ᠮᠠᠨ ᠤ ᠬᠤᠲᠠ ᠨᠠᠮ ᠤᠨ ᠰᠤᠷᠭᠠᠭᠤᠯᠢ ᠶᠢᠨ ᠠᠵᠢᠯ ᠤᠨ ᠶᠠᠷᠢᠯᠴᠠᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/7/24
   7 ᠰᠠᠷ᠎ᠠ ᠶᠢᠨ 23 ᠤ ᠡᠳᠦᠷ᠂ ᠬᠤᠳᠠ ᠶᠢᠨ ᠨᠠᠮ ᠤᠨ ᠬᠤᠷᠢᠶᠠᠨ ᠤ ᠱᠦᠵᠢ ᠰᠦᠢ ᠸᠧᠢ ᠵᠢᠶᠦ᠋ᠨ ᠨᠠᠮ ᠤᠨ ᠰᠤᠷᠭᠠᠭᠤᠯᠢ ᠶᠢᠨ ᠠᠵᠢᠯ ᠤᠨ ᠶᠠᠷᠢᠯᠴᠠᠬᠤ ᠬᠤᠷᠠᠯ ᠢ ᠡᠷᠬᠢᠯᠡᠨ ᠬᠤᠷᠠᠯᠳᠤᠭᠤᠯᠪᠠ᠃ ᠬᠤᠷᠠᠯ ᠳᠡᠭᠡᠷ᠎ᠡ᠂ ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠬᠢᠨ ︽ᠪᠥᠬᠦ ᠣᠷᠣᠨ ᠤ ᠨᠠᠮ ᠤᠨ ᠰᠤᠷᠭᠠᠭᠤᠯᠢ ︵ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ︶ ᠶᠢᠨ ᠰᠢᠨ᠎ᠡ ᠶᠢ ᠡᠭᠦᠳᠦᠨ ᠳᠡᠭᠡᠭᠰᠢᠯᠡᠭᠦᠯᠬᠦ ᠭᠤᠷᠪᠠᠨ ᠵᠢᠯ ᠤᠨ ᠠᠵᠢᠯᠯᠠᠭᠠᠨ ᠤ ᠲᠥᠰᠦᠯ ︵2024 - 2026︶︾ ᠢ ᠬᠡᠷᠬᠢᠨ ᠨᠠᠶᠢᠳᠠᠪᠤᠷᠢᠵᠢᠭᠤᠯᠬᠤ ᠲᠤᠬᠠᠶ ᠬᠠᠷᠢᠭᠤ ᠮᠡᠳᠡᠭᠦᠯᠦᠯᠲᠡ ᠬᠢᠵᠦ᠂ ᠬᠤᠷᠠᠯ ᠳᠤ ᠣᠷᠣᠯᠴᠠᠭᠰᠠᠳ ᠰᠠᠭᠤᠷᠢ ᠪᠣᠯᠪᠠᠰᠤᠷᠠᠯ ᠢ ᠰᠠᠶᠢᠲᠤᠷ ᠠᠳᠬᠤᠬᠤ᠂ ᠵᠢᠭᠠᠨ ᠰᠤᠷᠭᠠᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠬᠦ᠂ ᠪᠠᠭᠰᠢ ᠶᠢᠨ ᠳᠤᠲᠠᠭᠤᠳᠠᠯ ᠢ ᠨᠥᠬᠦᠪᠥᠷᠢᠯᠡᠬᠦ ᠵᠡᠷᠭᠡ ᠲᠠᠯ᠎ᠠ ᠪᠠᠷ ᠶᠠᠷᠢᠯᠴᠠᠨ ᠰᠣᠯᠢᠯᠴᠠᠪᠠ᠃    ᠰᠦᠢ ᠸᠧᠢ ᠵᠢᠶᠦ᠋ᠨ ᠬᠡᠯᠡᠬᠦ ᠳᠡᠭᠡᠨ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠰᠤᠷᠭᠠᠭᠤᠯᠢ ᠶᠢᠨ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠠᠮ ᠤᠨ ᠰᠤᠷᠭᠠᠭᠤᠯᠢ ᠪᠣᠯ ᠨᠠᠮ ᠪᠣᠯᠬᠤ ᠶᠢ ᠪᠠᠷᠢᠮᠲᠠᠯᠠᠵᠤ᠂ ᠨᠠᠮ ᠤᠨ ᠲᠥᠯᠥᠭᠡ ᠴᠢᠳᠠᠪᠤᠷᠢᠲᠠᠨ ᠢ ᠬᠥᠮᠦᠵᠢᠭᠦᠯᠬᠦ᠂ ᠨᠠᠮ ᠤᠨ ᠲᠥᠯᠥᠭᠡ ᠠᠷᠭ᠎ᠠ ᠤᠬᠠᠭᠠᠨ ᠭᠠᠷᠭᠠᠬᠤ ᠨᠠᠮ ᠤᠨ ᠰᠤᠷᠭᠠᠭᠤᠯᠢ ᠶᠢᠨ ᠤᠭ ᠰᠠᠨᠠᠭ᠎ᠠ ᠶᠢ ᠪᠠᠲᠤ ᠰᠠᠬᠢᠵᠤ᠂ ᠰᠤᠷᠭᠠᠭᠤᠯᠢ ᠡᠷᠬᠢᠯᠡᠬᠦ ᠵᠢᠭᠰᠠᠭᠠᠯ ᠤᠨ ᠭᠠᠵᠠᠷ ᠢ ᠰᠠᠶᠢᠲᠤᠷ ᠪᠠᠶᠢᠭᠤᠯᠵᠤ᠂ ᠰᠤᠷᠭᠠᠭᠤᠯᠢ ᠡᠷᠬᠢᠯᠡᠬᠦ ᠴᠢᠭᠯᠡᠯ ᠢ ᠰᠠᠶᠢᠲᠤᠷ ᠡᠵᠡᠮᠳᠡᠵᠦ᠂ ᠪᠠᠭᠰᠢ ᠶᠢᠨ ᠡᠩᠨᠡᠭᠡ ᠶᠢ ᠰᠠᠶᠢᠲᠤᠷ ᠠᠳᠬᠤᠵᠤ᠂ ᠰᠤᠷᠤᠯᠴᠠᠯᠭ᠎ᠠ ᠶᠢ ᠴᠢᠩᠭ᠎ᠠ ᠵᠠᠰᠠᠵᠤ᠂ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠪᠦᠬᠦ ᠬᠤᠳᠠ ᠶᠢᠨ ᠨᠠᠮ ᠤᠨ ᠰᠤᠷᠭᠠᠭᠤᠯᠢ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠡᠢ᠃    ᠯᠢ ᠶᠦᠩ᠂ ᠰᠦᠢ ᠵᠢᠶᠠᠨ ᠬᠤᠸᠠ᠂ ᠢᠦᠢ ᠳ᠋ᠠᠢ ᠴᠢᠩ᠂ ᠭᠤᠤ ᠶᠦᠩ ᠪᠢᠨ᠂ ᠵᠢᠢ ᠬᠤᠩ ᠣᠷᠣᠯᠴᠠᠪᠠ᠃                                          ᠣᠷᠴᠢᠭᠤᠯᠤᠭᠴᠢ᠄ ᠭᠤᠸ᠎ᠠ                                          ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2