| | ᠯᠢᠶᠠᠩᠴᠧᠩ ᠰᠢᠶᠠᠨ ᠤ ᠪᠠᠶᠢᠭᠤᠯᠵᠤ ᠪᠠᠶᠢᠭ᠎ᠠ ︽ᠤᠯᠠᠭᠠᠨᠴᠠᠪ ᠤᠨ 150 ᠲᠦᠮᠡᠨ ᠺᠢᠯᠣᠸᠠᠲ ᠤᠨ ᠲᠣᠮᠣ | ᠬᠡᠯᠪᠡᠷᠢ ᠶᠢᠨ ᠰᠠᠯᠬᠢᠨ ᠬᠦᠴᠦᠨ ᠤ ᠴᠠᠬᠢᠯᠭᠠᠨ ᠭᠡᠷᠡᠯ ᠴᠡᠨᠡᠭ ᠤᠨ ᠰᠠᠭᠤᠷᠢᠨ ᠭᠠᠵᠠᠷ ᠤᠨ ᠲᠥᠷᠥᠯ ᠵᠦᠢᠯ︾ ᠤᠨ | ᠶᠡᠷᠦᠩᠬᠡᠶ ᠪᠠᠯᠠ ᠣᠷᠣᠭᠤᠯᠤᠯᠲᠠ ᠨᠢ 49.75 ᠳ᠋ᠦᠩᠰᠢᠭᠤᠷ ᠲᠥᠭᠦᠷᠢᠭ ᠪᠠᠶᠢᠵᠤ᠂ ᠰᠠᠯᠬᠢᠨ ᠬᠦᠴᠦᠨ ᠤ ᠴᠠᠬᠢᠯᠭᠠᠨ | ᠭᠠᠷᠭᠠᠬᠤ ᠮᠠᠰᠢᠨ ᠴᠣᠭᠴᠠᠯᠠᠪᠤᠷᠢ ᠶᠢ 225 ᠤᠭᠰᠠᠷᠠᠵᠤ᠂ ᠲᠠᠯᠠᠪᠠᠶ ᠶᠢᠨ ᠲᠣᠭᠤᠷᠢᠭ ᠲᠤ 220 ᠺᠢᠯᠣᠸᠠᠲ ᠤᠨ | ᠬᠦᠴᠦᠳᠡᠯ ᠳᠡᠭᠡᠭᠰᠢᠯᠡᠭᠦᠯᠬᠦ ᠥᠷᠲᠡᠭᠡ ᠶᠢ 3 ᠢᠵᠢ ᠪᠦᠷᠢᠳᠦᠭᠦᠯᠦᠨ ᠪᠥᠲᠥᠭᠡᠨ ᠪᠠᠶᠢᠭᠤᠯᠬᠤ ᠪᠠᠷ ᠲᠦᠯᠦᠪᠯᠡᠵᠤ ᠪᠤᠢ᠃ | ᠲᠥᠷᠥᠯ ᠵᠦᠢᠯ ᠤᠨ ᠴᠠᠬᠢᠯᠭᠠᠨ ᠬᠦᠴᠦᠨ ᠢ ᠨᠢ ︽ᠳᠠᠭ᠎ᠠ ᠶᠢᠨ ᠨᠠᠭᠤᠷ — ᠸᠠᠨ ᠴᠢᠤᠸᠠᠨ — ᠱᠦᠨ ᠢ︾ | 500kV ᠴᠠᠬᠢᠯᠭᠠᠨ ᠬᠦᠷᠭᠡᠬᠦ ᠱᠤᠭᠤᠮ ᠢᠶᠠᠷ ᠪᠡᠭᠡᠵᠢᠩ ᠲᠢᠶᠠᠨᠵᠢᠨ ᠾᠧᠪᠧᠢ ᠶᠢᠨ ᠭᠠᠵᠠᠷ ᠣᠷᠣᠨ ᠳᠤ ᠬᠦᠷᠭᠡᠪᠡ᠃ | | ᠲᠥᠷᠥᠯ ᠵᠦᠢᠯ ᠢ 2024 ᠣᠨ ᠤ 10 ᠰᠠᠷ᠎ᠠ ᠶᠢᠨ ᠰᠡᠭᠦᠯᠴᠢ ᠠᠴᠠ ᠡᠮᠦᠨ᠎ᠡ 150 ᠲᠦᠮᠡᠨ ᠺᠢᠯᠣᠸᠠᠲ ᠤᠨ | ᠪᠦᠬᠦᠨ ᠢ ᠲᠣᠤᠷ ᠲᠤ ᠨᠡᠶᠢᠯᠡᠭᠦᠯᠦᠨ ᠴᠠᠬᠢᠯᠭᠠᠨ ᠭᠠᠷᠭᠠᠬᠤ ᠪᠠᠷ ᠲᠥᠯᠥᠪᠯᠡᠵᠦ ᠪᠣᠶ︔ ᠣᠲᠣ ᠪᠣᠯᠲᠠᠯ᠎ᠠ᠂ 225 | ᠰᠠᠭᠤᠷᠢ ᠰᠠᠯᠬᠢᠨ ᠬᠦᠴᠦᠨ ᠤ ᠮᠠᠰᠢᠨ ᠤ ᠰᠠᠭᠤᠷᠢ ᠶᠢ ᠨᠢᠭᠡᠨᠲᠡ 217 ᠰᠠᠭᠤᠷᠢ ᠮᠠᠯᠲᠠᠵᠤ᠂ 213 ᠰᠠᠭᠤᠷᠢ ᠶᠢ | ᠤᠰᠤᠯᠠᠵᠤ᠂ ᠪᠠᠷᠢᠯᠭ᠎ᠠ ᠶᠢᠨ ᠠᠵᠢᠯ ᠤᠨ ᠠᠬᠢᠴᠠ 94.6% ᠶᠢ ᠪᠡᠶᠡᠯᠡᠭᠦᠯᠪᠡ︔ ᠰᠠᠯᠬᠢᠨ ᠬᠦᠴᠦᠨ ᠤ ᠮᠠᠰᠢᠨ ᠤ | ᠳᠡᠭᠦᠵᠢᠯᠡᠨ ᠤᠭᠰᠠᠷᠠᠬᠤ ᠶᠢ ᠨᠢᠭᠡᠨᠲᠡ 198 ᠰᠠᠭᠤᠷᠢ ᠪᠡᠶᠡᠯᠡᠬᠦᠯᠵᠤ᠂ ᠳᠡᠭᠦᠵᠢᠯᠡᠨ ᠤᠭᠰᠠᠷᠠᠬᠤ ᠠᠬᠢᠴᠠ ᠶᠢ | 88% ᠳᠤ ᠬᠦᠷᠭᠡᠪᠡ︔ 3 ᠢᠵᠢ ᠪᠦᠷᠢᠳᠦᠭᠦᠯᠦᠨ ᠪᠦᠲᠦᠭᠡᠨ ᠪᠠᠶᠢᠭᠤᠯᠤᠭᠰᠠᠨ 220 ᠺᠢᠯᠣᠸᠠᠲ ᠤᠨ ᠬᠦᠴᠦᠳᠡᠯ | ᠳᠡᠭᠡᠭᠰᠢᠯᠡᠭᠦᠯᠬᠦ ᠥᠷᠲᠡᠭᠡ ᠪᠦᠬᠦᠨ ᠢᠶᠠᠷ ᠢᠶᠠᠨ ᠠᠰᠢᠭᠯᠠᠯᠲᠠ ᠳᠤ ᠣᠷᠣᠪᠠ᠃ ᠴᠠᠬᠢᠯᠭᠠᠨ ᠭᠠᠷᠭᠠᠬᠤ ᠴᠢᠳᠠᠪᠬᠢ 66. | 667 ᠲᠦᠮᠡᠨ ᠺᠢᠯᠣᠸᠠᠲ ᠪᠣᠯᠪᠠ᠃ ᠵᠢᠱᠢᠯᠲᠡ ᠪᠠᠷ 10 ᠰᠠᠷ᠎ᠠ ᠶᠢᠨ ᠰᠡᠭᠦᠯᠴᠢ ᠠᠴᠠ ᠡᠮᠦᠨ᠎ᠡ ᠳᠠᠬᠢᠨ 50 | ᠰᠠᠭᠤᠷᠢ ᠴᠠᠬᠢᠯᠭᠠᠨ ᠭᠠᠷᠭᠠᠬᠤ ᠮᠠᠰᠢᠨ ᠤᠭᠰᠠᠷᠠᠵᠤ᠂ ᠲᠤᠬᠠᠶ ᠶᠢᠨ ᠦᠶ᠎ᠡ ᠳᠤ ᠴᠠᠬᠢᠯᠭᠠᠨ ᠭᠠᠷᠭᠠᠬᠤ ᠴᠢᠳᠠᠪᠬᠢ ᠨᠢ | 100 ᠲᠦᠮᠡᠨ ᠺᠢᠯᠣᠸᠠᠲ ᠲᠤ ᠬᠦᠷᠴᠦ ᠪᠣᠯᠤᠨ᠎ᠠ᠃ | ᠲᠣᠰ ᠲᠥᠷᠥᠯ ᠵᠦᠢᠯ ᠨᠢ 2023 ᠣᠨ ᠳᠤ 24 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ | ᠪᠡᠶᠡᠯᠡᠭᠦᠯᠵᠦ᠂ 2024 ᠣᠨ ᠳᠤ 25.75 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠬᠤ ᠪᠠᠷ ᠲᠥᠯᠥᠪᠯᠡᠵᠦ | ᠪᠣᠶ ︵1 — 6 ᠰᠠᠷ᠎ᠠ ᠳᠤ ᠨᠢᠭᠡᠨᠲᠡ 21.11 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ | ᠪᠡᠶᠡᠯᠡᠭᠦᠯᠪᠡ︶᠃ | ᠤᠷᠴᠢᠭᠤᠯᠤᠭᠴᠢ᠄ ᠬᠦᠰᠡᠯ | ᠬᠢᠨᠠᠭᠴᠢ᠄ ᠠᠷᠢᠭᠤᠨ |