ᠵᠢᠨᠢᠩ ᠲᠣᠭᠤᠷᠢᠭ ᠤᠨ ᠬᠤᠲᠠ ᠶᠢᠨ ᠪᠡᠯᠡ ᠣᠷᠣᠭᠤᠯᠤᠯᠲᠠ ᠶᠢᠨ ᠺᠣᠮᠫᠠᠨᠢ ᠪᠣᠯᠤᠨ ᠥᠪᠥᠷ ᠮᠣᠩᠭᠤᠯ ᠤᠨ ᠱᠸᠦ ᠬᠠᠩ ᠵᠠᠭᠤᠴᠢᠯᠠᠭᠤᠷ ᠤᠨ ᠪᠦᠯᠦᠭᠯᠡᠯ ᠤᠨ ᠬᠢᠵᠠᠭᠠᠷᠲᠤ ᠺᠣᠮᠫᠠᠨᠢ ᠭᠡᠷ᠎ᠡ ᠲᠣᠭᠲᠠᠪᠠ
ᠨᠡᠶᠢᠲᠡᠯᠡᠭᠰᠡᠨ ᠴᠠᠭ᠄
2024/7/23
       7 ᠰᠠᠷ᠎ᠠ ᠶᠢᠨ 19 ᠤ ᠡᠳᠦᠷ ᠤᠨ ᠦᠳᠡ ᠶᠢᠨ ᠡᠮᠦᠨ᠎ᠡ᠂ ᠵᠢᠨᠢᠩ ᠲᠣᠭᠤᠷᠢᠭ ᠤᠨ ᠬᠤᠲᠠ ᠶᠢᠨ ᠪᠡᠯᠡ ᠣᠷᠣᠭᠤᠯᠤᠯᠲᠠ ᠶᠢᠨ ᠺᠣᠮᠫᠠᠨᠢ ᠪᠣᠯᠤᠨ ᠥᠪᠥᠷ ᠮᠣᠩᠭᠤᠯ ᠤᠨ ᠱᠸᠦ ᠬᠠᠩ ᠵᠠᠭᠤᠴᠢᠯᠠᠭᠤᠷ ᠤᠨ ᠪᠦᠯᠦᠭᠯᠡᠯ ᠤᠨ ᠬᠢᠵᠠᠭᠠᠷᠲᠤ ᠺᠣᠮᠫᠠᠨᠢ ᠭᠡᠷ᠎ᠡ ᠲᠣᠭᠲᠠᠬᠤ ᠶᠣᠰᠣᠯᠠᠯ ᠶᠠᠪᠤᠭᠤᠯᠪᠠ᠃    ᠭᠡᠷ᠎ᠡ ᠲᠣᠭᠲᠠᠬᠤ ᠶᠣᠰᠣᠯᠠᠯ ᠳᠡᠭᠡᠷ᠎ᠡ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠥᠪᠥᠷ ᠮᠣᠩᠭᠤᠯ ᠤᠨ ᠱᠸᠦ ᠬᠠᠩ ᠵᠠᠭᠤᠴᠢᠯᠠᠭᠤᠷ ᠤᠨ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠦᠨᠳᠦᠰᠦᠨ ᠪᠠᠶᠢᠳᠠᠯ ᠪᠣᠯᠤᠨ ᠭᠡᠷ᠎ᠡ ᠲᠣᠭᠲᠠᠬᠤ ᠲᠥᠷᠥᠯ ᠵᠦᠢᠯ ᠤᠨ ᠲᠦᠢᠮᠣ ᠪᠠᠶᠢᠳᠠᠯ ᠢ ᠨᠠᠷᠢᠨ ᠲᠠᠨᠢᠯᠴᠠᠭᠤᠯᠪᠠ᠃ ᠲᠣᠭᠤᠷᠢᠭ ᠤᠨ ᠬᠤᠲᠠ ᠶᠢᠨ ᠪᠠᠯᠠ ᠣᠷᠣᠭᠤᠯᠤᠯᠲᠠ ᠶᠢᠨ ᠺᠣᠮᠫᠠᠨᠢ ᠶᠢᠨ ᠬᠠᠷᠢᠭᠤᠴᠠᠯᠭᠠᠲᠠᠨ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠢ ᠬᠠᠮᠲᠤᠪᠡᠷ ︽ᠥᠪᠥᠷ ᠮᠣᠩᠭᠤᠯ ᠤᠨ ᠬᠤᠲᠠ ᠶᠢᠨ ᠮᠦᠸᠧ ᠹᠠᠩ ᠬᠤᠳᠠᠯᠳᠤᠭᠠᠨ ᠤ ᠲᠥᠷᠥᠯ ᠵᠦᠢᠯ ᠤᠨ ᠬᠠᠮᠲᠤᠷᠠᠯᠴᠠᠭᠠᠨ ᠤ ᠵᠥᠪᠯᠡᠯᠴᠡᠭᠡᠷ︾ ᠲᠤ ᠭᠠᠷ ᠤᠨ ᠥᠰᠥᠭ ᠵᠢᠷᠤᠪᠠ᠃    ᠥᠪᠥᠷ ᠮᠣᠩᠭᠤᠯ ᠤᠨ ᠱᠸᠦ ᠬᠠᠩ ᠵᠠᠭᠤᠴᠢᠯᠠᠭᠤᠷ ᠤᠨ ᠪᠦᠯᠦᠭᠯᠡᠯ ᠤᠨ ᠬᠢᠵᠠᠭᠠᠷᠲᠤ ᠺᠣᠮᠫᠠᠨᠢ ᠪᠠᠷᠤᠭ 2.4 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ ᠵᠢᠨᠢᠩ ᠲᠣᠭᠤᠷᠢᠭ ᠲᠤ ᠶᠡᠷᠦᠩᠬᠡᠢ ᠲᠠᠯᠠᠪᠠᠢ ᠪᠠᠷᠤᠭ 197 ᠮᠦ ᠬᠤᠳᠠ ᠶᠢᠨ ᠮᠦᠸᠧ ᠹᠠᠩ ᠴᠢᠩᠭᠡᠯᠢᠭ ᠤᠨ ᠵᠡᠭᠡᠯᠢ ᠲᠣᠭᠤᠷᠢᠭ ᠪᠣᠯᠤᠨ ᠮᠣᠷᠢᠨ ᠮᠡᠷᠭᠡᠵᠢᠯ ᠤᠨ ᠲᠣᠭᠯᠠᠯᠲᠠ ᠶᠢᠨ ᠲᠥᠪ ᠢ ᠪᠦᠲᠦᠭᠡᠨ ᠪᠠᠶᠢᠭᠤᠯᠵᠤ᠂ ᠬᠤᠳᠠᠯᠳᠤᠭᠠᠴᠢᠯᠠᠨ ᠠᠵᠢᠯᠯᠠᠭᠤᠯᠤᠨ᠎ᠠ᠃               ᠤᠷᠴᠢᠭᠤᠯᠤᠭᠴᠢ᠄ ᠬᠦᠰᠡᠯ               ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2