ᠬᠤᠳᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠬᠤᠷᠠᠯ ᠬᠤᠷᠠᠯᠳᠤᠭᠤᠯᠵᠤ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ
ᠨᠡᠶᠢᠲᠡᠯᠡᠭᠰᠡᠨ ᠴᠠᠭ᠄
2024/7/23
   7 ᠰᠠᠷ᠎ᠠ ᠶᠢᠨ 22 ᠤᠨ ᠡᠳᠦᠷ᠂ ᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠰᠦᠢ ᠸᠧᠢ ᠵᠢᠶᠦ᠋ᠨ ᠬᠤᠳᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠶᠡᠷᠦᠩᠬᠡᠢ ᠱᠦᠵᠢ ᠰᠢ ᠶᠢᠨ ᠫᠢᠩ ᠤᠨ ᠤᠢᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶ᠎ᠠ ᠵᠢᠴᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠬᠤᠷᠠᠯ ᠤᠨ ᠵᠣᠷᠢᠭ ᠰᠠᠨᠠᠭ᠎ᠠ ᠵᠡᠷᠭᠡ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠪᠠ᠃    ᠬᠤᠷᠠᠯ ᠠᠴᠠ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠪᠣᠯ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠬᠦᠴᠦᠷᠬᠡᠭ ᠤᠯᠤᠰ ᠤᠨ ᠪᠦᠳᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠬᠤ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠬᠦ ᠲᠠᠯ᠎ᠠ ᠪᠠᠷ ᠠᠬᠢᠭᠤᠯᠬᠤ ᠵᠠᠩᠭᠢᠯᠠᠭ᠎ᠠ ᠶᠢᠨ ᠴᠠᠭ ᠦᠶ᠎ᠡ ᠳᠤ ᠬᠤᠷᠠᠯᠳᠤᠭᠰᠠᠨ ᠬᠥᠰᠢᠶ᠎ᠡ ᠳᠤᠷᠠᠰᠬᠠᠯ ᠤᠨ ᠠᠴᠢ ᠬᠤᠯᠪᠣᠭᠳᠠᠯ ᠲᠠᠢ ᠴᠢᠬᠤᠯᠠ ᠶᠡᠭᠡ ᠲᠡᠦᠬᠡᠲᠦ ᠴᠢᠨᠠᠷᠲᠠᠢ ᠬᠤᠷᠠᠯ ᠪᠣᠯᠤᠨ᠎ᠠ᠃ ᠪᠦᠭᠦᠳᠡ ᠬᠤᠷᠠᠯ ᠠᠴᠠ ᠪᠠᠲᠤᠯᠠᠭᠰᠠᠨ ︽ᠲᠣᠭᠲᠠᠭᠠᠯ︾ ᠪᠣᠯ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠠᠴᠠ ᠨᠠᠰᠢᠬᠢ ᠥᠭᠡᠷᠡᠴᠢᠯᠡᠯᠲᠡᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠦᠢᠯᠡᠳᠦᠯᠭᠡ ᠶᠢᠨ ᠦᠷᠭᠦᠯᠵᠢᠯᠡᠯ ᠳᠡᠪᠲᠡᠷ ᠪᠣᠯᠬᠤ ᠪᠠᠷ ᠪᠠᠷᠠᠬᠤ ᠦᠭᠡᠢ ᠪᠠᠰᠠ ᠴᠤ ᠰᠢᠨ᠎ᠡ ᠠᠶᠠᠨ ᠵᠠᠮ ᠳᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠴᠠᠭ ᠦᠶ᠎ᠡ ᠶᠢᠨ ᠰᠢᠨ᠎ᠡ ᠬᠠᠭᠤᠳᠠᠰᠤ ᠪᠣᠯᠵᠤ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠥᠭᠡᠷᠡᠴᠢᠯᠡᠯᠲᠡᠡ ᠶᠢ ᠡᠴᠦᠰ ᠲᠤᠨᠢ ᠲᠤᠯᠲᠠᠯ᠎ᠠ ᠬᠢᠬᠦ ᠡᠷᠡᠰ ᠵᠣᠷᠢᠭ ᠢ ᠭᠦᠢᠴᠡᠳ ᠢᠯᠡᠷᠡᠭᠦᠯᠦᠭᠰᠡᠨ ᠪᠠᠶᠢᠨ᠎ᠠ᠃ ᠶᠡᠷᠦᠩᠬᠡᠢ ᠱᠦᠵᠢ ᠰᠢ ᠶᠢᠨ ᠫᠢᠩ ᠤᠨ ᠪᠦᠬᠦᠳᠡ ᠬᠤᠷᠠᠯ ᠳᠡᠭᠡᠷᠡᠬᠢ ᠴᠢᠬᠤᠯᠠ ᠶᠠᠷᠢᠶ᠎ᠠ ᠨᠢ ᠪᠢᠳᠡᠨ ᠤ ︽ᠲᠣᠭᠲᠠᠭᠠᠯ︾ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠬᠤ᠂ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠳᠤ ᠦᠵᠡᠯ ᠰᠠᠨᠠᠭᠠᠨ ᠤ ᠵᠢᠯᠤᠭᠤᠳᠤᠯᠭ᠎ᠠ ᠪᠠ ᠠᠵᠢᠯᠯᠠᠭᠠᠨ ᠤ ᠵᠦᠭᠯᠡᠭᠦᠷ ᠬᠠᠩᠭᠠᠪᠠ ᠭᠡᠵᠦ ᠵᠢᠭᠠᠵᠤ ᠭᠠᠷᠭᠠᠵᠠᠢ᠃    ᠬᠤᠷᠠᠯ ᠠᠴᠠ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠶᠢ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠪᠣᠯᠭᠠᠵᠤ᠂ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠠᠵᠢᠯᠯᠠᠭ᠎ᠠ ᠶᠢ ᠦᠳᠲᠡᠷ ᠲᠦᠷᠭᠡᠨ ᠥᠷᠨᠢᠭᠦᠯᠬᠦ ᠬᠡᠷᠡᠭᠲᠡᠢ᠃ ᠤᠯᠠᠮᠵᠢᠯᠠᠨ ᠰᠤᠷᠤᠯᠴᠠᠬᠤ ᠶᠢ ᠨᠠᠷᠢᠨ ᠬᠢᠨᠠᠮᠠᠭᠠᠢ ᠵᠣᠬᠢᠶᠠᠨ ᠪᠠᠶᠢᠭᠤᠯᠵᠤ᠂ ᠣᠯᠠᠨ ᠲᠦᠮᠡᠨᠴᠢᠯᠡᠬᠦ᠂ ᠬᠠᠷᠢᠯᠴᠠᠨ ᠦᠢᠯᠡᠳᠦᠯᠴᠡᠵᠦ ᠤᠬᠠᠭᠤᠯᠤᠨ ᠲᠠᠶᠢᠯᠪᠤᠷᠢᠯᠠᠬᠤ ᠶᠢ ᠥᠷᠭᠡᠨ ᠢᠶᠠᠷ ᠥᠷᠨᠢᠭᠦᠯᠵᠦ᠂ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠠᠵᠢᠯ ᠢ ᠢᠳᠡᠪᠬᠢᠲᠡᠢ ᠰᠦᠪᠡᠭᠴᠢᠯᠡᠨ ᠠᠬᠢᠭᠤᠯᠵᠤ᠂ ᠡᠯ᠎ᠡ ᠵᠦᠢᠯ ᠤᠨ ᠬᠠᠷᠠᠯᠲᠠ ᠡᠭᠦᠷᠭᠡ ᠪᠣᠯᠤᠨ ᠭᠤᠤᠯᠳᠠᠯᠭ᠎ᠠ ᠲᠠᠢ ᠠᠷᠭ᠎ᠠ ᠬᠡᠮᠵᠢᠶ᠎ᠡ ᠶᠢᠨ ᠠᠮᠵᠢᠯᠲᠠ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ᠂ ᠶᠡᠷᠦᠩᠬᠡᠶ ᠱᠦᠵᠢ ᠰᠢ ᠶᠢᠨ ᠫᠢᠩ ᠤᠨ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠬᠠᠷᠢᠭᠤᠴᠠᠯᠭᠠᠲᠤ ᠤᠬᠠᠮᠰᠠᠷ ᠢᠶᠠᠨ ᠴᠢᠩᠭᠠᠳᠬᠠᠨ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠤᠳᠤᠷᠢᠳᠬᠤ ᠡᠷᠬᠡ᠂ ᠬᠠᠮᠢᠶᠠᠷᠬᠤ ᠡᠷᠬᠡ᠂ ᠦᠭᠡ ᠬᠡᠯᠡᠬᠦ ᠡᠷᠬᠡ ᠶᠢ ᠪᠠᠲᠤ ᠡᠵᠡᠮᠰᠢᠬᠦ ᠬᠡᠷᠡᠭᠲᠡᠶ ᠭᠡᠵᠦ ᠵᠢᠭᠠᠵᠤ ᠭᠠᠷᠭᠠᠪᠠ᠃    ᠬᠤᠷᠠᠯ ᠠᠴᠠ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠡᠳᠦᠷ ᠳᠤᠳᠤᠮ ᠤᠨ ᠠᠮᠢᠳᠤᠷᠠᠯ ᠳᠤ ᠠᠭᠤᠰᠤᠯᠴᠠᠭᠤᠯᠵᠤ᠂ ᠪᠠᠶᠢᠩᠭᠤ ᠠᠳᠬᠤᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠵᠦ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠤᠳᠠᠭᠠᠨ ᠳᠠᠭᠠᠭᠠᠮᠠᠭᠠᠢ ᠦᠷ᠎ᠡ ᠪᠦᠲᠦᠮᠵᠢ ᠭᠠᠷᠭᠠᠬᠤ ᠬᠡᠷᠡᠭᠲᠡᠢ᠃ ᠤᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠬᠦᠷᠢᠶᠡᠨ ᠤ ᠲᠤᠪᠤᠶᠢᠮ᠎ᠠ ᠠᠰᠠᠭᠤᠳᠠᠯ ᠢ ᠲᠤᠰᠬᠠᠢ ᠴᠡᠭᠴᠡᠯᠡᠨ ᠵᠠᠰᠠᠬᠤ ︽ᠡᠷᠬᠢᠨ ᠬᠠᠷᠠᠬᠤ︾ ᠠᠵᠢᠯ ᠢ ᠰᠠᠶᠢᠲᠤᠷ ᠵᠣᠬᠢᠶᠠᠨ ᠪᠠᠶᠢᠭᠤᠯᠤᠨ ᠥᠷᠨᠢᠭᠦᠯᠵᠦ᠂ ᠦᠨᠡᠨ ᠪᠣᠳᠠᠲᠠᠢ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ᠃ ᠳᠣᠲᠣᠭᠠᠳᠤ ᠶᠢ ᠬᠠᠮᠠᠭᠠᠯᠠᠬᠤ ᠰᠠᠬᠢᠯᠭ᠎ᠠ ᠪᠠᠲᠤ᠂ ᠪᠠᠶᠢᠭᠤᠯᠤᠯ᠂ ᠡᠩᠨᠡᠭᠡᠨ ᠤ ᠪᠠᠶᠢᠭᠤᠯᠤᠯᠲᠠ ᠶᠢ ᠦᠨᠡᠨ ᠬᠦ ᠴᠢᠩᠭᠠᠳᠬᠠᠵᠤ᠂ ᠵᠣᠨ ᠤ ᠤᠯᠠᠷᠢᠯ ᠤᠨ ᠠᠮᠤᠷ ᠢ ᠬᠠᠮᠠᠭᠠᠯᠠᠬᠤ ᠴᠣᠬᠢᠯᠲᠠ ᠥᠭᠴᠦ ᠴᠡᠭᠴᠡᠯᠡᠨ ᠵᠠᠰᠠᠬᠤ ᠠᠵᠢᠯᠯᠠᠭ᠎ᠠ ᠶᠢ ᠭᠦᠨᠵᠡᠭᠡᠶ ᠲᠦᠯᠬᠢᠨ ᠠᠬᠢᠭᠤᠯᠵᠤ᠂ ᠬᠤᠤᠷᠲᠤ ᠡᠳ᠋ ᠢ ᠴᠠᠭᠠᠵᠠᠯᠠᠬᠤ ᠠᠵᠢᠯ ᠢ ᠡᠷᠡᠰ ᠰᠠᠶᠢᠲᠤᠷ ᠬᠢᠵᠦ᠂ ᠨᠡᠶᠢᠭᠡᠮ ᠤᠨ ᠠᠮᠤᠷ ᠲᠣᠭᠲᠠᠭᠤᠨ ᠢ ᠪᠦᠬᠦ ᠬᠦᠴᠦᠨ ᠢᠶᠠᠷ ᠢᠶᠠᠨ ᠬᠠᠮᠠᠭᠠᠯᠠᠬᠤ ᠬᠡᠷᠡᠭᠲᠡᠶ᠃ ᠦᠶᠡᠷ ᠢ ᠰᠡᠷᠭᠡᠶᠢᠯᠡᠵᠦ ᠭᠠᠮᠰᠢᠭ ᠠᠴᠠ ᠠᠪᠤᠷᠠᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ ᠪᠠᠲᠤ ᠡᠭᠦᠷᠭᠡᠯᠡᠵᠦ᠂ ᠲᠣᠭᠤᠷᠢᠨ ᠪᠠᠶᠢᠴᠠᠭᠠᠵᠤ ᠵᠢᠭᠰᠠᠭᠠᠨ ᠪᠠᠶᠢᠴᠠᠭᠠᠬᠤ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠶᠢ ᠴᠢᠩᠭᠠᠳᠬᠠᠵᠤ᠂ ᠵᠢᠵᠢᠭᠦᠷᠯᠡᠨ ᠰᠠᠬᠢᠬᠤ ᠪᠠ ᠮᠡᠳᠡᠭᠡ ᠵᠠᠩᠭᠢ ᠶᠢ ᠮᠡᠳᠡᠭᠦᠯᠦᠨ ᠬᠦᠷᠭᠡᠬᠦ ᠲᠦᠷᠢᠮ ᠢ ᠴᠢᠩᠭ᠎ᠠ ᠬᠡᠷᠡᠭᠵᠢᠭᠦᠯᠵᠦ᠂ ᠦᠶᠡᠷ ᠢ ᠰᠡᠷᠭᠡᠶᠢᠯᠡᠵᠦ ᠭᠠᠮᠰᠢᠭ ᠠᠴᠠ ᠠᠪᠤᠷᠠᠬᠤ ᠡᠯ᠎ᠡ ᠵᠦᠢᠯ ᠤᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠢ ᠭᠡᠵᠦ ᠱᠠᠭᠠᠷᠳᠠᠪᠠ᠃    ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃                                           ᠣᠷᠴᠢᠭᠤᠯᠤᠭᠴᠢ᠄ ᠭᠤᠸ᠎ᠠ                                       ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2