ᠡᠷᠬᠢᠴᠡᠬᠦᠯᠦᠯ ᠢᠶᠠᠷ ᠭᠤᠤᠯ ᠰᠡᠳᠦᠪ ᠪᠤᠯᠭᠠᠭᠰᠠᠨ ︽ᠰᠦᠯᠵᠢᠶᠡᠨ ᠤ ᠬᠠᠯᠠᠭᠤᠷᠠᠯ ᠤᠨ ᠬᠡᠲᠦ ᠳᠡᠯᠭᠡᠭᠦᠷ︾ ᠮᠠᠨ | ᠤ ᠬᠤᠳᠠ ᠶᠢᠨ ︽ᠤᠯᠠᠭᠠᠨᠴᠠᠪ ᠤᠨ ᠰᠥᠨᠢ︾ ᠶᠢᠨ ᠵᠡᠭᠡᠯᠢ ᠲᠣᠭᠤᠷᠢᠭ ᠲᠤ ᠦᠪᠡᠳᠡᠭᠰᠢ ᠶᠡᠬᠡᠪᠡᠷ ᠠᠵᠢᠯ ᠡᠬᠢᠯᠡᠭᠰᠡᠨ | ᠨᠢ᠂ ᠤᠯᠠᠭᠠᠨᠴᠠᠪ ᠤᠨ ︽ ᠰᠣᠶᠣᠯ ᠵᠢᠭᠤᠯᠴᠢᠯᠠᠯ ᠢᠶᠠᠷ ᠬᠠᠩᠭᠠᠨ ᠪᠣᠷᠣᠯᠠᠭᠤᠯᠬᠤ︾ ᠠᠵᠤ ᠦᠢᠯᠡᠰ ᠤᠨ | ᠬᠥᠭᠵᠢᠯᠲᠡ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠤᠨ ᠲᠦᠷᠭᠡᠨ ᠠᠭᠤᠰᠤᠯᠴᠠᠬᠤ ᠱᠠᠲᠤᠨ ᠳᠤ ᠣᠷᠣᠭᠰᠠᠨ ᠢ | ᠬᠠᠷᠠᠭᠤᠯᠵᠤ ᠪᠠᠶᠢᠨ᠎ᠠ᠃ ᠬᠡᠳᠦ ᠳᠡᠯᠭᠡᠭᠦᠷ ᠡᠬᠢᠯᠡᠵᠦ ᠡᠵᠡᠩᠨᠡᠭᠰᠡᠨ ᠠᠴᠠ ᠨᠠᠰᠢ᠂ ᠬᠠᠩᠭᠠᠨ ᠪᠣᠷᠣᠯᠠᠭᠤᠯᠬᠤ | ᠣᠨᠴᠠᠯᠢᠭ ᠢᠶᠠᠷ ᠪᠠᠶᠠᠯᠢᠭ᠂ ᠤᠯᠠᠭᠠᠨᠴᠠᠪ ᠤᠨ ᠣᠨᠴᠠᠯᠢᠭ ᠢ ᠢᠯᠡᠷᠡᠭᠦᠯᠦᠭᠰᠡᠨ ᠴᠢᠨᠠᠷ ᠰᠠᠶᠢᠲᠠᠶ ᠮᠠᠯ ᠤᠨ ᠠᠰᠢᠭ | ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠨᠢ ᠥᠷᠭᠡᠨ ᠣᠯᠠᠨ ᠵᠤᠭᠠᠴᠠᠭᠰᠠᠳ ᠪᠠ ᠬᠤᠲᠠ ᠶᠢᠨ ᠠᠷᠠᠳ ᠤᠨ | ᠬᠦᠷᠢᠶᠡᠯᠡᠯ ᠢ ᠣᠯᠵᠤ᠂ ᠡᠬᠢᠯᠡᠵᠦ ᠡᠵᠡᠩᠨᠡᠭᠰᠡᠨ ᠠᠴᠠ 7 ᠳ᠋ᠤᠭᠠᠷ ᠰᠠᠷ᠎ᠠ ᠶᠢᠨ 22 ᠤᠨ ᠡᠳᠦᠷ ᠪᠣᠯᠲᠠᠯ᠎ᠠ᠂ | ᠡᠵᠡᠩᠨᠡᠯᠲᠡ ᠶᠢᠨ ᠤᠷᠤᠯᠭ᠎ᠠ ᠨᠢ ᠨᠢᠭᠡᠨᠲᠡ 2 ᠲᠦᠮᠡ ᠭᠠᠷᠤᠶ ᠲᠥᠭᠦᠷᠢᠭ ᠲᠤ ᠬᠦᠷᠴᠡᠶ᠃ | ᠲᠠᠷᠠᠭᠠᠴᠢ ᠶᠢᠨ ᠠᠯᠬᠤᠮ ᠳᠤ᠂ ᠬᠤᠲᠠ ᠶᠢᠨ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠬᠢᠨ ︽ᠰᠣᠶᠣᠯ | ᠵᠢᠭᠤᠯᠴᠢᠯᠠᠯ ᠢᠶᠠᠷ ᠬᠠᠩᠭᠠᠨ ᠪᠣᠷᠣᠯᠠᠭᠤᠯᠬᠤ︾ ᠪᠥᠲᠥᠭᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠪᠥᠬᠦ | ᠬᠤᠲᠠ ᠶᠢᠨ ᠭᠤᠤᠯᠳᠠᠯᠭ᠎ᠠ ᠲᠠᠢ ᠰᠣᠶᠣᠯ ᠤᠨ ᠤᠷᠳᠤᠨ᠂ ᠵᠢᠭᠤᠯᠴᠢᠯᠠᠯ ᠤᠨ ᠦᠵᠡᠮᠵᠢ ᠶᠢᠨ ᠣᠷᠣᠨ ᠳᠤ ᠰᠣᠶᠣᠯ | ᠵᠢᠭᠤᠯᠴᠢᠯᠠᠯ ᠢᠶᠠᠷ ᠬᠠᠩᠭᠠᠨ ᠪᠣᠷᠣᠯᠠᠭᠤᠯᠬᠤ ᠶᠡᠷᠦᠩᠬᠡᠶᠢᠯᠡᠭᠰᠡᠨ ᠦᠢᠯᠡᠴᠢᠯᠡᠭᠡᠨ ᠤ ᠲᠣᠤᠷ ᠴᠡᠭ ᠢ ᠪᠠᠶᠢᠷᠢᠯᠠᠭᠤᠯᠵᠤ᠂ | ᠬᠠᠩᠭᠠᠨ ᠪᠣᠷᠣᠯᠠᠭᠤᠯᠬᠤ ᠣᠨᠴᠠᠯᠢᠭ ᠲᠠᠢ ᠰᠣᠶᠣᠯ ᠵᠢᠭᠤᠯᠴᠢᠯᠠᠯ ᠤᠨ ᠨᠠᠷᠠᠲᠤ ᠲᠥᠷᠥᠯ ᠲᠡᠮᠳᠡᠭᠲᠦ ᠶᠢᠨ | ᠪᠦᠲᠦᠭᠡᠭᠳᠡᠬᠦᠨ ᠢ ᠪᠣᠶ ᠪᠣᠯᠭᠠᠵᠤ᠂ ᠤᠨᠴᠠᠯᠢᠬᠳᠤ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ | ᠪᠣᠷᠣᠯᠠᠭᠤᠯᠭ᠎ᠠ ᠶᠢᠨ ᠰᠢᠨ᠎ᠡ ᠠᠷᠭ᠎ᠠ ᠵᠠᠮ ᠢ ᠲᠠᠰᠤᠷᠠᠯᠲᠠ ᠥᠬᠡᠶ ᠥᠷᠭᠡᠳᠬᠡᠵᠦ᠂ ︽ᠤᠤᠷ ᠠᠮᠳᠠᠳᠤ ᠤᠯᠠᠭᠠᠨᠴᠠᠪ︾ | ᠢ ᠪᠥᠬᠦ ᠤᠯᠤᠰ ᠤᠨ ᠵᠠᠬ᠎ᠠ ᠳᠡᠯᠭᠡᠭᠦᠷ ᠲᠤ ᠭᠠᠷᠭᠠᠬᠤ ᠶᠢ ᠠᠬᠢᠭᠤᠯᠵᠤ᠂ ᠬᠠᠩᠭᠠᠨ ᠪᠣᠷᠣᠯᠠᠭᠤᠯᠬᠤ ᠵᠢᠭᠤᠯᠴᠢᠯᠠᠯ ᠪᠠ | ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠪᠣᠷᠣᠯᠠᠭᠤᠯᠭ᠎ᠠ ᠶᠢ ᠳᠠᠶᠢᠴᠢᠯᠠᠬᠤ ︽ᠬᠤᠣᠰ ᠬᠠᠷᠠᠯᠳᠠ︾ | ᠶᠢ ᠪᠡᠶᠡᠯᠡᠭᠦᠯᠬᠦ ᠪᠠᠷ ᠴᠢᠷᠮᠠᠶᠢᠨ᠎ᠠ᠃ | | | | |