ᠬᠤᠳᠠ ᠶᠢᠨ ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ ᠬᠠᠮᠲᠤ ᠶᠢᠨ ᠰᠤᠷᠤᠯᠴᠠᠯᠭ᠎ᠠ ᠬᠢᠪᠡ
ᠨᠡᠶᠢᠲᠡᠯᠡᠭᠰᠡᠨ ᠴᠠᠭ᠄
2024/7/22
   7 ᠰᠠᠷ᠎ᠠ ᠶᠢᠨ 19 ᠤ ᠡᠳᠦᠷ᠂ ᠬᠤᠳᠠ ᠶᠢᠨ ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ ᠬᠠᠮᠲᠤ ᠶᠢᠨ ᠰᠤᠷᠤᠯᠴᠠᠯᠭ᠎ᠠ ᠬᠢᠵᠦ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠠᠷᠪᠠᠨ ᠲᠠᠪᠤᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠪᠠ᠃    ᠬᠤᠲᠠ ᠶᠢᠨ ᠨᠠᠮ ᠤᠨ ᠬᠤᠷᠢᠶᠠᠨ ᠤ ᠱᠦᠵᠢ ᠰᠦᠶ ᠸᠧᠶ ᠵᠢᠶᠦ᠋ᠨ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃    ᠬᠤᠷᠠᠯ ᠳᠡᠭᠡᠷ᠎ᠡ᠂ ᠬᠤᠲᠠ ᠶᠢᠨ ᠨᠠᠮ ᠤᠨ ᠬᠤᠷᠢᠶᠠᠨ ᠤ ᠡᠯ᠎ᠡ ᠪᠠᠶᠢᠩᠭᠤ ᠶᠢᠨ ᠭᠡᠰᠢᠭᠦᠳ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢᠨ ᠲᠣᠭᠤᠷᠢᠨ ᠳᠤ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠪᠠ᠃    ᠰᠦᠢ ᠸᠧᠢ ᠵᠢᠶᠦ᠋ᠨ᠂ ᠪᠢᠳᠡ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠦᠷᠭᠦᠯᠵᠢᠯᠡᠨ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ ᠶᠡᠷᠦᠩᠬᠡᠢ ᠱᠠᠭᠠᠷᠳᠠᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠤᠨ ᠭᠦᠨᠵᠡᠭᠡᠶᠢᠷᠡᠨ ᠬᠥᠭᠵᠢᠬᠦ ᠶᠢ ᠴᠥᠬᠦᠷᠡᠰᠢ ᠦᠭᠡᠢ ᠠᠬᠢᠭᠤᠯᠬᠤ ᠬᠡᠷᠡᠭᠲᠡᠢ᠃ ᠳᠡᠭᠡᠳᠦ ᠲᠤᠤᠷᠠᠳᠤ ᠱᠠᠳᠤ ᠪᠠᠷ ᠢᠶᠠᠨ ᠨᠡᠪᠲᠡᠷᠡᠯᠴᠡᠭᠰᠡᠨ᠂ ᠬᠡᠷᠡᠭᠵᠢᠭᠦᠯᠦᠯᠲᠡ ᠨᠢ ᠬᠦᠴᠦᠲᠡᠢ ᠵᠣᠬᠢᠶᠠᠨ ᠪᠠᠶᠢᠭᠤᠯᠤᠯᠲᠠ ᠶᠢᠨ ᠰᠢᠰᠲ᠋ᠧᠮ ᠢ ᠪᠦᠷᠢᠨᠰᠢᠬᠦᠯᠵᠤ᠂ ᠨᠠᠮ ᠤᠨ ᠲᠥᠪ ᠬᠤᠷᠢᠶᠠᠨ ᠤ ᠡᠷᠬᠡ ᠰᠦᠷ ᠪᠣᠯᠤᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠡᠷᠡᠰ ᠬᠠᠮᠠᠭᠠᠯᠠᠵᠤ᠂ ᠰᠢᠨ᠎ᠡ ᠴᠠᠭ ᠦᠶ᠎ᠡ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠤᠭᠤᠮ ᠢ ᠭᠦᠨᠵᠡᠭᠡᠢ ᠲᠤᠭᠤᠰᠢᠯᠠᠭᠤᠯᠵᠤ᠂ ᠪᠠᠲᠤ ᠴᠢᠩᠭ᠎ᠠ ᠪᠠᠬᠢᠯᠡᠯᠲᠡ ᠶᠢᠨ ︽ᠵᠢᠱᠢᠶᠡᠴᠢ︾ ᠨᠠᠮ ᠤᠨ ᠡᠭᠦᠷ ᠢ ᠡᠭᠦᠳᠦᠨ ᠪᠠᠶᠢᠭᠤᠯᠬᠤ ᠶᠢ ᠪᠦᠬᠦ ᠬᠦᠴᠦᠨ ᠢᠶᠠᠷ ᠠᠬᠢᠭᠤᠯᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠤᠷᠢᠶᠠᠯᠠᠬᠤ ᠬᠦᠴᠦᠨ᠂ ᠨᠢᠭᠲᠠᠷᠠᠯ ᠤᠨ ᠬᠦᠴᠦᠨ᠂ ᠬᠡᠷᠡᠭᠵᠢᠭᠦᠯᠬᠦ ᠬᠦᠴᠦᠨ ᠢ ᠲᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ᠃ ᠦᠨᠳᠦᠰᠦ ᠶᠢ ᠪᠠᠲᠤᠳᠬᠠᠬᠤ᠂ ᠰᠡᠳᠬᠢᠯ ᠨᠢᠭᠡᠳᠦᠨ ᠰᠦᠭ ᠰᠦᠨᠡᠰᠦ ᠶᠢ ᠱᠤᠭᠤᠬᠤ ᠬᠥᠮᠦᠵᠢᠯ ᠤᠨ ᠰᠢᠰᠲ᠋ᠧᠮ ᠢ ᠪᠦᠷᠢᠨᠰᠢᠬᠦᠯᠵᠦ᠂ ᠨᠠᠮ ᠤᠨ ᠰᠢᠨ᠎ᠡ ᠶᠢ ᠡᠭᠦᠳᠬᠦ ᠤᠨᠤᠯ ᠤᠨ ᠰᠤᠷᠤᠯᠴᠠᠯᠭ᠎ᠠ ᠶᠢ ᠴᠢᠩᠭᠠᠳᠬᠠᠵᠤ᠂ ᠨᠠᠮᠴᠢ ᠴᠢᠨᠠᠷ ᠤᠨ ᠬᠥᠮᠦᠵᠢᠯ ᠢ ᠴᠥᠬᠦᠷᠡᠰᠢ ᠦᠭᠡᠢ ᠴᠢᠩᠭᠠᠳᠬᠠᠵᠤ᠂ ᠰᠤᠷᠤᠯᠴᠠᠯᠭ᠎ᠠ ᠪᠠᠷ ᠰᠦᠭ ᠰᠦᠨᠡᠰᠦ ᠶᠢ ᠱᠤᠭᠤᠬᠤ᠂ ᠰᠤᠷᠤᠯᠴᠠᠯᠭ᠎ᠠ ᠪᠠᠷ ᠤᠶᠤᠨ ᠤᠬᠠᠭᠠᠨ ᠢ ᠨᠡᠮᠡᠭᠳᠡᠭᠦᠯᠬᠦ᠂ ᠰᠤᠷᠤᠯᠴᠠᠯᠭ᠎ᠠ ᠪᠠᠷ ᠰᠤᠷᠲᠠᠯ ᠢ ᠰᠠᠶᠢᠵᠢᠷᠠᠭᠤᠯᠬᠤ᠂ ᠰᠤᠷᠤᠯᠴᠠᠯᠭ᠎ᠠ ᠪᠠᠷ ᠠᠵᠢᠯᠯᠠᠬᠤ ᠶᠢ ᠠᠬᠢᠭᠤᠯᠬᠤ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠨᠠᠶᠢᠳᠠᠪᠤᠷᠢᠵᠢᠭᠤᠯᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠭᠦᠨᠵᠡᠭᠡᠶᠢᠷᠡᠨ ᠪᠣᠳᠠᠲᠠᠶᠢᠵᠢᠬᠤ ᠶᠢ ᠲᠠᠰᠤᠷᠠᠯᠲᠠ ᠦᠭᠡᠢ ᠠᠬᠢᠭᠤᠯᠬᠤ ᠬᠡᠷᠡᠭᠲᠡᠢ᠃ ᠤᠨᠢᠨ ᠳᠡᠭᠡᠷ᠎ᠡ ᠨᠢ ᠬᠦᠴᠦᠯᠡᠬᠦ᠂ ᠦᠩᠭᠡᠨ ᠲᠠᠯ᠎ᠠ ᠪᠠ ᠦᠨᠳᠦᠰᠦ ᠠᠴᠠ ᠨᠢ ᠵᠠᠰᠠᠬᠤ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠢ ᠪᠦᠷᠢᠨᠰᠢᠬᠦᠯᠵᠦ᠂ ᠤᠯᠤᠰ ᠲᠦᠷᠦ ᠶᠢᠨ ᠬᠢᠨᠠᠯᠲᠠ ᠶᠢ ᠰᠠᠶᠢᠲᠤᠷ ᠠᠳᠬᠤᠵᠤ᠂ ᠡᠳᠦᠷ ᠲᠤᠳᠤᠮ ᠤᠨ ᠬᠢᠨᠠᠯᠲᠠ ᠶᠢ ᠴᠢᠩᠭᠠᠳᠬᠠᠵᠤ᠂ ᠬᠢᠨᠠᠯᠲᠠ ᠲᠠᠯᠪᠢᠵᠤ ᠨᠡᠪᠲᠡᠷᠡᠭᠦᠯᠬᠦ ᠲᠠᠪᠴᠠᠩ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ ᠴᠢᠩᠳᠠᠯᠠᠵᠤ ᠢᠯᠵᠢᠷᠡᠯ ᠢ ᠡᠰᠡᠷᠭᠦᠴᠡᠵᠦ᠂ ᠢᠯᠵᠠᠷᠠᠬᠤ ᠠᠴᠠ ᠵᠢᠷᠦᠬᠡᠰᠢᠶᠡᠬᠦ᠂ ᠢᠯᠵᠠᠷᠠᠵᠤ ᠪᠣᠯᠬᠤ ᠦᠭᠡᠢ᠂ ᠢᠯᠵᠠᠷᠠᠬᠤ ᠶᠢ ᠪᠤᠳᠤᠬᠤ ᠦᠭᠡᠢ ᠪᠠᠶᠢᠬᠤ ᠶᠢ ᠨᠢᠭᠡ ᠴᠤᠬᠴᠠᠵᠢᠭᠤᠯᠤᠨ ᠠᠬᠢᠭᠤᠯᠬᠤ ᠬᠡᠷᠡᠭᠲᠡᠢ᠃ ᠰᠢᠨᠵᠢᠯᠡᠬᠦ ᠤᠬᠠᠭᠠᠨᠴᠢ ᠪᠥᠭᠡᠳ ᠪᠦᠷᠢᠨ ᠲᠡᠭᠦᠯᠳᠡᠷ᠂ ᠪᠦᠲᠦᠮᠵᠢᠲᠡᠶ ᠪᠥᠭᠡᠳ ᠲᠤᠰᠠᠲᠠᠶ ᠲᠦᠷᠢᠮ ᠤᠨ ᠰᠢᠰᠲ᠋ᠧᠮ ᠢ ᠲᠡᠭᠦᠯᠳᠡᠷᠵᠢᠭᠦᠯᠵᠦ᠂ ᠨᠠᠮ ᠤᠨ ᠳᠣᠲᠣᠭᠠᠳᠤ ᠶᠢᠨ ᠬᠠᠤᠯᠢ ᠲᠣᠭᠲᠠᠭᠠᠯ ᠲᠦᠷᠢᠮ ᠤᠨ ᠪᠠᠶᠢᠭᠤᠯᠤᠯᠲᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠲᠦᠷᠢᠮ ᠤᠨ ᠬᠡᠷᠡᠭᠵᠢᠭᠦᠯᠬᠦ ᠬᠦᠴᠦᠨ ᠢ ᠬᠦᠴᠦᠯᠡᠨ ᠳᠡᠭᠡᠭᠰᠢᠯᠡᠭᠦᠯᠵᠦ᠂ ᠨᠠᠮ ᠢ ᠪᠥᠬᠦ ᠲᠠᠯ᠎ᠠ ᠪᠠᠷ ᠴᠢᠩᠭ᠎ᠠ ᠵᠠᠰᠠᠬᠤ ᠶᠢ ᠬᠠᠤᠯᠢ ᠲᠣᠭᠲᠠᠭᠠᠯ ᠲᠦᠷᠢᠮ ᠤᠨ ᠵᠠᠮ ᠢᠶᠠᠷ ᠭᠦᠨᠵᠡᠭᠡᠶᠢᠷᠡᠭᠦᠯᠦᠨ ᠬᠥᠭᠵᠢᠭᠦᠯᠬᠦ ᠶᠢ ᠠᠬᠢᠭᠤᠯᠬᠤ ᠬᠡᠷᠡᠭᠲᠡᠶ᠃ ᠭᠤᠣᠯ ᠴᠣᠭᠴᠠ ᠨᠢ ᠲᠣᠳᠣᠷᠬᠠᠢ᠂ ᠱᠠᠭᠠᠷᠳᠠᠯᠭ᠎ᠠ ᠨᠢ ᠲᠣᠳᠣᠷᠬᠠᠢ ᠬᠠᠷᠢᠭᠤᠴᠠᠯᠭ᠎ᠠ ᠶᠢᠨ ᠰᠢᠰᠲ᠋ᠧᠮ ᠢ ᠪᠦᠷᠢᠨᠰᠢᠬᠦᠯᠵᠤ᠂ ᠬᠠᠷᠢᠭᠤᠴᠠᠯᠭ᠎ᠠ ᠶᠢᠨ ᠭᠤᠣᠯ ᠴᠣᠭᠴᠠ ᠶᠢ ᠪᠣᠳᠠᠲᠠᠶᠢᠵᠢᠭᠤᠯᠬᠤ᠂ ᠬᠠᠷᠢᠭᠤᠴᠠᠯᠭ᠎ᠠ ᠶᠢᠨ ᠱᠠᠭᠠᠷᠳᠠᠯᠭ᠎ᠠ ᠶᠢ ᠪᠣᠳᠠᠲᠠᠶᠢᠵᠢᠭᠤᠯᠬᠤ᠂ ᠬᠢᠨᠠᠨ ᠰᠢᠯᠭᠠᠵᠤ ᠬᠠᠷᠢᠭᠤᠴᠠᠯᠭ᠎ᠠ ᠨᠡᠬᠡᠮᠵᠢᠯᠡᠬᠦ ᠶᠢ ᠪᠣᠳᠠᠲᠠᠶᠢᠵᠢᠭᠤᠯᠵᠤ᠂ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠥᠷᠭᠡᠨ ᠤᠯᠠᠨ ᠨᠠᠮ ᠤᠨ ᠭᠡᠰᠢᠭᠦᠨ᠂ ᠺᠠᠳ᠋ᠷ ᠤᠨ ᠬᠠᠷᠢᠭᠤᠴᠠᠯᠭ᠎ᠠ ᠶᠢ ᠮᠡᠳᠡᠬᠦ᠂ ᠬᠠᠷᠢᠭᠤᠴᠠᠯᠭ᠎ᠠ ᠶᠢ ᠡᠭᠦᠷᠭᠡᠯᠡᠬᠦ᠂ ᠬᠠᠷᠢᠭᠤᠴᠠᠯᠭ᠎ᠠ ᠪᠠᠨ ᠭᠦᠢᠴᠡᠳᠬᠡᠬᠦ ᠶᠢ ᠠᠬᠢᠭᠤᠯᠵᠤ᠂ ᠠᠵᠢᠯ ᠢ ᠬᠠᠮᠢᠭ᠎ᠠ ᠬᠦᠷᠲᠡᠯ᠎ᠡ ᠬᠠᠮᠢᠶᠠᠷᠬᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠬᠠᠷᠢᠭᠤᠴᠠᠯᠭ᠎ᠠ ᠶᠢ ᠲᠡᠨᠳᠡ ᠬᠦᠷᠲᠡᠯ᠎ᠡ ᠤᠷᠲᠤᠳᠬᠠᠬᠤ ᠶᠢ ᠦᠨᠡᠨ ᠬᠦ ᠪᠡᠶᠡᠯᠡᠭᠦᠯᠬᠦ ᠬᠡᠷᠡᠭᠲᠡᠢ ᠭᠡᠵᠦ ᠬᠡᠯᠡᠪᠡ᠃                                        ᠣᠷᠴᠢᠭᠤᠯᠤᠭᠴᠢ᠄ ᠭᠤᠸ᠎ᠠ                                        ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2