ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ᠄ ᠬᠤᠲᠠ ᠶᠢᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠲᠤᠰᠬᠠᠶ ᠰᠡᠳᠦᠪᠲᠦ ᠨᠠᠮ ᠤᠨ ᠬᠢᠴᠢᠶᠡᠯ ᠤᠨ ᠮᠡᠳᠡᠭᠦᠯᠦᠯᠲᠡ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/7/22
   6 ᠰᠠᠷ᠎ᠠ ᠶᠢᠨ 21 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠲᠤᠰᠬᠠᠶ ᠰᠡᠳᠦᠪᠲᠦ ᠨᠠᠮ ᠤᠨ ᠬᠢᠴᠢᠶᠡᠯ ᠤᠨ ᠮᠡᠳᠡᠭᠦᠯᠦᠯᠲᠡ ᠶᠢᠨ ᠬᠤᠷᠠᠯ ᠬᠤᠷᠠᠯᠳᠤᠭᠤᠯᠪᠠ᠃ ᠬᠤᠲᠠ ᠶᠢᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ᠂ ᠬᠤᠲᠠ ᠶᠢᠨ ᠣᠷᠣᠨ ᠲᠤᠭ᠎ᠠ ᠶᠢᠨ ᠠᠯᠪᠠᠨ ᠭᠡᠷ᠂ ᠬᠤᠲᠠ ᠶᠢᠨ ᠨᠠᠮ ᠤᠨ ᠬᠤᠷᠢᠶᠠᠨ ᠤ ᠠᠬᠠᠮᠠᠳ ᠺᠠᠳ᠋ᠷ ᠤᠨ ᠲᠣᠪᠴᠢᠶ᠎ᠠ᠂ ᠬᠤᠲᠠ ᠶᠢᠨ ᠨᠠᠮ ᠤᠨ ᠰᠤᠷᠭᠠᠭᠤᠯᠢ ᠶᠢᠨ ᠤᠳᠤᠷᠢᠳᠬᠤ ᠪᠠᠭ ᠤᠨ ᠪᠦᠷᠢᠯᠳᠦᠬᠦᠨ᠂ ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ᠂ ᠬᠤᠲᠠ ᠶᠢᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠪᠠᠶᠢᠭᠤᠯᠭ᠎ᠠ ᠶᠢᠨ ᠪᠥᠬᠦ ᠺᠠᠳ᠋ᠷ ᠬᠤᠷᠠᠯ ᠳᠤ ᠣᠷᠣᠯᠴᠠᠪᠠ᠃    ᠮᠡᠳᠡᠭᠦᠯᠦᠯᠲᠡ ᠶᠢᠨ ᠬᠤᠷᠠᠯ ᠳᠡᠭᠡᠷ᠎ᠡ᠂ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠯᠢ ᠶᠦᠩ ︽ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠬᠤ ᠲᠤᠬᠠᠢ ᠴᠢᠬᠤᠯᠠ ᠥᠭᠦᠯᠡᠯᠲᠡ ᠪᠣᠯᠤᠨ ︿ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠢᠳᠬᠡᠯ ᠥᠭᠬᠦ ᠲᠦᠷᠢᠮ﹀ ᠢ ᠭᠦᠨᠵᠡᠭᠡᠢ ᠰᠤᠷᠤᠯᠴᠠᠵᠤ᠂ ︿ᠬᠤᠶᠠᠷ ᠬᠠᠷᠢᠴᠠᠯᠠᠰᠢᠭᠦᠢ ᠪᠠᠶᠢᠬᠤ﹀ ᠵᠢᠱᠢᠶᠡᠴᠢ ᠬᠡᠯᠲᠡᠰ ᠪᠣᠯᠤᠨ ᠰᠢᠯᠭᠠᠷᠠᠭᠰᠠᠨ ᠡᠩᠨᠡᠭᠡ ᠶᠢ ᠬᠦᠴᠦᠯᠡᠨ ᠪᠠᠶᠢᠭᠤᠯᠤᠶ᠎ᠠ︾ ᠭᠡᠬᠦ ᠰᠡᠳᠦᠪ ᠢᠶᠠᠷ ᠲᠤᠰ ᠲᠤᠰ ᠵᠠᠭᠤᠨ ᠵᠢᠯ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢᠨ ᠬᠥᠭᠵᠢᠯᠲᠡ ᠶᠢᠨ ᠰᠤᠳᠠᠰᠤ᠂ ᠨᠠᠮ ᠢ ᠬᠠᠮᠢᠶᠠᠷᠴᠤ ᠨᠠᠮ ᠢ ᠴᠢᠩᠭ᠎ᠠ ᠵᠠᠰᠠᠬᠤ ᠨᠠᠮ ᠤᠨ ᠭᠤᠣᠯ ᠬᠦᠭ ᠠᠶᠠᠰ ᠢ ᠭᠤᠶᠢᠪᠢᠰᠢ ᠦᠭᠡᠢ ᠪᠠᠷᠢᠮᠲᠠᠯᠠᠬᠤ᠂ ᠰᠠᠬᠢᠯᠭ᠎ᠠ ᠪᠠᠲᠤ ᠶᠣᠰᠣ ᠲᠦᠷᠢᠮ ᠢ ᠴᠢᠩᠳᠠᠯᠠᠬᠤ ᠲᠠᠯ᠎ᠠ ᠪᠠᠷ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠭᠰᠠᠨ ᠵᠡᠷᠭᠡ 5 ᠲᠠᠯ᠎ᠠ ᠠᠴᠠ ᠲᠤᠰ ᠲᠤᠰ ᠥᠪᠡᠷ ᠤᠨ ᠪᠡᠶ᠎ᠡ ᠪᠣᠯᠤᠨ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠨᠠᠮ ᠤᠨ ᠭᠡᠰᠢᠭᠦᠨ ᠺᠠᠳ᠋ᠷᠴᠤᠳ ᠲᠤ ᠠᠮᠢᠳᠤᠯᠢᠭ ᠰᠠᠶᠢᠬᠠᠨ ᠰᠠᠬᠢᠯᠭ᠎ᠠ ᠪᠠᠲᠤ ᠶᠢᠨ ᠨᠠᠮ ᠤᠨ ᠬᠢᠴᠢᠶᠡᠯ ᠤᠷᠤᠪᠠ᠃    ᠲᠤᠰᠬᠠᠶ ᠰᠡᠳᠦᠪᠲᠦ ᠨᠠᠮ ᠤᠨ ᠬᠢᠴᠢᠶᠡᠯ ᠢ ᠰᠣᠨᠣᠰᠤᠭᠰᠠᠨ ᠤ ᠳᠠᠷᠠᠭ᠎ᠠ᠂ ᠪᠦᠬᠦ ᠨᠠᠮ ᠤᠨ ᠭᠡᠰᠢᠭᠦᠨ ᠺᠠᠳ᠋ᠷᠴᠤᠳ ᠥᠪᠡᠷ ᠤᠨ ᠬᠠᠷᠢᠭᠤᠴᠠᠯᠭ᠎ᠠ ᠪᠣᠯᠤᠨ ᠡᠭᠦᠷᠭᠡ ᠶᠢᠨ ᠲᠤᠬᠠᠶ ᠨᠠᠩ ᠲᠣᠳᠣᠷᠬᠠᠶ ᠲᠠᠨᠢᠯᠲᠠ ᠲᠠᠢ ᠪᠣᠯᠵᠠᠶ᠃ ᠤᠯᠠᠨ ᠢᠶᠠᠷ ᠢᠶᠠᠨ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢᠶᠠᠷ ᠠᠵᠠ ᠲᠣᠬᠢᠶᠠᠯ ᠪᠣᠯᠭᠠᠵᠤ᠂ ᠨᠠᠮ ᠤᠨ ᠡᠯ᠎ᠡ ᠵᠦᠢᠯ ᠤᠨ ᠰᠠᠬᠢᠯᠭ᠎ᠠ ᠪᠠᠲᠤ ᠶᠢᠨ ᠱᠠᠭᠠᠷᠳᠠᠯᠭ᠎ᠠ ᠶᠢ ᠤᠷᠳᠤ ᠬᠤᠭᠤᠴᠠᠭ᠎ᠠ ᠪᠠᠷ ᠰᠠᠶᠢᠲᠤᠷ ᠨᠠᠶᠢᠳᠠᠪᠤᠷᠢᠵᠢᠭᠤᠯᠵᠤ᠂ ᠰᠠᠶᠢᠲᠤᠷ ᠬᠡᠷᠡᠭᠵᠢᠭᠦᠯᠵᠦ᠂ ᠪᠤᠰᠤᠳ ᠬᠠᠤᠯᠢ ᠶᠢᠨ ᠬᠢᠵᠠᠭᠠᠷᠯᠠᠯ ᠢ ᠪᠡᠶ᠎ᠡ ᠪᠠᠨ ᠪᠠᠷᠢᠬᠤ ᠤᠬᠠᠮᠰᠠᠷ ᠪᠣᠯᠭᠠᠨ ᠬᠤᠪᠢᠷᠠᠭᠤᠯᠵᠤ᠂ ᠲᠦᠷᠢᠮ ᠲᠣᠭᠲᠠᠭᠠᠯ ᠢ ᠵᠢᠷᠤᠮᠯᠠᠨ ᠰᠠᠬᠢᠯᠭ᠎ᠠ ᠪᠠᠲᠤ ᠶᠢ ᠰᠠᠬᠢᠬᠤ ᠶᠢ ᠡᠳᠦᠷ ᠲᠤᠳᠤᠮ ᠤᠨ ᠳᠠᠳᠬᠠᠯ ᠪᠣᠯᠭᠠᠵᠤ᠂ ᠦᠨᠡᠨᠬᠦ ᠠᠷᠢᠭᠤᠨ ᠴᠡᠪᠡᠷ ᠦᠵᠡᠯ ᠰᠠᠨᠠᠭ᠎ᠠ᠂ ᠵᠣᠬᠢᠶᠠᠨ ᠪᠠᠶᠢᠭᠤᠯᠤᠯᠲᠠ ᠶᠢ ᠡᠷᠬᠢᠮᠯᠡᠬᠦ ᠪᠣᠳᠠᠲᠤ ᠠᠵᠢᠯᠯᠠᠭ᠎ᠠ ᠪᠠᠷ ᠢᠶᠠᠨ ︽ᠬᠤᠶᠠᠷ ᠬᠠᠷᠢᠴᠠᠯᠠᠰᠢᠭᠦᠢ ᠪᠠᠶᠢᠬᠤ︾ ᠵᠢᠱᠢᠶᠡᠴᠢ ᠬᠡᠯᠲᠡᠰ ᠪᠣᠯᠤᠨ ᠰᠢᠯᠭᠠᠷᠠᠭᠰᠠᠨ ᠡᠩᠨᠡᠭᠡ ᠶᠢ ᠪᠠᠶᠢᠭᠤᠯᠬᠤ ᠳᠤ ᠬᠦᠴᠦ ᠨᠡᠮᠡᠷᠢᠯᠡᠨ᠎ᠡ ᠭᠡᠵᠦ ᠢᠯᠡᠳᠬᠡᠵᠡᠭᠡᠪᠡ᠃                                                         ᠣᠷᠴᠢᠭᠤᠯᠤᠭᠴᠢ᠄ ᠭᠤᠸ᠎ᠠ                                                         ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2