮ ᠤᠨ ᠪᠦᠯᠬᠦᠮᠳᠡᠯ ᠨᠢᠭᠡᠳᠦᠯ ᠢ ᠬᠠᠮᠠᠭᠠᠯᠠᠵᠤ᠂ ᠨᠠᠮ ᠤᠨ ᠪᠦᠲᠦᠭᠡᠯᠴᠢ ᠬᠦᠴᠦᠨ᠂ ᠨᠢᠭᠲᠠᠷᠠᠯ ᠤᠨ ᠬᠦᠴᠦᠨ᠂ ᠲᠡᠶᠢᠴᠢᠠ ᠬᠦᠴᠦᠨ ᠢ ᠲᠡᠰᠦᠷᠡᠯᠳᠠ ᠦᠭᠡᠢ ᠴᠢᠩᠭᠠᠳᠬᠠᠬᠤ ᠬᠡᠷᠡᠭᠲᠡᠢ᠃     ᠪᠦᠭᠦᠳᠡ ᠬᠤᠷᠠᠯ ᠠᠴᠠ ᠨᠠᠮ ᠤᠨ ᠳᠦᠷᠢᠮ ᠤᠨ ᠲᠣᠭᠲᠠᠭᠠᠯ ᠶᠣᠰᠣᠭᠠᠷ᠂ ᠲᠥᠪ ᠬᠤᠷᠢᠶᠠᠨ ᠤ ᠣᠷᠣᠯᠠᠭᠴᠢ ᠭᠡᠰᠢᠭᠦᠨ ᠳ᠋ᠢᠩ ᠰᠢᠶᠠᠩ ᠴᠢᠶᠦ᠋ᠨ᠂ ᠢᠦᠢ ᠯᠢ ᠵᠢᠶᠦ᠋ᠨ᠂ ᠢᠦᠢ ᠵᠢᠢ ᠬᠤᠩ ᠢ ᠲᠥᠪ ᠬᠤᠷᠢᠶᠠᠨ ᠤ ᠭᠡᠰᠢᠭᠦᠨ ᠢᠶᠠᠷ ᠳᠠᠷᠠᠭᠠᠯᠠᠨ ᠨᠥᠬᠦᠬᠦ ᠪᠠᠷ ᠲᠣᠭᠲᠠᠭᠠᠪᠠ᠃     ᠪᠦᠭᠦᠳᠡ ᠬᠤᠷᠠᠯ ᠠᠴᠠ᠂ ᠴᠢᠨ ᠭᠠᠩ ᠨᠥᠬᠦᠷ ᠤᠨ ᠲᠤᠰᠢᠶᠠᠯ ᠠᠴᠠ ᠪᠠᠨ ᠪᠠᠭᠤᠬᠤ ᠭᠤᠶᠤᠴᠢᠯᠠᠯ ᠢ ᠵᠥᠪᠰᠢᠶᠡᠷᠡᠵᠦ᠂ ᠴᠢᠨ ᠭᠠᠩ ᠨᠥᠬᠦᠷ ᠤᠨ ᠲᠥᠪ ᠬᠤᠷᠢᠶᠠᠨ ᠤ ᠭᠡᠰᠢᠭᠦᠨ ᠤ ᠲᠤᠰᠢᠶᠠᠯ ᠢ ᠬᠠᠰᠤᠬᠤ ᠪᠠᠷ ᠲᠣᠭᠲᠠᠭᠠᠪᠠ᠃     ᠪᠦᠭᠦᠳᠡ ᠬᠤᠷᠠᠯ ᠠᠴᠠ ᠯᠢ ᠱᠠᠩ ᠹᠦ᠋᠂ ᠯᠢ ᠢᠦᠢ ᠴᠣᠣ᠂ ᠰᠦᠨ ᠶᠢᠨ ᠮᠢᠩ ᠤᠨ ᠰᠠᠬᠢᠯᠭ᠎ᠠ ᠪᠠᠲᠤ ᠬᠠᠤᠯᠢ ᠴᠠᠭᠠᠵᠠ ᠠᠴᠠ ᠬᠦᠨᠳᠦ ᠨᠣᠴᠢᠲᠠᠢ ᠵᠥᠷᠢᠴᠡᠭᠰᠡᠨ ᠠᠰᠠᠭᠤᠳᠠᠯ ᠤᠨ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠴᠡᠷᠢᠭ ᠤᠨ ᠶᠠᠪᠤᠳᠠᠯ ᠤᠨ ᠬᠤᠷᠢᠶᠠᠨ ᠤ ᠬᠢᠨᠠᠨ ᠪᠠᠶᠢᠴᠠᠭᠠᠭᠰᠠᠨ ᠮᠡᠳᠡᠭᠦᠯᠦᠯᠲᠡ ᠶᠢ ᠬᠢᠨᠠᠨ ᠶᠠᠷᠢᠯᠴᠠᠵᠤ ᠪᠠᠲᠤᠯᠠᠭᠠᠳ᠂ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠠᠴᠠ ᠲᠦᠷᠦᠭᠦᠬᠡᠨ ᠭᠠᠷᠭᠠᠭᠰᠠᠨ ᠯᠢ ᠱᠠᠩ ᠹᠦ᠋᠂ ᠯᠢ ᠢᠦᠢ ᠴᠣᠣ᠂ ᠰᠦᠨ ᠶᠢᠨ ᠮᠢᠩ ᠳᠤ ᠥᠭᠭᠦᠭᠰᠡᠨ ᠨᠠᠮ ᠠᠴᠠ ᠬᠥᠭᠡᠭᠡᠬᠦ ᠰᠢᠢᠳᠬᠡᠯ ᠢ ᠨᠤᠲᠠᠯᠠᠪᠠ᠃     ᠪᠦᠭᠦᠳᠡ ᠬᠤᠷᠠᠯ ᠠᠴᠠ ᠤᠷᠢᠶᠠᠯᠠᠭᠰᠠᠨ ᠨᠢ᠂ ᠪᠦᠭᠦ ᠨᠠᠮ ᠪᠦᠭᠦ ᠴᠡᠷᠢᠭ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠰᠢ ᠶᠢᠨ ᠫᠢᠩ ᠨᠥᠬᠦᠷ ᠢᠶᠠᠷ ᠭᠤᠣᠯᠯᠠᠭᠤᠯᠤᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠠᠩ ᠢᠯᠡᠭᠦᠦ ᠨᠢᠭᠲᠠᠷᠠᠨ ᠪᠦᠯᠬᠦᠮᠳᠡᠵᠦ᠂ ᠥᠭᠡᠷᠡᠴᠢᠯᠡᠯᠲᠡ ᠨᠡᠭᠡᠭᠡᠯᠲᠡ ᠶᠢᠨ ᠲᠤᠭ ᠢ ᠥᠨᠳᠥᠷ ᠮᠠᠨᠳᠤᠭᠤᠯᠤᠨ᠂ ᠰᠡᠳᠬᠢᠯ ᠢᠶᠠᠨ ᠨᠢᠭᠲᠠᠷᠠᠭᠤᠯᠤᠨ ᠬᠦᠴᠦᠨ ᠢᠶᠠᠨ ᠲᠥᠪᠯᠡᠷᠡᠭᠦᠯᠵᠦ᠂ ᠡᠷᠴᠢ ᠵᠣᠷᠢᠭ ᠢᠶᠠᠨ ᠬᠥᠪᠴᠢᠯᠡᠨ ᠤᠷᠤᠭᠰᠢᠯᠠᠵᠤ᠂ ᠨᠡᠶᠢᠭᠡᠮ ᠵᠢᠷᠤᠮᠲᠤ ᠣᠳᠣᠬᠢᠴᠢᠯᠠᠭᠰᠠᠨ ᠬᠦᠴᠦᠷᠬᠡᠭ ᠤᠯᠤᠰ ᠢ ᠪᠦᠭᠦ ᠲᠠᠯ᠎ᠠ ᠪᠠᠷ ᠪᠠᠶᠢᠭᠤᠯᠤᠨ ᠪᠦᠲᠦᠭᠡᠵᠦ ᠬᠤᠶᠠᠳᠤᠭᠠᠷ ᠵᠠᠭᠤᠨ ᠵᠢᠯ ᠤᠨ ᠲᠡᠮᠡᠴᠡᠯ ᠤᠨ ᠬᠠᠷᠠᠯᠲᠠ ᠶᠢ ᠪᠡᠶᠡᠯᠡᠭᠦᠯᠬᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠭᠦ ᠲᠠᠯ᠎ᠠ ᠪᠠᠷ ᠠᠬᠢᠭᠤᠯᠬᠤ ᠶᠢᠨ ᠲᠥᠯᠥᠭᠡ ᠴᠢᠷᠮᠠᠶᠢᠨ ᠲᠡᠮᠡᠴᠡᠵᠡᠭᠡᠶ᠎ᠡ︕
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2