ᠱᠠᠩᠳᠤ ᠰᠢᠶᠠᠨ ᠨᠠᠷᠢᠯᠢᠭ ᠪᠣᠯᠪᠠᠰᠤᠷᠠᠭᠤᠯᠬᠤ ᠶᠢ ᠰᠢᠯᠢᠳᠡᠭᠵᠢᠭᠦᠯᠵᠦ ᠲᠥᠮᠥᠰᠤᠨ ᠤ ᠠᠵᠤ ᠦᠢᠯᠡᠰ ᠤᠨ ᠬᠦᠭᠵᠢᠯᠳᠡ ᠳᠤ ᠬᠦᠴᠦᠨ ᠨᠡᠮᠡᠷᠢᠯᠡᠪᠡ
ᠨᠡᠶᠢᠲᠡᠯᠡᠭᠰᠡᠨ ᠴᠠᠭ᠄
2024/7/24
       ᠨᠢᠭᠡ ᠳᠤ᠂ ᠰᠠᠶᠢᠨ ᠡᠭᠦᠯᠳᠡᠷ ᠢ ᠪᠤᠶᠢᠵᠢᠭᠤᠯᠵᠤ ᠲᠥᠮᠥᠰᠥ ᠶᠢᠨ ᠬᠥᠭᠵᠢᠯᠲᠡ ᠶᠢ ᠬᠤᠪᠢᠷᠠᠭᠤᠯᠤᠨ ᠳᠡᠰ ᠳᠡᠪᠰᠢᠭᠦᠯᠬᠦ ᠳᠤ ᠬᠦᠴᠦᠨ ᠨᠡᠮᠡᠷᠢᠯᠡᠪᠡ᠃ ᠱᠠᠩᠳᠤ ᠰᠢᠶᠠᠨ ᠤ ᠹᠦ᠋ ᠵᠢᠩ ᠲᠠᠩ ᠲᠥᠮᠥᠰᠥ ᠶᠢᠨ ᠠᠵᠤ ᠦᠢᠯᠡᠰ ᠤᠨ ᠪᠦᠯᠦᠭᠯᠡᠯ ᠴᠠᠭ ᠪᠦᠷᠢ 90 ᠲᠣᠨ ᠲᠥᠮᠥᠰᠥ ᠶᠢᠨ ᠴᠠᠷᠳᠠᠭᠤᠯ ᠤᠨ ᠦᠢᠯᠡᠳᠪᠦᠷᠢᠯᠡᠯ ᠤᠨ ᠱᠤᠭᠤᠮ ᠢ 4 ᠵᠤᠷᠪᠤᠰ ᠪᠠᠶᠢᠭᠤᠯᠵᠤ᠂ ᠪᠦᠷᠢᠨ ᠠᠦ᠋ᠲ᠋ᠣ᠋ ᠪᠣᠭᠤᠳᠠᠯ ᠵᠢᠭᠳᠡ ᠣᠪᠣᠭᠠᠯᠠᠬᠤ ᠦᠢᠯᠡᠳᠪᠦᠷᠢᠯᠡᠯ ᠤᠨ ᠱᠤᠭᠤᠮ 1 ᠵᠤᠷᠪᠤᠰ᠂ ᠵᠢᠯ ᠳᠤ 1 ᠲᠦᠮᠡᠨ ᠲᠣᠨ ᠲᠥᠮᠥᠰᠥ ᠦᠢᠯᠡᠳᠪᠦᠷᠢᠯᠡᠵᠦ ᠢᠳᠡᠭᠡᠨ ᠤ ᠲᠡᠰ ᠤᠨ ᠤᠭᠤᠷᠠᠭ ᠢ ᠭᠠᠷᠭᠠᠨ ᠠᠪᠬᠤ ᠦᠢᠯᠡᠳᠪᠦᠷᠢᠯᠡᠯ ᠤᠨ ᠱᠤᠭᠤᠮ 1 ᠵᠤᠷᠪᠤᠰ᠂ ᠵᠢᠯ ᠳᠤ 5000 ᠲᠣᠨ ᠲᠥᠮᠥᠰᠥ ᠦᠢᠯᠡᠳᠪᠦᠷᠢᠯᠡᠵᠦ ᠢᠳᠡᠭᠡᠨ ᠤ ᠲᠡᠰ ᠤᠨ ᠢᠳᠡᠭᠡᠨ ᠤ ᠰᠢᠷᠬᠡᠭ ᠢ ᠭᠠᠷᠭᠠᠨ ᠠᠪᠬᠤ ᠦᠢᠯᠡᠳᠪᠦᠷᠢᠯᠡᠯ ᠤᠨ ᠱᠤᠭᠤᠮ 1 ᠵᠤᠷᠪᠤᠰ᠂ ᠵᠢᠯ ᠳᠤ 10 ᠲᠦᠮᠡᠨ ᠲᠣᠨ ᠲᠥᠮᠥᠰᠥ ᠲᠣᠬᠢᠷᠠᠭᠤᠯᠬᠤ ᠨᠤᠨᠳᠠᠭ ᠦᠢᠯᠡᠳᠪᠦᠷᠢᠯᠡᠯ ᠤᠨ ᠱᠤᠭᠤᠮ 1 ᠵᠤᠷᠪᠤᠰ ᠢ ᠭᠠᠷᠭᠠᠪᠠ᠃    ᠬᠤᠶᠠᠷ ᠲᠤ᠂ ᠰᠠᠩ ᠬᠥᠮᠥᠷᠭᠡ ᠪᠠᠶᠢᠭᠤᠯᠵᠤ ᠲᠥᠮᠥᠰᠥ ᠶᠢᠨ ᠪᠦᠲᠦᠭᠡᠭᠳᠡᠬᠦᠨ ᠢ ᠲᠦᠷᠭᠡᠨ ᠲᠣᠬᠢᠷᠠᠭᠤᠯᠤᠨ ᠬᠦᠷᠭᠡᠬᠦ ᠶᠢ ᠪᠠᠲᠤᠯᠠᠨ᠎ᠠ᠃ ᠪᠡᠭᠡᠵᠢᠩ᠂ ᠱᠠᠩᠬᠠᠶ᠂ ᠭᠤᠸᠠᠩᠵᠧᠦ ᠳᠤ ᠦᠢᠯᠡᠳᠬᠦᠨ ᠤ ᠬᠥᠮᠥᠷᠭᠡ ᠪᠠᠶᠢᠭᠤᠯᠵᠤ᠂ ᠪᠡᠭᠡᠵᠢᠩ ᠲᠢᠶᠠᠨᠵᠢᠨ ᠾᠧᠪᠧᠶ᠂ ᠬᠥᠬᠡᠮᠥ᠋ᠷᠡᠨ ᠤ ᠭᠤᠷᠪᠠᠯᠵᠢᠨ ᠬᠤᠶᠢᠭ ᠵᠡᠷᠭᠡ ᠣᠷᠣᠨ ᠪᠦᠰᠡ ᠶᠢ ᠬᠠᠮᠤᠷᠴᠤ᠂ ᠦᠢᠯᠡᠳᠬᠦᠨ ᠤ ᠠᠮᠤᠷ ᠲᠦᠪᠰᠢᠨ ᠲᠦᠷᠭᠡᠨ ᠳᠣᠭᠢᠷᠠᠭᠤᠯᠤᠨ ᠬᠦᠷᠭᠡᠬᠦ ᠶᠢ ᠪᠠᠲᠤᠯᠠᠨ᠎ᠠ᠃ ᠣᠳᠣᠬᠠᠨ ᠳᠤ᠂ ᠺᠠᠩ ᠱᠢ ᠹᠦ᠋᠂ ᠬᠤᠤ ᠯᠢ ᠶᠢᠦ᠂ ᠶᠢᠨ ᠮᠠᠢ ᠯᠠᠩ ᠵᠡᠷᠭᠡ 200 ᠭᠠᠷᠤᠶ ᠲᠣᠮᠣ ᠬᠡᠯᠪᠡᠷᠢ ᠶᠢᠨ ᠢᠳᠡᠭᠡᠨ ᠤ ᠳᠠᠭᠠᠭᠤᠯᠤᠭᠴᠢ ᠠᠵᠤ ᠠᠬᠤᠶᠢᠯᠠᠯ᠂ 3000 ᠳᠤᠮᠳᠠ ᠵᠢᠵᠢᠭ ᠢᠳᠡᠭᠡᠨ ᠤ ᠠᠵᠤ ᠠᠬᠤᠶᠢᠯᠠᠯ ᠵᠢᠴᠢ 10 ᠲᠦᠮᠡᠨ ᠵᠣᠴᠢᠳ ᠤᠨ ᠪᠠᠭᠤᠳᠠᠯ ᠤᠨ ᠢᠳᠡᠭᠡᠨ ᠤᠮᠳᠠᠭᠠᠨ ᠤ ᠬᠡᠯᠬᠢᠶᠡᠲᠦ ᠠᠵᠤ ᠠᠬᠤᠶᠢᠯᠠᠯ ᠳᠤ ᠬᠠᠩᠭᠠᠪᠠ᠃                    ᠤᠷᠴᠢᠭᠤᠯᠤᠭᠴᠢ᠄ ᠬᠦᠰᠡᠯ                    ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2