| | ᠱᠠᠩᠳᠤ ᠰᠢᠶᠠᠨ ᠤᠯᠠᠭᠠᠨᠴᠠᠪ ᠤᠨ ᠳᠤᠮᠳᠠᠳᠤ ᠤᠯᠤᠰ ᠤᠨ ᠴᠢᠯᠠᠭᠤᠨ ᠲᠣᠰᠣ ᠬᠢᠮᠢ ᠶᠢᠨ ᠠᠵᠤ | ᠦᠢᠯᠡᠳᠪᠦᠷᠢ ᠶᠢᠨ 10 ᠲᠦᠮᠡᠨ ᠲᠣᠨ / ᠵᠢᠯ ᠤᠨ ᠰᠠᠯᠬᠢ ᠭᠡᠷᠡᠯ ᠤᠨ ᠡᠨᠧᠷᠬᠢ ᠪᠠᠷ ᠤᠰᠤᠲᠥ᠋ᠷᠥᠭᠴᠢ | ᠦᠢᠯᠡᠳᠬᠦ ᠶᠢ ᠨᠢᠭᠡ ᠴᠣᠭᠴᠠᠵᠢᠭᠤᠯᠤᠭᠰᠠᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠲᠣᠤᠷ ᠤᠨ | ᠠᠬᠢᠴᠠ ᠶᠢ ᠲᠦᠷᠭᠡᠳᠬᠡᠨ ᠠᠬᠢᠭᠤᠯᠵᠤ᠂ ᠵᠢᠯ ᠤᠨ ᠳᠣᠲᠣᠷ᠎ᠠ ᠪᠠᠷᠢᠯᠭ᠎ᠠ ᠡᠬᠢᠯᠡᠭᠦᠯᠬᠦ ᠪᠠᠷ ᠴᠢᠷᠮᠠᠶᠢᠨ᠎ᠠ᠃ | ᠣᠳᠣᠬᠠᠨ ᠳᠤ᠂ ᠤᠰᠤᠲᠥ᠋ᠷᠥᠭᠴᠢ ᠦᠢᠯᠡᠳᠬᠦ ᠲᠠᠯᠠᠪᠠᠢ ᠶᠢᠨ ᠬᠡᠰᠡᠭ ᠢ ᠨᠢᠭᠡᠨᠲᠡ ᠳᠠᠩᠰᠠᠯᠠᠭᠤᠯᠵᠤ ᠳᠠᠭᠤᠰᠬᠠᠪᠠ᠃ | ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠬᠡᠪᠴᠢᠶ᠎ᠡ ᠨᠢ ᠵᠢᠯ ᠳᠤ 10 ᠲᠦᠮᠡᠨ ᠲᠣᠨ ᠪᠣᠬᠢᠷᠲᠤᠯ ᠥᠬᠡᠶ | ᠤᠰᠤᠲᠥ᠋ᠷᠥᠭᠴᠢ ᠶᠢ ᠦᠢᠯᠡᠳᠪᠦᠷᠢᠯᠡᠵᠦ᠂ ᠪᠥᠲᠥᠭᠡᠨ ᠪᠠᠶᠢᠭᠤᠯᠤᠯᠲᠠ ᠶᠢᠨ ᠭᠤᠤᠯ ᠠᠭᠤᠯᠭ᠎ᠠ ᠳᠤ ᠰᠠᠯᠬᠢᠨ | ᠬᠦᠴᠦᠨ ᠢᠶᠠᠷ ᠴᠠᠬᠢᠯᠭᠠᠨ ᠭᠠᠷᠭᠠᠬᠤ᠂ ᠬᠡᠷᠡᠯ ᠴᠡᠨᠡᠭ ᠢᠶᠠᠷ ᠴᠠᠬᠢᠯᠭᠠᠨ ᠭᠠᠷᠭᠠᠬᠤ᠂ 220kV ᠴᠠᠬᠢᠯᠭᠠᠨ ᠬᠦᠷᠭᠡᠬᠦ | ᠬᠦᠴᠦᠳᠡᠯ ᠥᠭᠡᠷᠡᠴᠢᠯᠡᠭᠴᠢ᠂ ᠤᠰᠤᠲᠥ᠋ᠷᠥᠭᠴᠢ ᠦᠢᠯᠡᠳᠬᠦ ᠦᠢᠯᠡᠳᠪᠦᠷᠢ᠂ ᠣᠷᠳᠣ ᠳᠠᠮᠵᠢᠭᠤᠯᠬᠤ ᠬᠤᠭᠤᠯᠠᠶ | ᠵᠡᠷᠭᠡ ᠪᠠᠭᠲᠠᠨ᠎ᠠ᠃ ᠡᠭᠦᠨ ᠳᠤ᠂ ᠤᠰᠤᠲᠥ᠋ᠷᠥᠭᠴᠢ ᠦᠢᠯᠡᠳᠬᠦ ᠦᠢᠯᠡᠳᠪᠦᠷᠢ ᠶᠢᠨ ᠭᠠᠵᠠᠷ ᠰᠣᠩᠭᠤᠬᠤ ᠭᠠᠵᠠᠷ ᠨᠢ | ᠤᠯᠠᠭᠠᠨᠴᠠᠪ ᠬᠤᠲᠠ ᠶᠢᠨ ᠱᠠᠩᠳᠤ ᠰᠢᠶᠠᠨ ᠤ ᠪᠥᠸᠧ ᠯᠢ ᠬᠤ᠋ ᠵᠢᠩ ᠰᠢᠶᠠᠩ ᠳᠤ ᠪᠠᠶᠢᠷᠢᠯᠠᠵᠤ᠂ ᠪᠠᠷᠤᠭ 820 ᠮᠥ | ᠭᠠᠵᠠᠷ ᠪᠣᠯᠭᠠᠬᠤ ᠪᠠᠷ ᠲᠥᠯᠥᠪᠵᠢᠭᠦᠯᠪᠡ︔ ᠴᠠᠬᠢᠯᠭᠠᠨ ᠬᠦᠷᠭᠡᠬᠦ ᠬᠤᠪᠢᠰᠬᠠᠬᠤ ᠬᠡᠰᠡᠭ ᠲᠤ 2 ᠵᠤᠷᠪᠤᠰ ᠰᠠᠯᠬᠢᠨ | ᠬᠦᠴᠦᠨ ᠤ ᠴᠠᠬᠢᠯᠭᠠᠨ ᠤ ᠲᠠᠯᠠᠪᠠᠢ ᠶᠢᠨ 220kV ᠳᠠᠷᠤᠯᠲᠠ ᠳᠡᠭᠡᠭᠰᠢᠯᠡᠵᠦ ᠳᠠᠷᠤᠯᠲᠠ ᠪᠠᠭᠤᠷᠠᠭᠤᠯᠬᠤ | ᠥᠷᠲᠡᠭᠡᠨ ᠤ ᠱᠤᠭᠤᠮ ᠪᠠ 2 ᠵᠤᠷᠪᠤᠰ ᠬᠡᠷᠡᠯ ᠴᠡᠨᠡᠭ ᠢᠶᠠᠷ ᠴᠠᠬᠢᠯᠭᠠᠨ ᠭᠠᠷᠭᠠᠬᠤ ᠲᠠᠯᠠᠪᠠᠢ ᠶᠢᠨ 220kV | ᠳᠠᠷᠤᠯᠲᠠ ᠳᠡᠭᠡᠭᠰᠢᠯᠡᠵᠦ ᠳᠠᠷᠤᠯᠲᠠ ᠪᠠᠭᠤᠷᠠᠭᠤᠯᠬᠤ ᠥᠷᠲᠡᠭᠡᠨ ᠤ ᠱᠤᠭᠤᠮ ᠪᠠᠭᠲᠠᠨ᠎ᠠ᠂ ᠱᠤᠭᠤᠮ ᠤᠨ ᠣᠷᠳᠣ ᠨᠢ | ᠨᠡᠶᠢᠲᠡ 96.8km︔ ᠤᠰᠤᠲᠥ᠋ᠷᠥᠭᠴᠢ ᠳᠠᠮᠵᠢᠭᠤᠯᠬᠤ ᠬᠤᠭᠤᠯᠠᠶ ᠶᠢᠨ ᠪᠥᠬᠦ ᠣᠷᠳᠣ ᠨᠢ ᠪᠠᠷᠤᠭ 1145km | ᠪᠠᠶᠢᠵᠤ᠂ ᠵᠠᠮ ᠳᠠᠭᠠᠤ 5 ᠮᠤᠵᠢ ︵ᠬᠤᠲᠠ᠂ ᠥᠪᠡᠷᠲᠡᠭᠡᠨ ᠵᠠᠰᠠᠬᠤ ᠣᠷᠣᠨ︶ ᠪᠠᠷ ᠳᠡᠮᠵᠢᠨ᠂ 10 ᠥᠷᠲᠡᠭᠡ᠂ | 47 ᠨᠡᠭᠡᠯᠡᠭᠡᠢ ᠥᠷᠥᠭᠡ ᠭᠠᠷᠭᠠᠪᠠ᠃ ᠵᠢᠯ ᠳᠤ 10 ᠮᠢᠩᠭᠠᠨ ᠲᠣᠨ ᠬᠦᠷᠭᠡᠬᠦ ᠪᠠᠷ ᠲᠥᠯᠥᠪᠯᠡᠵᠦ ᠪᠠᠶᠢᠨ᠎ᠠ᠃ | ᠲᠥᠷᠥᠯ ᠵᠦᠢᠯ ᠤᠨ ᠢᠵᠢ ᠪᠥᠷᠢᠳᠦᠭᠦᠯᠬᠦ ᠰᠢᠨ᠎ᠡ ᠡᠨᠧᠷᠭᠢ ᠶᠢᠨ ᠬᠡᠪᠴᠢᠶ᠎ᠡ 254.6 ᠲᠦᠮᠡᠨ ᠺᠢᠯᠣᠸᠠᠲ ᠴᠠᠭ ︵ | ᠰᠠᠯᠬᠢᠨ ᠬᠦᠴᠦᠨ ᠤ ᠴᠠᠬᠢᠯᠭᠠᠨ 174.2 ᠲᠦᠮᠡᠨ ᠺᠢᠯᠣᠸᠠᠲ᠂ ᠬᠡᠷᠡᠯ ᠴᠡᠨᠡᠭ ᠤᠨ 80.4 ᠲᠦᠮᠡᠨ ᠺᠢᠯᠣᠸᠠᠲ︶᠂ | ᠲᠥᠷᠥᠯ ᠵᠦᠢᠯ ᠪᠠᠶᠢᠭᠤᠯᠤᠭᠳᠠᠭᠰᠠᠨ ᠤ ᠳᠠᠷᠠᠭ᠎ᠠ᠂ ᠤᠰᠤᠲᠥ᠋ᠷᠥᠭᠴᠢ ᠬᠠᠳᠠᠭᠠᠯᠠᠬᠤ ᠴᠢᠳᠠᠪᠤᠷᠢ 261 ᠲᠣᠨ ᠳᠤ | ᠬᠦᠷᠴᠦ᠂ ᠤᠰᠤᠲᠥ᠋ᠷᠥᠭᠴᠢ ᠦᠢᠯᠡᠳᠬᠦ ᠴᠢᠳᠠᠪᠤᠷᠢ ᠵᠢᠯ ᠳᠤ 10 ᠲᠦᠮᠡᠨ ᠲᠣᠨ ᠳᠤ ᠬᠦᠷᠦᠨ᠎ᠡ᠃ | ᠤᠷᠴᠢᠭᠤᠯᠤᠭᠴᠢ᠄ ᠬᠦᠰᠡᠯ | ᠬᠢᠨᠠᠭᠴᠢ᠄ ᠠᠷᠢᠭᠤᠨ |