ᠯᠢᠶᠠᠩᠴᠧᠩ ᠰᠢᠶᠠᠨ ᠤ ᠪᠠᠶᠢᠭᠤᠯᠵᠤ ᠪᠠᠶᠢᠭ᠎ᠠ ︽ᠤᠯᠠᠭᠠᠨᠴᠠᠪ ᠤᠨ 150 ᠲᠦᠮᠡᠨ ᠺᠢᠯᠣᠸᠠᠲ ᠤᠨ ᠲᠣᠮᠣ | ᠬᠡᠯᠪᠡᠷᠢ ᠶᠢᠨ ᠰᠠᠯᠬᠢᠨ ᠬᠦᠴᠦᠨ ᠤ ᠴᠠᠬᠢᠯᠭᠠᠨ ᠭᠡᠷᠡᠯ ᠴᠡᠨᠡᠭ ᠤᠨ ᠰᠠᠭᠤᠷᠢᠨ ᠭᠠᠵᠠᠷ ᠤᠨ ᠲᠥᠷᠥᠯ ᠵᠦᠢᠯ︾ ᠤᠨ | ᠶᠡᠷᠦᠩᠬᠡᠶ ᠪᠠᠯᠠ ᠣᠷᠣᠭᠤᠯᠤᠯᠲᠠ ᠨᠢ 49.75 ᠳ᠋ᠦᠩᠰᠢᠭᠤᠷ ᠲᠥᠭᠦᠷᠢᠭ ᠪᠠᠶᠢᠵᠤ᠂ ᠰᠠᠯᠬᠢᠨ ᠬᠦᠴᠦᠨ ᠤ ᠴᠠᠬᠢᠯᠭᠠᠨ | ᠭᠠᠷᠭᠠᠬᠤ ᠮᠠᠰᠢᠨ ᠴᠣᠭᠴᠠᠯᠠᠪᠤᠷᠢ ᠶᠢ 225 ᠤᠭᠰᠠᠷᠠᠵᠤ᠂ ᠲᠤᠬᠠᠢ ᠶᠢᠨ ᠭᠠᠵᠠᠷ ᠲᠤ 220 ᠺᠢᠯᠣᠸᠠᠲ ᠤᠨ | ᠬᠦᠴᠦᠳᠡᠯ ᠳᠡᠭᠡᠭᠰᠢᠯᠡᠭᠦᠯᠬᠦ ᠥᠷᠲᠡᠭᠡ ᠶᠢ 3 ᠢᠵᠢ ᠪᠦᠷᠢᠳᠦᠭᠦᠯᠦᠨ ᠪᠥᠲᠥᠭᠡᠨ ᠪᠠᠶᠢᠭᠤᠯᠬᠤ ᠪᠠᠷ ᠪᠠᠶᠢᠨ᠎ᠠ᠃ | ᠲᠥᠷᠥᠯ ᠵᠦᠢᠯ ᠤᠨ ᠴᠠᠬᠢᠯᠭᠠᠨ ᠢ ︽ᠳᠠᠭ᠎ᠠ ᠶᠢᠨ ᠨᠠᠭᠤᠷ - ᠸᠠᠨ ᠴᠢᠤᠸᠠᠨ - ᠱᠦᠨ ᠢ︾ ᠶᠢᠨ 500kV | ᠴᠠᠬᠢᠯᠭᠠᠨ ᠬᠦᠷᠭᠡᠬᠦ ᠱᠤᠭᠤᠮ ᠢᠶᠠᠷ ᠪᠡᠭᠡᠵᠢᠩ ᠲᠢᠶᠠᠨᠵᠢᠨ ᠾᠧᠪᠧᠢ ᠶᠢᠨ ᠭᠠᠵᠠᠷ ᠣᠷᠣᠨ ᠳᠤ ᠬᠦᠷᠭᠡᠨ᠎ᠡ᠃ | ᠲᠥᠷᠥᠯ ᠵᠦᠢᠯ ᠢ 2024 ᠣᠨ ᠤ 10 ᠰᠠᠷ᠎ᠠ ᠶᠢᠨ ᠰᠡᠭᠦᠯᠴᠢ ᠠᠴᠠ ᠡᠮᠦᠨ᠎ᠡ 150 ᠲᠦᠮᠡᠨ ᠺᠢᠯᠣᠸᠠᠲ ᠤᠨ | ᠴᠠᠬᠢᠯᠭᠠᠨ ᠢ ᠪᠦᠬᠦᠨ ᠢ ᠲᠣᠤᠷ ᠲᠤ ᠨᠡᠶᠢᠯᠡᠭᠦᠯᠦᠨ ᠴᠠᠬᠢᠯᠭᠠᠨ ᠭᠠᠷᠭᠠᠬᠤ ᠪᠠᠷ ᠲᠥᠯᠥᠪᠯᠡᠵᠦ ᠪᠣᠶ︔ ᠣᠲᠣ ᠪᠣᠯᠲᠠᠯ᠎ᠠ᠂ | 225 ᠰᠠᠭᠤᠷᠢ ᠰᠠᠯᠬᠢᠨ ᠬᠦᠴᠦᠨ ᠤ ᠮᠠᠰᠢᠨ ᠤ 217 ᠰᠠᠭᠤᠷᠢ ᠶᠢ ᠨᠢᠭᠡᠨᠲᠡ ᠮᠠᠯᠲᠠᠵᠤ᠂ 213 ᠰᠠᠭᠤᠷᠢ ᠶᠢ | ᠤᠰᠤᠯᠠᠵᠤ᠂ ᠪᠠᠷᠢᠯᠭ᠎ᠠ ᠶᠢᠨ ᠠᠵᠢᠯ ᠤᠨ 94.6% ᠶᠢ ᠪᠡᠶᠡᠯᠡᠭᠦᠯᠪᠡ︔ ᠰᠠᠯᠬᠢᠨ ᠬᠦᠴᠦᠨ ᠤ ᠮᠠᠰᠢᠨ ᠤ | ᠳᠡᠭᠦᠵᠢᠯᠡᠬᠦ ᠤᠭᠰᠠᠷᠠᠯᠳᠠ ᠶᠢ ᠨᠢᠭᠡᠨᠲᠡ 198 ᠰᠠᠭᠤᠷᠢ ᠶᠢ ᠪᠡᠶᠡᠯᠡᠬᠦᠯᠵᠦ᠂ ᠳᠡᠭᠦᠵᠢᠯᠡᠨ ᠤᠭᠰᠠᠷᠠᠬᠤ ᠠᠬᠢᠴᠠ ᠶᠢ | 88 % ᠳᠤ ᠬᠦᠷᠭᠡᠪᠡ︔ ᠢᠵᠢ ᠪᠦᠷᠢᠳᠦᠭᠦᠯᠦᠨ ᠪᠦᠲᠦᠭᠡᠨ ᠪᠠᠶᠢᠭᠤᠯᠤᠭᠰᠠᠨ 3 ᠰᠠᠭᠤᠷᠢ 220 ᠺᠢᠯᠣᠸᠠᠲ ᠤᠨ | ᠴᠠᠬᠢᠯᠭᠠᠨ ᠭᠠᠷᠭᠠᠬᠤ ᠮᠠᠰᠢᠨ ᠪᠦᠬᠦᠨ ᠢᠶᠠᠷ ᠢᠶᠠᠨ ᠠᠰᠢᠭᠯᠠᠯᠳᠠ ᠳᠤ ᠤᠷᠤᠵᠤ᠂ ᠴᠠᠬᠢᠯᠭᠠᠨ ᠭᠠᠷᠭᠠᠬᠤ ᠴᠢᠳᠠᠯ 66. | 667 ᠲᠦᠮᠡᠨ ᠺᠢᠯᠣᠸᠠᠲ ᠲᠤ ᠬᠦᠷᠪᠡ᠃ ᠵᠢᠱᠢᠯᠲᠡ ᠪᠠᠷ 10 ᠰᠠᠷ᠎ᠠ ᠶᠢᠨ ᠰᠡᠭᠦᠯᠴᠢ ᠠᠴᠠ ᠡᠮᠦᠨ᠎ᠡ ᠪᠠᠰᠠ 50 | ᠰᠠᠭᠤᠷᠢ ᠴᠠᠬᠢᠯᠭᠠᠨ ᠭᠠᠷᠭᠠᠬᠤ ᠮᠠᠰᠢᠨ ᠤᠭᠰᠠᠷᠠᠵᠤ᠂ ᠴᠠᠬᠢᠯᠭᠠᠨ ᠭᠠᠷᠭᠠᠬᠤ ᠴᠢᠳᠠᠯ ᠨᠢ 100 ᠲᠦᠮᠡᠨ | ᠺᠢᠯᠣᠸᠠᠲ ᠲᠤ ᠬᠦᠷᠴᠦ ᠪᠣᠯᠤᠨ᠎ᠠ᠃ | ᠲᠣᠰ ᠲᠥᠷᠥᠯ ᠵᠦᠢᠯ ᠨᠢ 2023 ᠣᠨ ᠳᠤ 24 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ | ᠪᠡᠶᠡᠯᠡᠭᠦᠯᠵᠦ᠂ 2024 ᠣᠨ ᠳᠤ 25.75 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠬᠤ ᠪᠠᠷ ᠲᠥᠯᠥᠪᠯᠡᠵᠦ | ᠪᠣᠶ ︵1 - 6 ᠰᠠᠷ᠎ᠠ ᠳᠤ ᠨᠢᠭᠡᠨᠲᠡ 21.11 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ | ᠪᠡᠶᠡᠯᠡᠭᠦᠯᠪᠡ︶᠃ | | | | |