| ᠤᠯᠠᠭᠠᠨᠴᠠᠪ ᠵᠠᠰᠠᠭ ᠠᠯᠪᠠᠨ ᠲᠠᠷᠬᠠᠭᠠᠭᠰᠠᠨ ﹇2024﹈ 12 ᠳ᠋ᠤᠭᠠᠷ ᠲᠣᠭᠠᠲᠤ | | ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠰᠢᠭᠤᠳ | ᠬᠠᠷᠢᠶ᠎ᠠ ᠡᠯ᠎ᠡ ᠵᠥᠪᠯᠡᠯ᠂ ᠠᠯᠪᠠᠨ ᠭᠡᠷ᠂ ᠲᠣᠪᠴᠢᠶ᠎ᠠ᠂ ᠡᠯ᠎ᠡ ᠠᠵᠤ ᠠᠬᠤᠶᠢᠯᠠᠯ ᠠᠵᠢᠯ ᠦᠢᠯᠡᠰ ᠤᠨ ᠨᠢᠬᠡᠴᠢ ᠳᠤ᠄ | ︽ᠤᠯᠠᠭᠠᠨᠴᠠᠪ ᠬᠤᠲᠠ ᠶᠢᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠱᠠᠩᠨᠠᠨ ᠳᠤᠰᠠᠯᠠᠬᠤ | ᠠᠷᠭ᠎ᠠ ︵ᠵᠠᠰᠠᠪᠤᠷᠢ ᠣᠷᠣᠭᠤᠯᠤᠭᠰᠠᠨ ᠬᠡᠪᠯᠡᠯ︶︾ ᠶᠢ ᠨᠢᠭᠡᠨᠲᠡ ᠬᠤᠲᠠ ᠶᠢᠨ ᠠᠷᠠᠳ ᠤᠨ ᠵᠠᠰᠠᠭ ᠤᠨ ᠣᠷᠳᠣᠨ ᠤ | 2024 ᠣᠨ ᠤ 6 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠢᠶᠠᠷ ᠬᠢᠨᠠᠨ ᠵᠥᠪᠯᠡᠵᠦ ᠪᠠᠲᠤᠯᠠᠭᠠᠳ᠂ ᠡᠳᠦᠭᠡ | ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠬᠢᠨᠠᠮᠠᠭᠠᠶ ᠳᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠶ᠃ | 2024 ᠣᠨ ᠤ 3 ᠰᠠᠷ᠎ᠠ ᠶᠢᠨ 29 ᠤ ᠡᠳᠦᠷ | ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶ | | ᠤᠯᠠᠭᠠᠨᠴᠠᠪ ᠬᠤᠲᠠ ᠶᠢᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠱᠠᠩᠨᠠᠵᠤ ᠲᠤᠰᠠᠯᠠᠬᠤ ᠠᠷᠭ᠎ᠠ | ︵ᠵᠠᠰᠠᠪᠤᠷᠢ ᠣᠷᠣᠭᠤᠯᠤᠭᠰᠠᠨ ᠬᠡᠪᠯᠡᠯ︶ | ᠨᠢᠭᠡᠳᠦᠭᠡᠷ ᠪᠦᠯᠦᠭ ᠶᠡᠷᠦᠩᠬᠡᠢ ᠳᠦᠷᠢᠮ | ᠨᠢᠭᠡᠳᠦᠭᠡᠷ ᠵᠦᠢᠯ ︽ᠰᠢᠨ᠎ᠡ ᠪᠠᠶᠢᠳᠠᠯ ᠳᠣᠣᠷ᠎ᠠ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ | ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠬᠦ ᠲᠤᠬᠠᠢ ᠲᠥᠷᠥ ᠶᠢᠨ ᠶᠠᠪᠤᠳᠠᠯ ᠤᠨ | ᠬᠤᠷᠢᠶ᠎ᠠ ᠶᠢᠨ ᠰᠠᠨᠠᠯ ᠤᠳ︾᠂ ︽ᠲᠠᠸᠠᠷ ᠤᠨ ᠲᠡᠮᠳᠡᠭ ᠤᠨ ᠨᠡᠷᠡᠲᠦ ᠲᠡᠮᠳᠡᠭᠲᠦ ᠶᠢᠨ ᠪᠠᠶᠢᠯᠳᠤᠬᠤ ᠪᠣᠳᠣᠯᠭ᠎ᠠ ᠶᠢ | ᠤᠯᠠᠮ ᠨᠢᠭᠡ ᠠᠯᠬᠤᠮ ᠬᠡᠷᠡᠭᠵᠢᠭᠦᠯᠬᠦ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠤ ᠰᠠᠨᠠᠯ ᠤᠳ︾ ᠤᠨ ᠵᠣᠷᠢᠭ ᠰᠠᠨᠠᠭ᠎ᠠ ᠶᠢ ᠭᠦᠨᠵᠡᠭᠡᠢ ᠳᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ | ᠪᠤᠢ ᠪᠣᠯᠭᠠᠬᠤ ᠠᠵᠢᠯ ᠤᠨ ᠭᠤᠣᠯ ᠰᠢᠵᠢᠮ ᠢ ᠪᠠᠲᠤ ᠡᠵᠡᠮᠳᠡᠵᠦ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ | ᠡᠷᠬᠡ ᠶᠢᠨ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠶᠢ ᠠᠬᠢᠭᠤᠯᠵᠤ᠂ ᠮᠡᠳᠡᠯᠭᠡ ᠶᠢᠨ ᠪᠦᠲᠦᠭᠡᠭᠳᠡᠬᠦᠨ ᠤ | ᠥᠮᠴᠢᠯᠡᠬᠦ ᠡᠷᠬᠡ ᠶᠢᠨ ᠡᠭᠦᠳᠦᠨ ᠪᠦᠲᠦᠭᠡᠬᠦ᠂ ᠬᠡᠷᠡᠭᠯᠡᠬᠦ᠂ ᠬᠠᠮᠠᠭᠠᠯᠠᠬᠤ᠂ ᠬᠠᠮᠢᠶᠠᠷᠬᠤ ᠪᠠ ᠦᠢᠯᠡᠴᠢᠯᠡᠬᠦ | ᠴᠢᠳᠠᠪᠤᠷᠢ ᠶᠢ ᠶᠡᠬᠡᠪᠡᠷ ᠳᠡᠭᠡᠭᠰᠢᠯᠡᠭᠦᠯᠵᠦ᠂ ᠰᠢᠨ᠎ᠡ ᠶᠢ ᠡᠭᠦᠳᠴᠦ ᠦᠢᠯᠡᠰ ᠪᠤᠰᠬᠠᠬᠤ ᠣᠷᠴᠢᠨ ᠲᠣᠭᠤᠷᠢᠨ ᠢ ᠤᠯᠠᠮ | ᠨᠢᠭᠡ ᠠᠯᠬᠤᠮ ᠰᠢᠯᠢᠳᠡᠭᠵᠢᠭᠦᠯᠦᠨ᠂ ᠤᠯᠠᠭᠠᠨᠴᠠᠪ ᠬᠤᠲᠠ ᠶᠢᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢ | ᠠᠬᠢᠭᠤᠯᠬᠤ ᠶᠢᠨ ᠲᠤᠰᠠᠳᠠ᠂ ᠮᠠᠨ ᠤ ᠬᠤᠲᠠ ᠶᠢᠨ ᠪᠣᠳᠠᠲᠠᠢ ᠲᠠᠢ ᠪᠠᠨ ᠤᠶᠠᠯᠳᠤᠭᠤᠯᠵᠤ᠂ ︽ᠤᠯᠠᠭᠠᠨᠴᠠᠪ | ᠬᠤᠲᠠ ᠶᠢᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠱᠠᠩᠨᠠᠵᠤ ᠲᠤᠰᠠᠯᠠᠬᠤ ᠠᠷᠭ᠎ᠠ ︵ᠵᠠᠰᠠᠪᠤᠷᠢ | ᠣᠷᠣᠭᠤᠯᠤᠭᠰᠠᠨ ᠬᠡᠪᠯᠡᠯ︶︾ ︵ᠳᠣᠷᠣᠭᠰᠢ ︽ᠠᠷᠭ᠎ᠠ︾ ᠭᠡᠵᠦ ᠲᠣᠪᠴᠢᠯᠠᠨ᠎ᠠ︶ ᠶᠢ ᠲᠣᠭᠲᠠᠭᠠᠪᠠ᠃ | ᠬᠤᠶᠠᠳᠤᠭᠠᠷ ᠵᠦᠢᠯ ︽ᠠᠷᠭ᠎ᠠ︾ ᠳᠤ ᠵᠢᠭᠠᠵᠤ ᠪᠠᠶᠢᠭ᠎ᠠ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ | ᠡᠷᠬᠡ ᠶᠢᠨ ᠱᠠᠩᠨᠠᠵᠤ ᠲᠤᠰᠠᠯᠠᠬᠤ ᠳᠤ ᠲᠠᠸᠠᠷ ᠤᠨ ᠲᠡᠮᠳᠡᠭ ᠪᠠ ᠭᠠᠵᠠᠷ ᠵᠦᠶ ᠶᠢᠨ ᠲᠡᠮᠳᠡᠭ ᠢ ᠬᠠᠮᠠᠭᠠᠯᠠᠬᠤ | ᠪᠦᠲᠦᠭᠡᠭᠳᠡᠬᠦᠨ ᠤ ᠬᠡᠷᠡᠭᠯᠡᠯᠲᠡ ᠶᠢ ᠠᠬᠢᠭᠤᠯᠬᠤ ᠳᠤ ᠱᠠᠩᠨᠠᠬᠤ᠂ ᠰᠢᠨ᠎ᠡ ᠶᠢ ᠡᠭᠦᠳᠬᠦ ᠭᠤᠤᠯ ᠴᠣᠭᠴᠠ ᠶᠢᠨ | ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠠᠬᠢᠭᠤᠯᠬᠤ ᠠᠵᠢᠯ ᠤᠨ ᠱᠠᠩᠨᠠᠯ᠂ ︽ᠮᠣᠩᠭᠤᠯ︾ | ᠥᠰᠥᠭᠳᠤ ᠲᠡᠮᠳᠡᠭ ᠤᠨ ᠭᠡᠷᠡᠴᠢᠯᠡᠯ ᠤᠨ ᠱᠠᠩᠨᠠᠯ ᠵᠡᠷᠭᠡ ᠪᠠᠭᠲᠠᠨ᠎ᠠ᠃ | ᠭᠤᠷᠪᠠᠳᠤᠭᠠᠷ ᠵᠦᠢᠯ ︽ᠠᠷᠭ᠎ᠠ︾ ᠳᠤ ᠬᠡᠷᠡᠭᠯᠡᠭᠰᠡᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ | ᠱᠠᠩᠨᠠᠨ ᠳᠤᠰᠠᠯᠠᠬᠤ ᠵᠠᠷᠤᠳᠠᠯ ᠢ ᠬᠤᠲᠠ ᠶᠢᠨ ᠲᠣᠰ ᠱᠠᠲᠤᠨ ᠤ ᠡᠳ᠋ ᠤᠨ ᠵᠠᠰᠠᠭ ᠤᠨ ᠲᠥᠰᠦᠪ ᠲᠤ ᠣᠷᠣᠭᠤᠯᠤᠨ᠎ᠠ᠃ | ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠪᠣᠯ ᠤᠯᠠᠭᠠᠨᠴᠠᠪ ᠬᠤᠲᠠ ᠶᠢᠨ | ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠱᠠᠩᠨᠠᠵᠤ ᠲᠤᠰᠠᠯᠠᠬᠤ ᠵᠠᠷᠤᠳᠠᠯ ᠤᠨ ᠬᠠᠮᠢᠶᠠᠷᠤᠯᠲᠠ ᠶᠢᠨ | ᠰᠠᠯᠠᠭ᠎ᠠ ᠮᠥᠴᠢᠷ ᠪᠣᠯᠤᠨ᠎ᠠ᠃ | ᠳᠥᠷᠪᠡᠳᠦᠭᠡᠷ ᠵᠦᠢᠯ ᠤᠯᠠᠭᠠᠨᠴᠠᠪ ᠬᠤᠲᠠ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠬᠠᠷᠢᠶ᠎ᠠ ᠣᠷᠣᠨ ᠳᠤ | ᠬᠠᠤᠯᠢ ᠶᠣᠰᠣᠭᠠᠷ ᠦᠢᠯᠡᠳᠪᠦᠷᠢᠯᠡᠯ ᠡᠵᠡᠩᠨᠡᠯᠲᠡ ᠶᠢᠨ ᠠᠵᠢᠯᠯᠠᠭ᠎ᠠ ᠥᠷᠨᠢᠭᠦᠯᠦᠭᠰᠡᠨ ᠡᠯ᠎ᠡ ᠲᠥᠷᠥᠯ ᠤᠨ ᠭᠤᠤᠯ | ᠴᠣᠭᠴᠠ ᠨᠢ ᠲᠣᠰ ︽ᠠᠷᠭ᠎ᠠ︾ ᠶᠢ ᠦᠨᠳᠦᠰᠦᠯᠡᠨ ᠭᠤᠶᠤᠴᠢᠯᠠᠯ ᠭᠠᠷᠭᠠᠵᠤ ᠪᠣᠯᠤᠨ᠎ᠠ᠃ | ᠬᠤᠶᠠᠳᠤᠭᠠᠷ ᠪᠦᠯᠦᠭ ᠱᠠᠩᠨᠠᠵᠤ ᠲᠤᠰᠠᠯᠠᠬᠤ ᠬᠡᠪᠴᠢᠶ᠎ᠡ ᠪᠣᠯᠤᠨ ᠲᠤᠭ᠎ᠠ ᠬᠡᠮᠵᠢᠶ᠎ᠡ | ᠲᠠᠪᠤᠳᠤᠭᠠᠷ ᠵᠦᠢᠯ ᠲᠠᠸᠠᠷ ᠤᠨ ᠲᠡᠮᠳᠡᠭ ᠪᠠ ᠭᠠᠵᠠᠷ ᠵᠦᠢ ᠶᠢᠨ ᠲᠡᠮᠳᠡᠭ ᠲᠠᠢ ᠬᠠᠮᠠᠭᠠᠯᠠᠯᠲᠠ ᠶᠢᠨ | ᠪᠦᠲᠦᠭᠡᠭᠳᠡᠬᠦᠨ ᠢ ᠬᠡᠷᠡᠭᠯᠡᠬᠦ ᠶᠢ ᠠᠬᠢᠭᠤᠯᠬᠤ ᠱᠠᠩᠨᠠᠯ | ᠭᠠᠵᠠᠷ ᠵᠦᠶ ᠶᠢᠨ ᠲᠡᠮᠳᠡᠭ ᠲᠠᠢ ᠲᠠᠸᠠᠷ ᠤᠨ ᠲᠡᠮᠳᠡᠭ ᠤᠨ ᠱᠠᠩᠨᠠᠯ᠂ ᠮᠠᠳ᠋ᠷᠢᠳ᠋ ᠤᠨ ᠣᠯᠠᠨ ᠤᠯᠤᠰ ᠤᠨ | ᠲᠠᠸᠠᠷ ᠤᠨ ᠲᠡᠮᠳᠡᠭ ᠢ ᠳᠠᠩᠰᠠᠯᠠᠭᠤᠯᠤᠭᠰᠠᠨ ᠱᠠᠩᠨᠠᠯ᠂ ᠭᠠᠵᠠᠷ ᠵᠦᠶ ᠶᠢᠨ ᠲᠡᠮᠳᠡᠭ ᠲᠠᠢ ᠬᠠᠮᠠᠭᠠᠯᠠᠯᠲᠠ ᠶᠢᠨ | ᠪᠦᠲᠦᠭᠡᠭᠳᠡᠬᠦᠨ ᠤ ᠱᠠᠩᠨᠠᠯ ᠢ ᠪᠠᠭᠲᠠᠭᠠᠨ᠎ᠠ᠃ | ︵ᠨᠢᠭᠡ︶ ᠭᠠᠵᠠᠷ ᠵᠦᠢ ᠶᠢᠨ ᠲᠡᠮᠳᠡᠭ ᠲᠠᠢ ᠲᠠᠸᠠᠷ ᠤᠨ ᠲᠡᠮᠳᠡᠭ ᠤᠨ ᠱᠠᠩᠨᠠᠯ | ᠰᠢᠨ᠎ᠡ ᠪᠠᠷ ᠳᠠᠩᠰᠠᠯᠠᠭᠤᠯᠤᠭᠰᠠᠨ ᠭᠠᠵᠠᠷ ᠵᠦᠶ ᠶᠢᠨ ᠲᠡᠮᠳᠡᠭ ᠤᠨ ᠭᠡᠷᠡᠴᠢ ︵ᠬᠠᠮᠲᠤ ᠨᠡᠶᠢᠲᠡ︶ ᠶᠢᠨ | ᠲᠠᠸᠠᠷ ᠤᠨ ᠲᠡᠮᠳᠡᠭ ᠢ ᠳᠠᠩᠰᠠᠯᠠᠭᠤᠯᠤᠭᠰᠠᠨ ᠣᠷᠣᠨ ᠪᠦᠰᠡ ᠳᠤ ᠬᠡᠷᠡᠭᠯᠡᠬᠦ ᠶᠢᠨ ᠬᠠᠮᠲᠤ ᠰᠠᠶᠢᠨ ᠦᠷ᠎ᠡ ᠪᠦᠲᠦᠮᠵᠢ | ᠣᠯᠤᠭᠰᠠᠨ ᠪᠠᠶᠢᠪᠠᠯ᠂ ᠵᠦᠢᠯ ᠪᠦᠷᠢ ᠳᠤ 50 ᠲᠦᠮᠡᠨ ᠲᠥᠭᠦᠷᠢᠭ ᠤᠨ ᠱᠠᠩᠨᠠᠯ ᠣᠯᠭᠤᠨ᠎ᠠ᠃ | ︵ᠬᠤᠶᠠᠷ︶ ᠮᠠᠳ᠋ᠷᠢᠳ᠋ ᠤᠨ ᠲᠠᠸᠠᠷ ᠤᠨ ᠲᠡᠮᠳᠡᠭ ᠤᠨ ᠤᠯᠠᠨ ᠤᠯᠤᠰ ᠤᠨ ᠲᠠᠩᠰᠠᠯᠠᠭᠤᠯᠤᠭᠰᠠᠨ ᠱᠠᠩᠨᠠᠯ | ᠮᠠᠳ᠋ᠷᠢᠳ᠋ ᠤᠨ ᠰᠢᠰᠲ᠋ᠧᠮ ᠢᠶᠠᠷ ᠳᠠᠮᠵᠢᠭᠤᠯᠤᠨ ᠳᠠᠩᠰᠠᠯᠠᠭᠤᠯᠤᠭᠰᠠᠨ ᠲᠠᠸᠠᠷ ᠤᠨ ᠲᠡᠮᠳᠡᠭ ᠢ ᠰᠢᠨ᠎ᠡ ᠪᠠᠷ | ᠣᠯᠤᠭᠰᠠᠨ ᠳᠤ᠂ ᠤᠯᠤᠰ ︵ᠭᠠᠵᠠᠷ ᠣᠷᠣᠨ︶ ᠨᠢᠭᠡᠪᠦᠷᠢ ᠳᠤ 1 ᠲᠦᠮᠡᠨ ᠲᠥᠭᠦᠷᠢᠭ ᠤᠨ ᠱᠠᠩᠨᠠᠯ ᠣᠯᠭᠤᠵᠤ᠂ | ᠠᠳᠠᠯᠢ ᠨᠢᠭᠡᠨ ᠲᠠᠸᠠᠷ ᠤᠨ ᠲᠡᠮᠳᠡᠭ ᠢ ᠬᠠᠮᠤᠭ ᠤᠨ ᠠᠷᠪᠢᠨ ᠳᠠᠭᠠᠨ 5 ᠲᠦᠮᠡᠨ ᠲᠥᠭᠦᠷᠢᠭ ᠤᠨ ᠱᠠᠩᠨᠠᠯ ᠣᠯᠵᠤ | ᠪᠣᠯᠤᠨ᠎ᠠ᠃ | ︵ᠭᠤᠷᠪᠠ︶ ᠭᠠᠵᠠᠷ ᠵᠦᠢ ᠶᠢᠨ ᠲᠡᠮᠳᠡᠭ ᠲᠠᠢ ᠬᠠᠮᠠᠭᠠᠯᠠᠯᠲᠠ ᠶᠢᠨ ᠦᠢᠯᠡᠳᠭᠦᠨ ᠤ ᠱᠠᠩᠨᠠᠯ | ᠰᠢᠨ᠎ᠡ ᠪᠠᠷ ᠣᠯᠤᠭᠰᠠᠨ ᠭᠠᠵᠠᠷ ᠵᠦᠶ ᠶᠢᠨ ᠲᠡᠮᠳᠡᠭ ᠲᠠᠢ ᠬᠠᠮᠠᠭᠠᠯᠠᠯᠲᠠ ᠶᠢᠨ ᠪᠦᠲᠦᠭᠡᠭᠳᠡᠬᠦᠨ ᠳᠤ᠂ | ᠳᠠᠩᠰᠠᠯᠠᠭᠤᠯᠤᠭᠰᠠᠨ ᠣᠷᠣᠨ ᠪᠦᠰᠡ ᠳᠤ ᠬᠡᠷᠡᠭᠯᠡᠬᠦ ᠶᠢᠨ ᠬᠠᠮᠲᠤ ᠰᠠᠶᠢᠨ ᠦᠷ᠎ᠡ ᠪᠦᠲᠦᠮᠵᠢ ᠣᠯᠤᠭᠰᠠᠨ ᠪᠠᠶᠢᠪᠠᠯ᠂ | ᠰᠢᠷᠬᠡᠭ ᠪᠦᠷᠢ ᠳᠤ 50 ᠲᠦᠮᠡᠨ ᠲᠥᠭᠦᠷᠢᠭ ᠤᠨ ᠱᠠᠩᠨᠠᠯ ᠣᠯᠭᠤᠨ᠎ᠠ᠃ | ᠵᠢᠷᠭᠤᠳᠤᠭᠠᠷ ᠵᠦᠢᠯ ᠰᠢᠨ᠎ᠡ ᠶᠢ ᠡᠭᠦᠳᠬᠦ ᠭᠤᠣᠯ ᠴᠣᠭᠴᠠ ᠶᠢᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ | ᠡᠷᠬᠡ ᠶᠢᠨ ᠠᠵᠢᠯ ᠢ ᠠᠬᠢᠭᠤᠯᠬᠤ ᠱᠠᠩᠨᠠᠨ ᠲᠤᠰᠠᠯᠠᠬᠤ | ᠡᠭᠦᠨ ᠳᠤ ᠪᠠᠷᠢᠮᠵᠢᠶ᠎ᠠ ᠶᠢ ᠭᠡᠷᠡᠴᠢᠯᠡᠬᠦ ᠪᠠᠷ ᠳᠠᠮᠵᠢᠨ ᠲᠤᠰᠠᠯᠠᠬᠤ᠂ ᠤᠯᠤᠰ ᠪᠠ ᠥᠪᠡᠷᠲᠡᠭᠡᠨ ᠵᠠᠰᠠᠬᠤ | ᠣᠷᠣᠨ ᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠪᠠᠷ ᠰᠢᠶᠠᠨ ᠢ ᠬᠦᠴᠦᠷᠬᠡᠭᠵᠢᠭᠦᠯᠬᠦ ᠢᠨᠵᠧᠨᠧᠷᠢᠩ ᠢ | ᠲᠤᠰᠠᠯᠠᠬᠤ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠤᠯᠠᠮᠵᠢᠯᠠᠯᠲᠤ ᠮᠡᠳᠡᠯᠭᠡ ᠶᠢᠨ ᠪᠦᠲᠦᠭᠡᠭᠳᠡᠬᠦᠨ ᠤ | ᠥᠮᠴᠢᠯᠡᠬᠦ ᠡᠷᠬᠡ ᠶᠢᠨ ᠬᠠᠮᠠᠭᠠᠯᠠᠯᠲᠠ ᠶᠢᠨ ᠲᠤᠷᠰᠢᠯᠲᠠ ᠶᠢᠨ ᠰᠢᠶᠠᠨ ᠢ ᠲᠤᠰᠠᠯᠠᠬᠤ᠂ ᠤᠯᠤᠰ ᠪᠠ ᠥᠪᠡᠷᠲᠡᠭᠡᠨ | ᠵᠠᠰᠠᠬᠤ ᠣᠷᠣᠨ ᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠵᠢᠱᠢᠶ᠎ᠡ ᠦᠵᠡᠭᠦᠯᠬᠦ ᠳᠠᠪᠠᠭᠤᠯᠢᠭ ᠠᠵᠤ | ᠠᠬᠤᠶᠢᠯᠠᠯ ᠢ ᠲᠤᠰᠠᠯᠠᠬᠤ᠂ ᠠᠵᠤ ᠠᠬᠤᠶᠢᠯᠠᠯ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ | ᠡᠷᠬᠡ ᠪᠠᠨ ᠬᠠᠮᠠᠭᠠᠯᠠᠬᠤ ᠶᠢ ᠨᠠᠶᠢᠳᠠᠨ ᠬᠠᠮᠢᠶᠠᠷᠤᠭᠤᠯᠬᠤ ᠠᠵᠢᠯ ᠢ ᠲᠤᠰᠠᠯᠠᠬᠤ᠂ ᠮᠡᠳᠡᠯᠭᠡ ᠶᠢᠨ ᠪᠦᠲᠦᠭᠡᠭᠳᠡᠬᠦᠨ ᠤ | ᠥᠮᠴᠢᠯᠡᠬᠦ ᠡᠷᠬᠡ ᠶᠢᠨ ᠬᠠᠮᠠᠭᠠᠯᠠᠯᠲᠠ ᠶᠢ ᠵᠢᠷᠤᠮᠵᠢᠭᠤᠯᠤᠨ ᠪᠤᠶᠢᠵᠢᠭᠤᠯᠬᠤ ᠵᠠᠬ᠎ᠠ ᠳᠡᠯᠭᠡᠭᠦᠷ ᠢ ᠲᠤᠰᠠᠯᠠᠬᠤ᠂ ᠲᠤᠰᠬᠠᠢ | ᠠᠰᠢᠭ ︵ᠭᠠᠳᠠᠷ ᠳᠦᠷᠰᠦ ᠶᠢᠨ ᠵᠢᠷᠤᠭ ᠲᠥᠯᠥᠪᠯᠡᠭᠡ ᠶᠢ ᠪᠠᠭᠲᠠᠭᠠᠨ᠎ᠠ︶ ᠤᠨ ᠱᠠᠩᠨᠠᠯ᠂ ᠤᠯᠤᠰ ᠪᠠ ᠥᠪᠡᠷᠲᠡᠭᠡᠨ | ᠵᠠᠰᠠᠬᠤ ᠣᠷᠣᠨ ᠤ ᠳᠤᠮᠳᠠᠳᠤ ᠪᠠᠭ᠎ᠠ ᠰᠤᠷᠭᠠᠭᠤᠯᠢ ᠶᠢᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ | ᠰᠤᠷᠭᠠᠨ ᠬᠥᠮᠦᠵᠢᠯ ᠤᠨ ᠲᠤᠷᠰᠢᠯᠲᠠ ᠶᠢᠨ ᠴᠡᠭ ᠤᠨ ᠵᠢᠱᠢᠶ᠎ᠡ ᠦᠵᠡᠭᠦᠯᠬᠦ ᠰᠤᠷᠭᠠᠭᠤᠯᠢ ᠶᠢ ᠵᠣᠭᠤᠰ ᠢᠶᠠᠷ | ᠲᠤᠰᠠᠯᠠᠬᠤ᠂ ᠤᠯᠤᠰ ᠤᠨ ᠪᠠ ᠥᠪᠡᠷᠲᠡᠭᠡᠨ ᠵᠠᠰᠠᠬᠤ ᠣᠷᠣᠨ ᠤ ᠳᠤᠮᠳᠠᠳᠤ ᠪᠠᠭ᠎ᠠ ᠰᠤᠷᠭᠠᠭᠤᠯᠢ ᠶᠢᠨ ᠮᠡᠳᠡᠯᠭᠡ ᠶᠢᠨ | ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠰᠤᠷᠭᠠᠨ ᠬᠥᠮᠦᠵᠢᠯ ᠤᠨ ᠲᠤᠷᠰᠢᠯᠲᠠ ᠶᠢᠨ ᠴᠡᠭ ᠤᠨ ᠵᠢᠱᠢᠶ᠎ᠡ ᠦᠵᠡᠭᠦᠯᠬᠦ | ᠰᠤᠷᠭᠠᠭᠤᠯᠢ ᠶᠢ ᠵᠣᠭᠤᠰ ᠢᠶᠠᠷ ᠲᠤᠰᠠᠯᠠᠬᠤ ᠵᠡᠷᠭᠡ ᠪᠠᠭᠲᠠᠨ᠎ᠠ᠃ | ︵ᠨᠢᠭᠡ︶ ᠪᠠᠷᠢᠮᠵᠢᠶ᠎ᠠ ᠶᠢ ᠭᠡᠷᠡᠴᠢᠯᠡᠭᠰᠡᠨ ᠲᠤᠰᠠᠯᠠᠮᠵᠢ | ᠰᠢᠨ᠎ᠡ ᠪᠠᠷ ᠥᠩᠭᠡᠷᠡᠭᠦᠯᠦᠭᠰᠡᠨ ︽ᠠᠵᠤ ᠠᠬᠤᠶᠢᠯᠠᠯ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ | ᠡᠷᠬᠡ ᠶᠢᠨ ᠲᠣᠭᠲᠠᠭᠠᠯ ᠳᠤ ᠨᠡᠶᠢᠴᠡᠬᠦ ᠬᠠᠮᠢᠶᠠᠷᠤᠯᠲᠠ ᠶᠢᠨ ᠰᠢᠰᠲ᠋ᠧᠮᠵᠢ ᠶᠢᠨ ᠱᠠᠭᠠᠷᠳᠠᠯᠭ᠎ᠠ︾ ︵ | GB/T29490- 2023︶᠂ ︽ᠳᠡᠭᠡᠳᠦ ᠵᠡᠷᠭᠡ ᠶᠢᠨ ᠰᠤᠷᠭᠠᠭᠤᠯᠢ ᠶᠢᠨ ᠮᠡᠳᠡᠯᠭᠡ ᠶᠢᠨ ᠪᠦᠲᠦᠭᠡᠭᠳᠡᠬᠦᠨ ᠤ | ᠥᠮᠴᠢᠯᠡᠬᠦ ᠡᠷᠬᠡ ᠶᠢᠨ ᠬᠠᠮᠢᠶᠠᠷᠤᠯᠲᠠ ᠶᠢᠨ ᠵᠢᠷᠤᠮᠵᠢᠯ︾ ︵GB/T3325-2016︶᠂ ︽ᠰᠢᠨᠵᠢᠯᠡᠬᠦ | ᠤᠬᠠᠭᠠᠨ ᠤ ᠰᠤᠳᠤᠯᠭᠠᠨ ᠤ ᠵᠣᠬᠢᠶᠠᠨ ᠪᠠᠶᠢᠭᠤᠯᠤᠯᠲᠠ ᠶᠢᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ | ᠬᠠᠮᠢᠶᠠᠷᠤᠯᠲᠠ ᠶᠢᠨ ᠵᠢᠷᠤᠮᠵᠢᠯ︾ ︵GB/T33250 - 2016︶᠂ ︽ᠰᠢᠨ᠎ᠡ ᠶᠢ ᠡᠭᠦᠳᠬᠦ ᠬᠠᠮᠢᠶᠠᠷᠤᠯᠲᠠ | — ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠢᠶᠠᠷᠤᠯᠲᠠ ᠶᠢᠨ ᠵᠦᠭᠯᠡᠭᠦᠷ ︵ISO56005 | ︶︾ ᠤᠨ ᠭᠡᠷᠡᠴᠢᠯᠡᠯ ᠤᠨ ᠠᠵᠤ ᠠᠬᠤᠶᠢᠯᠠᠯ᠂ ᠳᠡᠭᠡᠳᠦ ᠵᠡᠷᠭᠡ ᠶᠢᠨ ᠬᠦᠷᠢᠶᠡᠯᠡᠩ ᠭᠠᠵᠠᠷ ᠪᠠ ᠰᠢᠨᠵᠢᠯᠡᠬᠦ ᠤᠬᠠᠭᠠᠨ ᠤ | ᠰᠤᠳᠤᠯᠭᠠᠨ ᠤ ᠬᠦᠷᠢᠶᠡᠯᠡᠩ ᠭᠠᠵᠠᠷ ᠲᠤ ᠨᠢᠭᠡ ᠯᠡ ᠤᠳᠠᠭᠠᠨ ᠤ ᠴᠢᠨᠠᠷᠲᠠᠶ ᠲᠤᠰᠠᠯᠠᠮᠵᠢ ᠣᠯᠭᠤᠵᠤ᠂ | ᠲᠤᠰᠠᠯᠠᠮᠵᠢ ᠶᠢᠨ ᠮᠥᠩᠭᠦ ᠶᠢᠨ ᠲᠤᠭ᠎ᠠ ᠨᠢ ᠭᠡᠷᠡᠴᠢᠯᠡᠯ ᠤᠨ ᠪᠠᠶᠢᠭᠤᠯᠤᠮᠵᠢ ᠶᠢᠨ ᠬᠤᠷᠢᠶᠠᠭᠰᠠᠨ ︽ᠠᠩᠬ᠎ᠠ | ᠤᠳᠠᠭᠠᠨ ᠤ ᠭᠡᠷᠡᠴᠢᠯᠡᠭᠡ︾ ᠶᠢᠨ ᠠᠩᠬᠠᠳᠠᠭᠴᠢ ᠭᠡᠷᠡᠴᠢᠯᠡᠯ ᠤᠨ ᠦᠶᠡᠯᠡᠯ ᠤᠨ ᠬᠤᠭᠤᠴᠠᠭᠠᠨ ᠳᠤ ᠪᠣᠳᠠᠲᠠᠶ | ᠡᠭᠦᠰᠦᠭᠰᠡᠨ ᠭᠡᠷᠡᠴᠢᠯᠡᠯ ᠤᠨ ᠵᠠᠷᠤᠳᠠᠯ᠂ ᠭᠡᠷᠡᠴᠢᠯᠡᠬᠦ ᠪᠠᠶᠢᠭᠤᠯᠤᠮᠵᠢ ᠶᠢᠨ ᠭᠠᠷᠭᠠᠭᠰᠠᠨ ᠰᠦᠢᠳᠭᠡᠯ ᠬᠤᠷᠢᠶᠠᠬᠤ | ᠫᠢᠶᠣᠣ ᠪᠠᠷᠢᠮᠲᠠ ᠪᠠᠷ ᠪᠠᠷᠢᠮᠵᠢᠶ᠎ᠠ ᠪᠣᠯᠭᠠᠨ᠎ᠠ᠃ | ︵ᠬᠤᠶᠠᠷ︶ ᠤᠯᠤᠰ ᠪᠠ ᠥᠪᠡᠷᠲᠡᠭᠡᠨ ᠵᠠᠰᠠᠬᠤ ᠣᠷᠣᠨ ᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ | ᠡᠷᠬᠡ ᠪᠠᠷ ᠰᠢᠶᠠᠨ ᠢ ᠬᠦᠴᠦᠷᠬᠡᠭᠵᠢᠭᠦᠯᠬᠦ ᠢᠨᠵᠧᠨᠧᠷᠢᠩ ᠤᠨ ᠲᠤᠰᠠᠯᠠᠮᠵᠢ | ᠤᠯᠤᠰ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠪᠠᠷ ᠰᠢᠶᠠᠨ ᠢ ᠬᠦᠴᠦᠷᠬᠡᠭᠵᠢᠭᠦᠯᠬᠦ | ᠢᠨᠵᠧᠨᠧᠷᠢᠩ ᠢᠶᠠᠷ ᠰᠢᠨ᠎ᠡ ᠪᠠᠷ ᠵᠥᠪᠰᠢᠶᠡᠷᠡᠭᠰᠡᠳ ᠲᠤ 20 ᠲᠦᠮᠡᠨ ᠲᠥᠭᠦᠷᠢᠭ ᠤᠨ ᠪᠡᠯᠡ ᠮᠥᠩᠭᠦ ᠪᠠᠷ ᠲᠤᠰᠠᠯᠠᠨ᠎ᠠ︔ | ᠥᠪᠡᠷᠲᠡᠭᠡᠨ ᠵᠠᠰᠠᠬᠤ ᠣᠷᠣᠨ ᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠪᠠᠷ ᠰᠢᠶᠠᠨ ᠢ | ᠬᠦᠴᠦᠷᠬᠡᠭᠵᠢᠭᠦᠯᠬᠦ ᠢᠨᠵᠧᠨᠧᠷᠢᠩ ᠢᠶᠠᠷ ᠰᠢᠨ᠎ᠡ ᠪᠠᠷ ᠵᠥᠪᠰᠢᠶᠡᠷᠡᠭᠳᠡᠭᠰᠡᠨ ᠪᠠᠶᠢᠪᠠᠯ᠂ 10 ᠲᠦᠮᠡᠨ ᠲᠥᠭᠦᠷᠢᠭ ᠤᠨ | ᠪᠡᠯᠡ ᠮᠥᠩᠭᠦ ᠪᠠᠷ ᠲᠤᠰᠠᠯᠠᠨ᠎ᠠ᠃ | ︵ᠭᠤᠷᠪᠠ︶ ᠤᠯᠤᠰ ᠪᠠ ᠥᠪᠡᠷᠲᠡᠭᠡᠨ ᠵᠠᠰᠠᠬᠤ ᠣᠷᠣᠨ ᠤ ᠤᠯᠠᠮᠵᠢᠯᠠᠯᠲᠤ ᠮᠡᠳᠡᠯᠬᠡ ᠶᠢᠨ ᠮᠡᠳᠡᠯᠬᠡ ᠶᠢᠨ | ᠥᠮᠴᠢᠯᠡᠬᠦ ᠡᠷᠬᠡ ᠶᠢ ᠬᠠᠮᠠᠭᠠᠯᠠᠬᠤ ᠳᠤᠷᠰᠢᠯᠳᠡ ᠶᠢᠨ ᠰᠢᠶᠠᠩ ᠳᠤ ᠵᠣᠭᠤᠰ ᠲᠤᠰᠠᠯᠠᠨ᠎ᠠ | ᠤᠯᠤᠰ ᠤᠨ ᠤᠯᠠᠮᠵᠢᠯᠠᠯᠲᠤ ᠮᠡᠳᠡᠯᠭᠡ ᠶᠢᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠠᠮᠠᠭᠠᠯᠠᠬᠤ | ᠲᠤᠷᠰᠢᠯᠲᠠ ᠶᠢᠨ ᠰᠢᠶᠠᠨ ᠢᠶᠠᠷ ᠰᠢᠨ᠎ᠡ ᠪᠠᠷ ᠵᠥᠪᠰᠢᠶᠡᠷᠡᠭᠳᠡᠭᠰᠡᠨ ᠪᠠᠶᠢᠪᠠᠯ᠂ 20 ᠲᠦᠮᠡᠨ ᠲᠥᠭᠦᠷᠢᠭ ᠤᠨ ᠪᠡᠯᠡ | ᠮᠥᠩᠭᠦ ᠪᠠᠷ ᠲᠤᠰᠠᠯᠠᠨ᠎ᠠ︔ ᠥᠪᠡᠷᠲᠡᠭᠡᠨ ᠵᠠᠰᠠᠬᠤ ᠣᠷᠣᠨ ᠤ ᠤᠯᠠᠮᠵᠢᠯᠠᠯᠲᠤ ᠮᠡᠳᠡᠯᠬᠡ ᠶᠢᠨ ᠮᠡᠳᠡᠯᠭᠡ ᠶᠢᠨ | ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠠᠮᠠᠭᠠᠯᠠᠬᠤ ᠲᠤᠷᠰᠢᠯᠲᠠ ᠶᠢᠨ ᠰᠢᠶᠠᠨ ᠢᠶᠠᠷ ᠰᠢᠨ᠎ᠡ ᠪᠠᠷ | ᠵᠥᠪᠰᠢᠶᠡᠷᠡᠭᠳᠡᠭᠰᠡᠨ ᠪᠠᠶᠢᠪᠠᠯ᠂ 10 ᠲᠦᠮᠡᠨ ᠲᠥᠭᠦᠷᠢᠭ ᠤᠨ ᠪᠡᠯᠡ ᠮᠥᠩᠭᠦ ᠪᠠᠷ ᠲᠤᠰᠠᠯᠠᠨ᠎ᠠ᠃ | ︵ᠲᠦᠷᠪᠡ︶ ᠤᠯᠤᠰ ᠪᠠ ᠥᠪᠡᠷᠲᠡᠭᠡᠨ ᠵᠠᠰᠠᠬᠤ ᠣᠷᠣᠨ ᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ | ᠡᠷᠬᠡ ᠶᠢᠨ ᠵᠢᠱᠢᠶ᠎ᠡ ᠦᠵᠡᠭᠦᠯᠬᠦ᠂ ᠳᠠᠪᠠᠭᠤᠯᠢᠭ ᠠᠵᠤ ᠠᠬᠤᠶᠢᠯᠠᠯ ᠳᠤ ᠵᠣᠭᠤᠰ ᠢᠶᠠᠷ ᠲᠤᠰᠠᠯᠠᠬᠤ | 1. ᠤᠯᠤᠰ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠵᠢᠱᠢᠶ᠎ᠡ ᠦᠵᠡᠭᠦᠯᠬᠦ ᠠᠵᠤ | ᠠᠬᠤᠶᠢᠯᠠᠯ ᠢᠶᠠᠷ ᠰᠢᠨ᠎ᠡ ᠪᠠᠷ ᠵᠥᠪᠰᠢᠶᠡᠷᠡᠭᠳᠡᠭᠰᠡᠨ ᠪᠠᠶᠢᠪᠠᠯ᠂ 20 ᠲᠦᠮᠡᠨ ᠲᠥᠭᠦᠷᠢᠭ ᠤᠨ ᠪᠡᠯᠡ ᠮᠥᠩᠭᠦ ᠪᠠᠷ | ᠲᠤᠰᠠᠯᠠᠨ᠎ᠠ︔ ᠤᠯᠤᠰ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠳᠠᠪᠠᠭᠤᠯᠢᠭ ᠠᠵᠤ | ᠠᠬᠤᠶᠢᠯᠠᠯ ᠢᠶᠠᠷ ᠰᠢᠨ᠎ᠡ ᠪᠠᠷ ᠵᠥᠪᠰᠢᠶᠡᠷᠡᠭᠳᠡᠭᠰᠡᠨ ᠪᠠᠶᠢᠪᠠᠯ᠂ 10 ᠲᠦᠮᠡᠨ ᠲᠥᠭᠦᠷᠢᠭ ᠤᠨ ᠪᠡᠯᠡ ᠮᠥᠩᠭᠦ ᠪᠠᠷ | ᠲᠤᠰᠠᠯᠠᠨ᠎ᠠ᠃ | 2. ᠰᠢᠨ᠎ᠡ ᠪᠠᠷ ᠵᠥᠪᠰᠢᠶᠡᠷᠡᠭᠳᠡᠭᠰᠡᠨ ᠥᠪᠡᠷᠲᠡᠭᠡᠨ ᠵᠠᠰᠠᠬᠤ ᠣᠷᠣᠨ ᠤ ᠮᠡᠳᠡᠯᠭᠡ ᠶᠢᠨ ᠪᠦᠲᠦᠭᠡᠭᠳᠡᠬᠦᠨ ᠤ | ᠥᠮᠴᠢᠯᠡᠬᠦ ᠡᠷᠬᠡ ᠶᠢᠨ ᠵᠢᠱᠢᠶ᠎ᠡ ᠦᠵᠡᠭᠦᠯᠬᠦ ᠠᠵᠤ ᠠᠬᠤᠶᠢᠯᠠᠯ ᠳᠤ 10 ᠲᠦᠮᠡᠨ ᠲᠥᠭᠦᠷᠢᠭ ᠵᠣᠭᠤᠰ ᠢᠶᠠᠷ | ᠲᠤᠰᠠᠯᠠᠨ᠎ᠠ︔ ᠥᠪᠡᠷᠲᠡᠭᠡᠨ ᠵᠠᠰᠠᠬᠤ ᠣᠷᠣᠨ ᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ | ᠳᠠᠪᠠᠭᠤᠯᠢᠭ ᠠᠵᠤ ᠠᠬᠤᠶᠢᠯᠠᠯ ᠳᠤ 5 ᠲᠦᠮᠡᠨ ᠲᠥᠭᠦᠷᠢᠭ ᠵᠣᠭᠤᠰ ᠢᠶᠠᠷ ᠲᠤᠰᠠᠯᠠᠨ᠎ᠠ᠃ | ︵ᠲᠠᠪᠤ︶ ᠠᠵᠤ ᠠᠬᠤᠶᠢᠯᠠᠯ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠡᠷᠬᠡ ᠪᠠᠨ | ᠬᠠᠮᠠᠭᠠᠯᠠᠬᠤ ᠶᠢ ᠨᠠᠶᠢᠳᠠᠨ ᠬᠠᠮᠢᠶᠠᠷᠬᠤ ᠠᠵᠢᠯ ᠤᠨ ᠵᠣᠭᠤᠰ ᠢᠶᠠᠷ ᠲᠤᠰᠠᠯᠠᠬᠤ | ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠦᠢᠯᠡᠴᠢᠯᠡᠭᠡᠨ ᠤ ᠪᠠᠶᠢᠭᠤᠯᠤᠮᠵᠢ ᠨᠢ ᠤᠯᠠᠭᠠᠨᠴᠠᠪ | ᠬᠤᠲᠠ ᠶᠢᠨ ᠬᠠᠷᠢᠶ᠎ᠠ ᠣᠷᠣᠨ ᠤ ᠠᠵᠤ ᠠᠬᠤᠶᠢᠯᠠᠯ ᠳᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ | ᠡᠷᠬᠡ ᠪᠠᠨ ᠬᠠᠮᠠᠭᠠᠯᠠᠵᠤ ᠨᠠᠶᠢᠳᠠᠨ ᠬᠠᠮᠢᠶᠠᠷᠤᠭᠤᠯᠬᠤ ᠠᠵᠢᠯ ᠢ ᠥᠷᠨᠢᠭᠦᠯᠵᠦ᠂ 10 ᠠᠵᠤ ᠠᠬᠤᠶᠢᠯᠠᠯ ᠠᠴᠠ ᠳᠡᠭᠡᠭᠰᠢ | ᠨᠠᠶᠢᠳᠠᠨ ᠬᠠᠮᠢᠶᠠᠷᠤᠭᠤᠯᠬᠤ ᠶᠢᠨ ᠬᠠᠮᠲᠤ ᠰᠠᠶᠢᠨ ᠦᠷ᠎ᠡ ᠪᠦᠲᠦᠮᠵᠢ ᠣᠯᠤᠭᠰᠠᠨ ᠪᠠᠶᠢᠪᠠᠯ᠂ 1 ᠠᠵᠤ ᠠᠬᠤᠶᠢᠯᠠᠯ | ᠨᠠᠶᠢᠳᠡᠨ ᠬᠠᠮᠢᠶᠠᠷᠬᠤ ᠪᠦᠷᠢ ᠳᠤ 0.5 ᠲᠦᠮᠡᠨ ᠲᠥᠭᠦᠷᠢᠭ ᠤᠨ ᠲᠤᠰᠠᠯᠠᠮᠵᠢ ᠣᠯᠭᠤᠵᠤ᠂ ᠵᠢᠯ ᠪᠦᠷᠢ ᠶᠢᠨ | ᠬᠠᠮᠤᠭ ᠤᠨ ᠥᠨᠳᠥᠷ ᠲᠤ ᠪᠠᠨ 10 ᠲᠦᠮᠡᠨ ᠲᠥᠭᠦᠷᠢᠭ ᠠᠴᠠ ᠳᠠᠪᠠᠭᠤᠯᠬᠤ ᠥᠬᠡᠶ᠃ | ︵ᠵᠢᠷᠭᠤᠭ᠎ᠠ︶ ᠮᠡᠳᠡᠯᠭᠡ ᠶᠢᠨ ᠪᠦᠲᠦᠭᠡᠭᠳᠡᠬᠦᠨ ᠤ ᠡᠷᠬᠡ ᠶᠢ ᠬᠠᠮᠠᠭᠠᠯᠠᠵᠤ ᠵᠢᠷᠤᠮᠵᠢᠭᠤᠯᠤᠨ ᠪᠤᠶᠢᠵᠢᠭᠤᠯᠬᠤ | ᠵᠠᠬ᠎ᠠ ᠳᠡᠯᠭᠡᠭᠦᠷ ᠢ ᠳᠤᠰᠠᠯᠠᠬᠤ | ᠤᠯᠤᠰ ᠤᠨ ᠳᠡᠰ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠠᠮᠠᠭᠠᠯᠠᠵᠤ ᠵᠢᠷᠤᠮᠵᠢᠭᠤᠯᠤᠨ | ᠪᠤᠶᠢᠵᠢᠭᠤᠯᠬᠤ ᠵᠠᠬ᠎ᠠ ᠳᠡᠯᠭᠡᠭᠦᠷ ᠢᠶᠠᠷ ᠰᠢᠨ᠎ᠡ ᠪᠠᠷ ᠵᠥᠪᠰᠢᠶᠡᠷᠡᠭᠳᠡᠭᠰᠡᠨ ᠪᠠᠶᠢᠪᠠᠯ᠂ 20 ᠲᠦᠮᠡᠨ ᠲᠥᠭᠦᠷᠢᠭ ᠢᠶᠠᠷ | ᠲᠤᠰᠠᠯᠠᠨ᠎ᠠ︔ ᠥᠪᠡᠷᠲᠡᠭᠡᠨ ᠵᠠᠰᠠᠬᠤ ᠣᠷᠣᠨ ᠤ ᠳᠡᠰ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ | ᠬᠠᠮᠠᠭᠠᠯᠠᠵᠤ ᠵᠢᠷᠤᠮᠵᠢᠭᠤᠯᠤᠨ ᠪᠤᠶᠢᠵᠢᠭᠤᠯᠬᠤ ᠵᠠᠬ᠎ᠠ ᠳᠡᠯᠭᠡᠭᠦᠷ ᠢᠶᠠᠷ ᠰᠢᠨ᠎ᠡ ᠪᠠᠷ ᠵᠥᠪᠰᠢᠶᠡᠷᠡᠭᠳᠡᠭᠰᠡᠨ ᠪᠠᠶᠢᠪᠠᠯ᠂ | 10 ᠲᠦᠮᠡᠨ ᠲᠥᠭᠦᠷᠢᠭ ᠵᠣᠭᠤᠰ ᠢᠶᠠᠷ ᠲᠤᠰᠠᠯᠠᠨ᠎ᠠ᠃ | ︵ᠳᠣᠯᠤᠭ᠎ᠠ︶ ᠲᠤᠰᠬᠠᠢ ᠡᠷᠬᠡ ᠠᠰᠢᠭ ︵ᠭᠠᠳᠠᠷ ᠳᠦᠷᠰᠦ ᠶᠢᠨ ᠵᠢᠷᠤᠭ ᠲᠥᠯᠥᠪᠯᠡᠭᠡ ᠶᠢ ᠪᠠᠭᠲᠠᠭᠠᠨ᠎ᠠ︶︶ | ᠤᠨ ᠱᠠᠩᠨᠠᠯ ᠤᠨ ᠱᠠᠩᠨᠠᠯ ᠬᠥᠬᠢᠭᠦᠯᠦᠯ | ᠰᠢᠨ᠎ᠡ ᠪᠠᠷ ᠣᠯᠤᠭᠰᠠᠨ ᠳᠤᠮᠳᠠᠳᠤ ᠤᠯᠤᠰ ᠤᠨ ᠲᠤᠰᠬᠠᠶ ᠡᠷᠬᠡ ᠠᠰᠢᠭ ᠤᠨ ᠠᠯᠲᠠᠨ ᠱᠠᠩᠨᠠᠯ᠂ ᠮᠥᠩᠭᠦᠨ | ᠱᠠᠩᠨᠠᠯ᠂ ᠰᠢᠯᠢᠳᠡᠭ ᠱᠠᠩᠨᠠᠯ ᠤᠯᠤᠭᠰᠠᠨ ᠳᠤ᠂ ᠲᠣᠰ ᠲᠣᠰ 20 ᠲᠦᠮᠡᠨ ᠲᠥᠭᠦᠷᠢᠭ᠂ 10 ᠲᠦᠮᠡᠨ ᠲᠥᠭᠦᠷᠢᠭ᠂ | 5 ᠲᠦᠮᠡᠨ ᠲᠥᠭᠦᠷᠢᠭ ᠱᠠᠩᠨᠠᠵᠤ᠂ ᠳᠤᠮᠳᠠᠳᠤ ᠤᠯᠤᠰ ᠤᠨ ᠲᠤᠰᠬᠠᠶ ᠡᠷᠬᠡ ᠠᠰᠢᠭ ᠤᠨ ᠭᠠᠳᠠᠷ ᠳᠦᠷᠰᠦ ᠶᠢᠨ | ᠵᠢᠷᠤᠭ ᠲᠥᠯᠥᠪᠯᠡᠭᠡ ᠶᠢᠨ ᠠᠯᠲᠠᠨ ᠱᠠᠩᠨᠠᠯ᠂ ᠮᠥᠩᠭᠦᠨ ᠱᠠᠩᠨᠠᠯ᠂ ᠰᠢᠯᠢᠳᠡᠭ ᠱᠠᠩᠨᠠᠯ ᠢ ᠲᠣᠰ ᠲᠣᠰ ᠭᠥᠷᠳᠡᠭᠡᠭᠰᠡᠨ | ᠪᠠᠶᠢᠪᠠᠯ ᠲᠣᠰ ᠲᠣᠰ 10 ᠲᠦᠮᠡᠨ ᠲᠥᠭᠦᠷᠢᠭ᠂ 5 ᠲᠦᠮᠡᠨ ᠲᠥᠭᠦᠷᠢᠭ᠂ 3 ᠲᠦᠮᠡᠨ ᠲᠥᠭᠦᠷᠢᠭ ᠱᠠᠩᠨᠠᠨ᠎ᠠ᠃ | ᠰᠢᠨ᠎ᠡ ᠪᠠᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠰᠬᠠᠢ ᠡᠷᠬᠡ ᠠᠰᠢᠭ ᠤᠨ ᠠᠯᠳᠠᠨ | ᠮᠧᠳᠠᠯ᠂ ᠮᠥᠩᠭᠦᠨ ᠮᠧᠳᠠᠯ᠂ ᠰᠢᠯᠢᠳᠡᠭ ᠱᠠᠩᠨᠠᠯ ᠬᠦᠷᠳᠡᠭᠰᠡᠨ ᠳᠤ ᠲᠣᠰ ᠲᠣᠰ 10 ᠲᠦᠮᠡᠨ ᠲᠥᠭᠦᠷᠢᠭ᠂ 5 | ᠲᠦᠮᠡᠨ ᠲᠥᠭᠦᠷᠢᠭ᠂ 3 ᠲᠦᠮᠡᠨ ᠲᠥᠭᠦᠷᠢᠭ ᠱᠠᠩᠨᠠᠨ᠎ᠠ᠃ | ︵ᠨᠠᠢᠮᠠ︶ ᠤᠯᠤᠰ ᠪᠠ ᠥᠪᠡᠷᠲᠡᠭᠡᠨ ᠵᠠᠰᠠᠬᠤ ᠣᠷᠣᠨ ᠤ ᠳᠤᠮᠳᠠᠳᠤ ᠪᠠᠭ᠎ᠠ ᠰᠤᠷᠭᠠᠭᠤᠯᠢ ᠶᠢᠨ ᠮᠡᠳᠡᠯᠭᠡ ᠶᠢᠨ | ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠰᠤᠷᠭᠠᠨ ᠬᠥᠮᠦᠵᠢᠯ ᠤᠨ ᠵᠢᠱᠢᠶ᠎ᠡ ᠦᠵᠡᠭᠦᠯᠬᠦ᠂ ᠲᠤᠷᠰᠢᠯᠲᠠ ᠶᠢᠨ | ᠴᠡᠭ ᠤᠨ ᠰᠤᠷᠭᠠᠭᠤᠯᠢ ᠶᠢ ᠲᠤᠰᠠᠯᠠᠬᠤ | 1. ᠤᠯᠤᠰ ᠤᠨ ᠲᠠᠰ ᠤᠨ ᠳᠤᠮᠳᠠᠳᠤ ᠪᠠᠭ᠎ᠠ ᠰᠤᠷᠭᠠᠭᠤᠯᠢ ᠶᠢᠨ ᠮᠡᠳᠡᠯᠭᠡ ᠶᠢᠨ ᠪᠦᠲᠦᠭᠡᠭᠳᠡᠬᠦᠨ ᠤ | ᠥᠮᠴᠢᠯᠡᠬᠦ ᠡᠷᠬᠡ ᠶᠢᠨ ᠰᠤᠷᠭᠠᠨ ᠬᠥᠮᠦᠵᠢᠯ ᠤᠨ ᠵᠢᠱᠢᠶ᠎ᠡ ᠦᠵᠡᠭᠦᠯᠬᠦ ᠰᠤᠷᠭᠠᠭᠤᠯᠢ ᠪᠠᠷ ᠰᠢᠨ᠎ᠡ ᠪᠠᠷ | ᠵᠥᠪᠰᠢᠶᠡᠷᠡᠭᠳᠡᠭᠰᠡᠨ ᠪᠠᠶᠢᠪᠠᠯ᠂ 20 ᠲᠦᠮᠡᠨ ᠲᠥᠭᠦᠷᠢᠭ ᠤᠨ ᠪᠡᠯᠡ ᠮᠥᠩᠭᠦ ᠪᠠᠷ ᠲᠤᠰᠠᠯᠠᠨ᠎ᠠ︔ ᠤᠯᠤᠰ ᠤᠨ | ᠲᠠᠰ ᠤᠨ ᠳᠤᠮᠳᠠᠳᠤ ᠪᠠᠭ᠎ᠠ ᠰᠤᠷᠭᠠᠭᠤᠯᠢ ᠶᠢᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠰᠤᠷᠭᠠᠨ | ᠬᠥᠮᠦᠵᠢᠯ ᠤᠨ ᠲᠤᠷᠰᠢᠯᠲᠠ ᠶᠢᠨ ᠰᠤᠷᠭᠠᠭᠤᠯᠢ ᠪᠠᠷ ᠰᠢᠨ᠎ᠡ ᠪᠠᠷ ᠵᠥᠪᠰᠢᠶᠡᠷᠡᠭᠳᠡᠭᠰᠡᠨ ᠪᠣᠯ᠂ 10 ᠲᠦᠮᠡᠨ | ᠲᠥᠭᠦᠷᠢᠭ ᠵᠣᠭᠤᠰ ᠢᠶᠠᠷ ᠲᠤᠰᠠᠯᠠᠨ᠎ᠠ᠃ | 2. ᠥᠪᠡᠷᠲᠡᠭᠡᠨ ᠵᠠᠰᠠᠬᠤ ᠣᠷᠣᠨ ᠤ ᠱᠠᠲᠤᠨ ᠤ ᠳᠤᠮᠳᠠᠳᠤ ᠪᠠᠭ᠎ᠠ ᠰᠤᠷᠭᠠᠭᠤᠯᠢ ᠶᠢᠨ ᠮᠡᠳᠡᠯᠭᠡ ᠶᠢᠨ | ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠰᠤᠷᠭᠠᠨ ᠬᠥᠮᠦᠵᠢᠯ ᠤᠨ ᠵᠢᠱᠢᠶ᠎ᠡ ᠦᠵᠡᠭᠦᠯᠬᠦ ᠰᠤᠷᠭᠠᠭᠤᠯᠢ ᠪᠠᠷ | ᠰᠢᠨ᠎ᠡ ᠪᠠᠷ ᠵᠥᠪᠰᠢᠶᠡᠷᠡᠭᠰᠡᠳ ᠲᠤ 10 ᠲᠦᠮᠡᠨ ᠲᠥᠭᠦᠷᠢᠭ ᠲᠤᠰᠠᠯᠠᠨ᠎ᠠ︔ ᠥᠪᠡᠷᠲᠡᠭᠡᠨ ᠵᠠᠰᠠᠬᠤ ᠣᠷᠣᠨ ᠤ | ᠱᠠᠲᠤᠨ ᠤ ᠳᠤᠮᠳᠠᠳᠤ ᠪᠠᠭ᠎ᠠ ᠰᠤᠷᠭᠠᠭᠤᠯᠢ ᠶᠢᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠰᠤᠷᠭᠠᠨ | ᠬᠥᠮᠦᠵᠢᠯ ᠤᠨ ᠲᠤᠷᠰᠢᠯᠲᠠ ᠶᠢᠨ ᠰᠤᠷᠭᠠᠭᠤᠯᠢ ᠪᠠᠷ ᠰᠢᠨ᠎ᠡ ᠪᠠᠷ ᠵᠦᠪᠰᠢᠶᠡᠷᠡᠭᠳᠡᠭᠰᠡᠨ ᠪᠠᠶᠢᠪᠠᠯ᠂ 5 ᠲᠦᠮᠡᠨ | ᠲᠥᠭᠦᠷᠢᠭ ᠲᠤᠰᠠᠯᠠᠨ᠎ᠠ᠃ | ᠳᠣᠯᠣᠳᠤᠭᠠᠷ ᠵᠦᠢᠯ ︽ᠮᠣᠩᠭᠤᠯ︾ ᠦᠰᠦᠭᠳᠦ ᠲᠡᠮᠳᠡᠭ ᠤᠨ ᠭᠡᠷᠡᠴᠢᠯᠡᠯ ᠤᠨ ᠱᠠᠩᠨᠠᠯ | ᠠᠩᠬ᠎ᠠ ᠤᠳᠠᠭ᠎ᠠ ︽ᠮᠣᠩᠭᠤᠯ︾ ᠥᠰᠥᠭᠳᠤ ᠲᠡᠮᠳᠡᠭ ᠤᠨ ᠭᠡᠷᠡᠴᠢᠯᠡᠯ ᠢᠶᠠᠷ ᠵᠦᠪᠰᠢᠶᠡᠷᠡᠭᠳᠡᠭᠰᠡᠨ ᠪᠥᠭᠡᠳ | ᠭᠡᠷᠡᠴᠢᠯᠡᠯ ᠤᠨ ᠦᠨᠡᠮᠯᠡᠯ ᠣᠯᠤᠭᠰᠠᠨ ᠨᠢᠭᠡᠴᠢ ᠳᠤ ᠨᠢᠭᠡ ᠯᠡ ᠤᠳᠠᠭ᠎ᠠ ᠳᠤ 10 ᠲᠦᠮᠡᠨ ᠲᠥᠭᠦᠷᠢᠭ ᠱᠠᠩᠨᠠᠨ᠎ᠠ᠃ | ᠵᠠᠯᠭᠠᠭᠠᠳ ᠬᠢᠷᠢ ᠭᠡᠮ ᠢ ᠳᠠᠬᠢᠨ ᠬᠢᠨᠠᠬᠤ᠂ ᠳᠠᠬᠢᠨ ᠦᠨᠡᠮᠯᠡᠯ ᠣᠯᠬᠤ ᠵᠢᠴᠢ ᠲᠤᠰ ︽ᠮᠣᠩᠭᠤᠯ︾ ᠦᠰᠦᠭᠲᠦ | ᠲᠡᠮᠳᠡᠭ ᠤᠨ ᠭᠡᠷᠡᠴᠢᠯᠡᠯ ᠤᠨ ᠦᠨᠡᠮᠯᠡᠯ ᠣᠯᠤᠭᠰᠠᠨ ᠠᠵᠤ ᠠᠬᠤᠶᠢᠯᠠᠯ ᠤᠨ ᠪᠤᠰᠤᠳ ᠪᠦᠲᠦᠭᠡᠭᠳᠡᠬᠦᠨ ᠨᠢ ᠳᠠᠬᠢᠨᠲᠠ | ︽ᠮᠣᠩᠭᠤᠯ︾ ᠦᠰᠦᠭᠲᠦ ᠲᠡᠮᠳᠡᠭ ᠤᠨ ᠭᠡᠷᠡᠴᠢᠯᠡᠯ ᠤᠨ ᠦᠨᠡᠮᠯᠡᠯ ᠣᠯᠤᠭᠰᠠᠨ ᠪᠠᠶᠢᠪᠠᠯ᠂ ᠡᠶᠢᠮᠦᠷᠬᠦ ᠱᠠᠩᠨᠠᠯ ᠢ | ᠳᠠᠬᠢᠵᠤ ᠬᠦᠷᠲᠡᠬᠦ ᠦᠭᠡᠢ᠃ | ᠭᠤᠷᠪᠠᠳᠤᠭᠠᠷ ᠪᠦᠯᠦᠭ ᠬᠢᠨᠠᠨ ᠲᠣᠭᠲᠠᠭᠠᠬᠤ ᠪᠠᠷ ᠮᠡᠳᠡᠭᠦᠯᠬᠦ ᠵᠢᠴᠢ ᠬᠢᠨᠠᠯᠲᠠ ᠲᠠᠯᠪᠢᠵᠤ ᠬᠠᠮᠢᠶᠠᠷᠬᠤ | ᠨᠠᠢᠮᠠᠳᠤᠭᠠᠷ ᠵᠦᠢᠯ ᠡᠯ᠎ᠡ ᠲᠥᠷᠥᠯ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠱᠠᠩᠨᠠᠨ | ᠳᠤᠰᠠᠯᠠᠬᠤ ᠣᠨ ᠤ ᠲᠥᠪᠯᠡᠷᠡᠭᠦᠯᠦᠨ ᠮᠡᠳᠡᠭᠦᠯᠬᠦ ᠶᠢ ᠬᠡᠷᠡᠭᠵᠢᠭᠦᠯᠵᠦ᠂ ᠮᠡᠳᠡᠭᠦᠯᠬᠦ ᠱᠠᠭᠠᠷᠳᠠᠯᠭ᠎ᠠ ᠶᠢ ᠲᠣᠰ ᠵᠢᠯ ᠤᠨ | ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠨᠡᠶᠢᠲᠡᠯᠡᠭᠰᠡᠨ ᠪᠣᠳᠠᠲᠠᠶ | ᠮᠡᠳᠡᠭᠳᠡᠯ ᠢᠶᠠᠷ ᠪᠠᠷᠢᠮᠵᠢᠶ᠎ᠠ ᠪᠣᠯᠭᠠᠵᠤ᠂ ᠭᠤᠶᠤᠴᠢᠯᠠᠭᠴᠢ ᠮᠡᠳᠡᠭᠳᠡᠯ ᠤᠨ ᠱᠠᠭᠠᠷᠳᠠᠯᠭ᠎ᠠ ᠶᠢ ᠦᠨᠳᠦᠰᠦᠯᠡᠨ ᠴᠠᠭ | ᠲᠤᠬᠠᠶ ᠳᠤᠨᠢ ᠮᠡᠳᠡᠭᠦᠯᠬᠦ ᠬᠡᠷᠡᠭᠲᠡᠶ᠃ | ᠶᠢᠰᠦᠳᠦᠭᠡᠷ ᠵᠦᠢᠯ ᠡᠯ᠎ᠡ ᠲᠥᠷᠥᠯ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠱᠠᠩᠨᠠᠵᠤ | ᠲᠤᠰᠠᠯᠠᠬᠤ ᠳᠤ ᠭᠤᠶᠤᠴᠢᠯᠠᠭᠴᠢ ᠠᠴᠠ ᠰᠠᠶᠢᠨ ᠳᠤᠷ᠎ᠠ ᠠᠴᠠ ᠪᠠᠨ ᠭᠤᠶᠤᠴᠢᠯᠠᠨ ᠮᠡᠳᠡᠭᠦᠯᠬᠦ ᠬᠡᠷᠡᠭᠲᠡᠶ᠃ | ᠭᠤᠶᠤᠴᠢᠯᠠᠬᠤ ᠪᠠ ᠬᠢᠨᠠᠨ ᠲᠣᠭᠲᠠᠭᠠᠬᠤ ᠶᠠᠪᠤᠴᠠ ᠨᠢ ᠳᠣᠤᠷᠠᠬᠢ ᠮᠡᠲᠦ᠄ | ︵ᠨᠢᠭᠡ︶ ᠭᠤᠶᠤᠴᠢᠯᠠᠭᠴᠢ ᠠᠴᠠ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ ᠶᠢᠨ ᠨᠡᠶᠢᠲᠡᠯᠡᠭᠰᠡᠨ ᠡᠯ᠎ᠡ ᠲᠥᠷᠥᠯ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ | ᠱᠠᠩᠨᠠᠨ ᠳᠤᠰᠠᠯᠠᠬᠤ ᠮᠡᠳᠡᠭᠦᠯᠦᠯᠲᠡ ᠶᠢᠨ ᠮᠡᠳᠡᠭᠳᠡᠯ ᠢ ᠦᠨᠳᠦᠰᠦᠯᠡᠨ ᠭᠤᠶᠤᠴᠢᠯᠠᠯ ᠤᠨ ᠮᠠᠲ᠋ᠧᠷᠢᠶᠠᠯ ᠢᠶᠠᠨ | ᠲᠤᠰᠢᠶᠠᠨ᠎ᠠ᠃ | ︵ᠬᠤᠶᠠᠷ︶ ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ ᠨᠢ ᠬᠠᠷᠢᠶ᠎ᠠ ᠣᠷᠣᠨ ᠤ ᠳᠣᠲᠣᠷᠠᠬᠢ ᠭᠤᠶᠤᠴᠢᠯᠠᠭᠴᠢ ᠶᠢᠨ ᠲᠤᠰᠢᠶᠠᠭᠰᠠᠨ | ᠭᠤᠶᠤᠴᠢᠯᠠᠯ ᠤᠨ ᠮᠠᠲ᠋ᠧᠷᠢᠶᠠᠯ ᠳᠤ ᠬᠡᠯᠪᠡᠷᠢ ᠶᠢᠨ ᠬᠢᠨᠠᠨ ᠪᠠᠶᠢᠴᠠᠭᠠᠯᠲᠠ ᠪᠠ ᠲᠠᠨᠢᠯᠴᠠᠭᠤᠯᠭ᠎ᠠ ᠬᠢᠬᠦ ᠶᠢ ᠬᠠᠷᠢᠭᠤᠴᠠᠨ᠎ᠠ᠃ | | ︵ᠭᠤᠷᠪᠠ︶ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠭᠤᠶᠤᠴᠢᠯᠠᠯ ᠤᠨ | ᠮᠠᠲ᠋ᠧᠷᠢᠶᠠᠯ ᠢ ᠳᠠᠬᠢᠨ ᠬᠢᠨᠠᠬᠤ ᠶᠢ ᠬᠠᠷᠢᠭᠤᠴᠠᠵᠤ᠂ ᠬᠢᠨᠠᠨ ᠪᠠᠶᠢᠴᠠᠭᠠᠭᠠᠳ ᠬᠢᠷᠢ ᠲᠡᠩᠴᠡᠭᠰᠡᠨ ᠦᠭᠡᠢ ᠪᠣᠯ | ᠭᠤᠶᠤᠴᠢᠯᠠᠭᠴᠢ ᠶᠢ ᠲᠣᠭᠲᠠᠭᠰᠠᠨ ᠴᠠᠭ ᠤᠨ ᠳᠣᠲᠣᠷ᠎ᠠ ᠨᠥᠬᠦᠪᠥᠷᠢᠯᠡᠨ ᠵᠠᠯᠠᠷᠠᠭᠤᠯᠬᠤ ᠪᠠᠷ ᠱᠠᠭᠠᠷᠳᠠᠵᠤ ᠪᠣᠯᠤᠨ᠎ᠠ᠂ | ᠬᠤᠭᠤᠴᠠᠭ᠎ᠠ ᠬᠡᠲᠦᠷᠡᠲᠡᠯ᠎ᠡ ᠨᠥᠬᠦᠵᠦ ᠵᠠᠯᠠᠷᠠᠭᠤᠯᠬᠤ ᠦᠭᠡᠢ ᠪᠤᠶᠤ ᠨᠥᠬᠦᠵᠦ ᠵᠠᠯᠠᠷᠠᠭᠤᠯᠤᠭᠠᠳ ᠪᠠᠰᠠ | ᠱᠠᠭᠠᠷᠳᠠᠯᠭ᠎ᠠ ᠳᠤ ᠨᠡᠶᠢᠴᠡᠬᠦ ᠦᠭᠡᠢ ᠪᠣᠯ ᠬᠢᠨᠠᠨ ᠲᠣᠭᠲᠠᠭᠠᠬᠤ ᠦᠭᠡᠢ᠃ | ︵ᠲᠦᠷᠪᠡ︶ ᠬᠢᠨᠠᠨ ᠪᠠᠶᠢᠴᠠᠭᠠᠯᠲᠠ ᠳᠤ ᠬᠢᠷᠢ ᠲᠡᠩᠴᠡᠭᠰᠡᠨ ᠲᠥᠷᠥᠯ ᠵᠦᠢᠯ ᠢ ᠬᠤᠲᠠ ᠶᠢᠨ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠪᠤᠶᠤ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ ᠶᠢᠨ ᠨᠠᠶᠢᠳᠠᠭᠰᠠᠨ ᠭᠤᠷᠪᠠᠳᠠᠬᠢ ᠡᠲᠡᠭᠡᠳ ᠤᠨ ᠪᠠᠶᠢᠭᠤᠯᠤᠮᠵᠢ ᠠᠴᠠ ᠬᠢᠨᠠᠨ | ᠲᠣᠭᠲᠠᠭᠠᠨ᠎ᠠ᠃ | ︵ᠲᠠᠪᠤ︶ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠢᠨᠠᠨ ᠲᠣᠭᠲᠠᠭᠠᠭᠰᠠᠨ | ᠦᠷ᠎ᠡ ᠳ᠋ᠦᠩ ᠢ ᠦᠨᠳᠦᠰᠦᠯᠡᠨ ᠱᠠᠩᠨᠠᠵᠤ ᠲᠤᠰᠠᠯᠠᠬᠤ ᠡᠲᠡᠭᠡᠳ ᠢ ᠲᠣᠭᠲᠠᠭᠠᠬᠤ ᠶᠢᠨ ᠬᠠᠮᠲᠤ ᠤᠯᠠᠭᠠᠨᠴᠠᠪ | ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠰᠦᠯᠵᠢᠶᠡᠨ ᠳᠡᠭᠡᠷ᠎ᠡ ᠵᠠᠷᠯᠠᠨ | ᠨᠡᠶᠢᠲᠡᠯᠡᠵᠦ᠂ ᠢᠯᠡ ᠨᠡᠶᠢᠲᠡᠯᠡᠬᠦ ᠬᠤᠭᠤᠴᠠᠭ᠎ᠠ ᠨᠢ 20 ᠠᠵᠢᠯᠯᠠᠬᠤ ᠡᠳᠦᠷ ᠪᠣᠯᠤᠨ᠎ᠠ᠃ ᠢᠯᠡ ᠨᠡᠶᠢᠲᠡᠯᠡᠬᠦ | ᠬᠤᠭᠤᠴᠠᠭ᠎ᠠ ᠨᠢ ᠳᠦᠭᠦᠷᠦᠭᠡᠳ ᠣᠨᠳᠣᠣ ᠰᠠᠨᠠᠯ ᠦᠭᠡᠢ ᠪᠠᠶᠢᠪᠠᠯ᠂ ᠬᠤᠲᠠ ᠶᠢᠨ ᠠᠷᠠᠳ ᠤᠨ ᠵᠠᠰᠠᠭ ᠤᠨ | ᠣᠷᠳᠣᠨ ᠳᠤ ᠮᠡᠳᠡᠭᠦᠯᠵᠦ ᠬᠢᠨᠠᠨ ᠵᠥᠪᠰᠢᠶᠡᠷᠡᠭᠦᠯᠦᠭᠰᠡᠨ ᠤ ᠳᠠᠷᠠᠭ᠎ᠠ᠂ ᠱᠠᠩᠨᠠᠨ ᠲᠤᠰᠠᠯᠠᠬᠤ ᠵᠠᠷᠤᠳᠠᠯ ᠢ ᠬᠤᠲᠠ ᠶᠢᠨ | ᠡᠳ᠋ ᠤᠨ ᠵᠠᠰᠠᠭ ᠤᠨ ᠲᠣᠪᠴᠢᠶ᠎ᠠ ᠠᠴᠠ ᠲᠣᠬᠢᠷᠠᠭᠤᠯᠤᠨ ᠪᠠᠭᠤᠯᠭᠠᠨ ᠥᠭᠭᠦᠨ᠎ᠡ᠃ | ᠠᠷᠪᠠᠳᠤᠭᠠᠷ ᠵᠦᠢᠯ ᠡᠯ᠎ᠡ ᠲᠥᠷᠥᠯ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠱᠠᠩᠨᠠᠵᠤ | ᠲᠤᠰᠠᠯᠠᠬᠤ ᠵᠠᠷᠤᠳᠠᠯ ᠳᠤ ᠲᠤᠰᠬᠠᠶ ᠵᠣᠭᠤᠰ ᠢ ᠲᠤᠰᠬᠠᠶ ᠬᠡᠷᠡᠭᠯᠡᠬᠦ ᠵᠠᠷᠴᠢᠮ ᠢ ᠪᠠᠷᠢᠮᠲᠠᠯᠠᠵᠤ᠂ ᠰᠠᠬᠢᠯᠭ᠎ᠠ ᠪᠠᠲᠤ | ᠪᠠᠶᠢᠴᠠᠭᠠᠬᠤ᠂ ᠬᠢᠨᠠᠨ ᠪᠣᠳᠣᠬᠤ᠂ ᠡᠳ᠋ ᠤᠨ ᠵᠠᠰᠠᠭ ᠵᠡᠷᠭᠡ ᠰᠠᠯᠠᠭ᠎ᠠ ᠮᠥᠴᠢᠷ ᠤᠨ ᠬᠢᠨᠠᠯᠲᠠ ᠲᠠᠯᠪᠢᠬᠤ ᠪᠠ ᠰᠢᠯᠭᠠᠨ | ᠬᠢᠨᠠᠬᠤ ᠶᠢ ᠬᠦᠯᠢᠶᠡᠬᠦ ᠬᠡᠷᠡᠭᠲᠡᠶ᠃ | ᠠᠷᠪᠠᠨ ᠨᠢᠭᠡᠳᠦᠭᠡᠷ ᠵᠦᠢᠯ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ | ᠪᠣᠳᠠᠲᠠᠶ ᠬᠡᠷᠡᠭᠴᠡᠭᠡ ᠪᠠᠨ ᠦᠨᠳᠦᠰᠦᠯᠡᠨ᠂ ᠱᠠᠩᠨᠠᠵᠤ ᠲᠤᠰᠠᠯᠠᠬᠤ ᠪᠠᠷ ᠭᠤᠶᠤᠴᠢᠯᠠᠭᠰᠠᠨ ᠨᠢᠬᠡᠴᠢ ᠪᠤᠶᠤ ᠬᠤᠪᠢ | ᠬᠥᠮᠦᠨ ᠢ ᠬᠢᠨᠠᠨ ᠬᠠᠷᠭᠤᠭᠤᠯᠬᠤ ᠪᠤᠶᠤ ᠲᠤᠬᠠᠶ ᠶᠢᠨ ᠭᠠᠵᠠᠷ ᠲᠤᠨᠢ ᠬᠢᠨᠠᠨ ᠪᠠᠶᠢᠴᠠᠭᠠᠵᠤ᠂ ᠬᠠᠮᠢᠶ᠎ᠠ ᠪᠥᠬᠦᠶ ᠨᠢᠬᠡᠴᠢ | ᠪᠠ ᠬᠤᠪᠢ ᠬᠥᠮᠦᠨ ᠢᠳᠡᠪᠬᠢᠲᠡᠶ ᠳᠡᠮᠵᠢᠨ ᠬᠠᠮᠵᠢᠯᠴᠠᠬᠤ ᠬᠡᠷᠡᠭᠲᠡᠶ᠂ ᠡᠰᠡ ᠲᠡᠶᠢᠮᠦ ᠪᠣᠯ ᠬᠢᠨᠠᠨ ᠲᠣᠭᠲᠠᠭᠠᠬᠤ ᠬᠢᠷᠢ | ᠬᠡᠮ ᠢ ᠨᠢ ᠬᠠᠰᠤᠨ᠎ᠠ᠃ | ᠠᠷᠪᠠᠨ ᠬᠤᠶᠠᠳᠤᠭᠠᠷ ᠵᠦᠢᠯ ᠭᠤᠶᠤᠴᠢᠯᠠᠭᠴᠢ ᠬᠤᠳᠠᠯ ᠬᠠᠭᠤᠷᠮᠠᠭ ᠮᠠᠲ᠋ᠧᠷᠢᠶᠠᠯ ᠪᠤᠶᠤ ᠪᠤᠰᠤᠳ ᠵᠦᠢ ᠪᠤᠰᠤ | ᠠᠷᠭ᠎ᠠ ᠪᠠᠷᠢᠯ ᠢᠶᠠᠷ ᠱᠠᠩᠨᠠᠨ ᠳᠤᠰᠠᠯᠠᠬᠤ ᠪᠡᠯᠡ ᠮᠥᠩᠭᠦ ᠶᠢ ᠮᠡᠬᠡᠯᠡᠨ ᠠᠪᠤᠭᠰᠠᠨ ᠪᠠᠶᠢᠪᠠᠯ᠂ ᠲᠡᠭᠦᠨ ᠤ ᠱᠠᠩᠨᠠᠯ ᠤᠨ | ᠪᠡᠯᠡ ᠮᠥᠩᠭᠦ ᠶᠢ ᠬᠦᠴᠦᠨ ᠦᠭᠡᠢ ᠪᠣᠯᠭᠠᠵᠤ᠂ ᠨᠢᠭᠡᠨᠲᠡ ᠪᠠᠭᠤᠯᠭᠠᠨ ᠥᠭᠭᠦᠭᠰᠡᠨ ᠱᠠᠩᠨᠠᠯ ᠤᠨ ᠪᠡᠯᠡ ᠮᠥᠩᠭᠦ ᠶᠢ | ᠨᠡᠬᠡᠮᠵᠢᠯᠡᠨ ᠠᠪᠤᠨ᠎ᠠ᠃ ᠶᠠᠯ᠎ᠠ ᠬᠢᠭᠰᠡᠨ ᠰᠡᠵᠢᠭᠯᠡᠯᠲᠡᠶ ᠪᠠᠶᠢᠪᠠᠯ᠂ ᠬᠠᠤᠯᠢ ᠶᠣᠰᠣᠭᠠᠷ ᠬᠠᠤᠯᠢ ᠴᠠᠭᠠᠵᠠ ᠶᠢᠨ | ᠪᠠᠶᠢᠭᠤᠯᠭ᠎ᠠ ᠳᠤ ᠰᠢᠯᠵᠢᠭᠦᠯᠦᠨ ᠬᠦᠷᠭᠡᠵᠦ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ | ᠠᠷᠪᠠᠨ ᠭᠤᠷᠪᠠᠳᠤᠭᠠᠷ ᠵᠦᠢᠯ ᠳᠣᠤᠷᠠᠬᠢ ᠪᠠᠶᠢᠳᠠᠯ ᠤᠨ ᠨᠢᠭᠡ ᠨᠢ ᠪᠠᠶᠢᠪᠠᠯ ᠱᠠᠩᠨᠠᠵᠤ ᠲᠤᠰᠠᠯᠠᠬᠤ ᠦᠭᠡᠶ᠄ | 1. ᠬᠦᠴᠦᠨ ᠦᠭᠡᠢ ᠪᠣᠯᠤᠭᠰᠠᠨ ᠳᠠᠩᠰᠠᠯᠠᠭᠤᠯᠤᠭᠰᠠᠨ ᠲᠠᠸᠠᠷ ᠤᠨ ᠲᠡᠮᠳᠡᠭ᠂ ᠬᠦᠴᠦᠨ ᠦᠭᠡᠢ ᠪᠣᠯᠤᠭᠰᠠᠨ | ᠲᠤᠰᠬᠠᠢ ᠡᠷᠬᠡ ᠠᠰᠢᠭ | 2. ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠡᠷᠬᠡ ᠶᠢᠨ ᠬᠠᠷᠢᠶᠠᠯᠠᠯ ᠤᠨ ᠵᠢᠭᠤᠷᠠᠯᠳᠤᠭᠠᠨ | ᠣᠷᠣᠰᠢᠵᠤ ᠪᠠᠶᠢᠬᠤ︔ | 3. ᠢᠲᠡᠭᠡᠮᠵᠢ ᠠᠯᠳᠠᠭᠰᠠᠨ ᠬᠤᠯᠪᠣᠭᠠᠲᠤ ᠵᠠᠯᠬᠠᠭᠠᠨ ᠴᠡᠭᠡᠷᠯᠡᠭᠦᠯᠬᠦ ᠨᠡᠷᠡᠰ ᠲᠤ ᠵᠢᠭᠰᠠᠭᠠᠭᠳᠠᠭᠰᠠᠨ ᠪᠤᠶᠤ | ᠭᠤᠶᠤᠴᠢᠯᠠᠬᠤ ᠬᠢᠷᠢ ᠬᠡᠮ ᠢᠶᠠᠨ ᠬᠠᠰᠤᠭᠤᠯᠤᠭᠰᠠᠨ ᠨᠢᠭᠡᠴᠢ ᠪᠠ ᠬᠤᠪᠢ ᠬᠥᠮᠦᠨ︔ | 4. ᠲᠣᠰ ᠠᠷᠭ᠎ᠠ ᠶᠢᠨ ᠱᠠᠩᠨᠠᠯ ᠤᠨ ᠮᠥᠩᠭᠦ ᠶᠢ ᠣᠯᠤᠭᠰᠠᠨ︔ | 5. ᠪᠤᠰᠤᠳ ᠬᠠᠤᠯᠢ ᠴᠠᠭᠠᠵᠠ ᠬᠠᠤᠯᠢ ᠲᠣᠭᠲᠠᠭᠠᠯ ᠤᠨ ᠲᠣᠭᠲᠠᠭᠠᠯ ᠶᠣᠰᠣᠭᠠᠷ ᠱᠠᠩᠨᠠᠵᠤ ᠳᠤᠰᠠᠯᠠᠵᠤ | ᠴᠢᠳᠠᠬᠤ ᠦᠬᠡᠢ ᠪᠠᠶᠢᠳᠠᠯ᠃ | ᠠᠷᠪᠠᠨ ᠳᠥᠷᠪᠡᠳᠦᠭᠡᠷ ᠵᠦᠢᠯ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠱᠠᠩᠨᠠᠵᠤ | ᠲᠤᠰᠠᠯᠠᠬᠤ ᠪᠠᠷ ᠬᠢᠨᠠᠨ ᠲᠣᠭᠲᠠᠭᠠᠬᠤ ᠠᠵᠢᠯᠲᠠᠳ ᠡᠷᠬᠡ ᠲᠡᠭᠰᠢ᠂ ᠲᠥᠪ ᠭᠤᠤᠯᠴᠢ ᠪᠠᠶᠢᠬᠤ ᠵᠠᠷᠴᠢᠮ ᠢ | ᠪᠠᠷᠢᠮᠲᠠᠯᠠᠵᠤ᠂ ᠬᠤᠯᠪᠣᠭᠳᠠᠯ ᠪᠥᠬᠦᠶ ᠲᠣᠭᠲᠠᠭᠠᠯ᠂ ᠪᠠᠷᠢᠮᠵᠢᠶ᠎ᠠ᠂ ᠲᠠᠰ ᠳᠠᠷᠠᠭᠠᠯᠠᠯ ᠶᠤᠰᠤᠭᠠᠷ ᠬᠢᠨᠠᠨ ᠪᠠᠶᠢᠴᠠᠭᠠᠵᠤ᠂ | ᠭᠤᠶᠤᠴᠢᠯᠠᠭᠴᠢ ᠶᠢᠨ ᠬᠤᠳᠠᠯᠳᠤᠭᠠᠨ ᠤ ᠨᠢᠭᠤᠴᠠ ᠶᠢ ᠬᠠᠤᠯᠢ ᠶᠣᠰᠣᠭᠠᠷ ᠬᠠᠮᠠᠭᠠᠯᠠᠬᠤ ᠬᠡᠷᠡᠭᠲᠡᠶ᠃ ᠬᠢᠨᠠᠨ | ᠲᠣᠭᠲᠠᠭᠠᠬᠤ ᠠᠵᠢᠯ ᠤᠨ ᠳᠤᠮᠳᠠ ᠡᠷᠬᠡ ᠲᠤᠰᠢᠶᠠᠯ ᠢᠶᠠᠨ ᠳᠤᠷ᠎ᠠ ᠪᠠᠷ ᠬᠡᠷᠡᠭᠯᠡᠭᠰᠡᠨ᠂ ᠬᠤᠪᠢ ᠶᠢᠨ ᠨᠠᠶᠢᠷ ᠢᠶᠠᠷ | ᠬᠠᠤᠯᠢ ᠶᠣᠰᠣ ᠶᠢ ᠵᠥᠷᠢᠴᠡᠭᠰᠡᠨ᠂ ᠬᠠᠤᠯᠢ ᠴᠠᠭᠠᠵᠠ ᠰᠠᠬᠢᠯᠭ᠎ᠠ ᠪᠠᠲᠤ ᠠᠴᠠ ᠵᠥᠷᠢᠴᠡᠭᠰᠡᠨ ᠪᠠᠶᠢᠪᠠᠯ᠂ ᠬᠤᠯᠪᠣᠭᠳᠠᠯ | ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠶᠣᠰᠣᠭᠠᠷ ᠰᠢᠢᠳᠪᠦᠷᠢᠯᠡᠬᠦ ᠬᠡᠷᠡᠭᠲᠡᠶ᠃ | ᠳᠥᠷᠪᠡᠳᠦᠭᠡᠷ ᠪᠦᠯᠦᠭ ᠳᠠᠭᠠᠯᠳᠤᠭᠤᠯᠤᠯ ᠳᠦᠷᠢᠮ | ᠠᠷᠪᠠᠨ ᠲᠠᠪᠤᠳᠤᠭᠠᠷ ᠵᠦᠢᠯ ᠲᠣᠰ ︽ᠠᠷᠭ᠎ᠠ︾ ᠶᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠨ | ᠬᠡᠷᠡᠭᠵᠢᠭᠦᠯᠵᠦ᠂ ᠬᠦᠴᠦᠨ ᠲᠠᠢ ᠬᠤᠭᠤᠴᠠᠭ᠎ᠠ ᠨᠢ ᠲᠠᠪᠤᠨ ᠵᠢᠯ᠂ ᠤᠤᠯ ᠤᠨ ︽ᠤᠯᠠᠭᠠᠨᠴᠠᠪ ᠬᠤᠲᠠ ᠶᠢᠨ | ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠱᠠᠩᠨᠠᠵᠤ ᠲᠤᠰᠠᠯᠠᠬᠤ ᠠᠷᠭ᠎ᠠ︾ ︵ᠤᠯᠠᠭᠠᠨᠴᠠᠪ ᠵᠠᠰᠠᠭ | ᠠᠯᠪᠠᠨ ᠲᠠᠷᠬᠠᠭᠠᠭᠰᠠᠨ ﹇2020﹈ 15 ᠳ᠋ᠤᠭᠠᠷ ᠲᠣᠭᠠᠲᠤ︶ ᠶᠢ ᠬᠠᠮᠲᠤ ᠳᠤᠨᠢ ᠬᠦᠴᠦᠨ ᠥᠬᠡᠶ ᠪᠣᠯᠭᠠᠨ᠎ᠠ᠃ | ᠠᠷᠪᠠᠨ ᠵᠢᠷᠭᠤᠳᠤᠭᠠᠷ ᠵᠦᠢᠯ ᠲᠣᠰ ︽ᠠᠷᠭ᠎ᠠ︾ ᠶᠢ ᠤᠯᠠᠭᠠᠨᠴᠠᠪ ᠬᠤᠲᠠ ᠶᠢᠨ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︵ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠣᠪᠴᠢᠶ᠎ᠠ︶ | ᠠᠴᠠ ᠬᠠᠷᠢᠭᠤᠴᠠᠨ ᠲᠠᠶᠢᠯᠪᠤᠷᠢᠯᠠᠨ᠎ᠠ᠃ | | | | ᠣᠷᠴᠢᠭᠤᠯᠤᠭᠴᠢ᠄ ᠬᠦᠰᠡᠯ | ᠬᠢᠨᠠᠭᠴᠢ᠄ ᠠᠷᠢᠭᠤᠨ |