ᠰᠦᠶ ᠸᠧᠶ ᠵᠢᠶᠦ᠋ᠨ ᠪᠣᠯᠤᠨ ᠭᠤᠸᠠᠩᠳᠦ᠋ᠩ ᠤᠨ ᠳ᠋ᠦᠩ ᠶᠠᠩ ᠭᠤᠸᠠᠩ ᠰᠢᠨᠵᠢᠯᠡᠬᠦ ᠤᠬᠠᠭᠠᠨ ᠮᠡᠷᠭᠡᠵᠢᠯ ᠤᠨ ᠬᠤᠪᠢ ᠡᠵᠡᠮᠳᠡᠭᠰᠡᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠵᠠᠩ ᠬᠤᠩ ᠸᠧᠶ ᠨᠡᠷ ᠶᠠᠷᠢᠯᠴᠠᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/7/26
   7 ᠰᠠᠷ᠎ᠠ ᠶᠢᠨ 23 ᠤ ᠡᠳᠦᠷ᠂ ᠬᠤᠳᠠ ᠶᠢᠨ ᠨᠠᠮ ᠤᠨ ᠬᠤᠷᠢᠶᠠᠨ ᠤ ᠱᠦᠵᠢ ᠰᠦᠢ ᠸᠧᠢ ᠵᠢᠶᠦ᠋ᠨ ᠭᠤᠸᠠᠩᠳᠦ᠋ᠩ ᠤᠨ ᠳ᠋ᠦᠩ ᠶᠠᠩ ᠭᠤᠸᠠᠩ ᠰᠢᠨᠵᠢᠯᠡᠬᠦ ᠤᠬᠠᠭᠠᠨ ᠮᠡᠷᠭᠡᠵᠢᠯ ᠤᠨ ᠬᠤᠪᠢ ᠡᠵᠡᠮᠳᠡᠭᠰᠡᠨ ᠬᠤᠪᠢᠴᠠᠭᠠᠲᠤ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠵᠠᠩ ᠬᠤᠩ ᠸᠧᠢ ᠨᠡᠷ ᠲᠠᠢ ᠶᠠᠷᠢᠯᠴᠠᠵᠤ᠂ ᠬᠤᠶᠠᠷ ᠲᠠᠯ᠎ᠠ ᠪᠠᠷ ᠢᠶᠠᠨ ᠪᠦᠳᠦᠭᠡᠨ ᠪᠠᠶᠢᠭᠤᠯᠤᠯᠲᠠ ᠶᠢ ᠠᠬᠢᠭᠤᠯᠬᠤ᠂ ᠰᠢᠨ᠎ᠡ ᠡᠨᠧᠷᠭᠢ ᠶᠢᠨ ᠬᠦᠷᠢᠶᠡᠨ ᠤ ᠬᠠᠮᠲᠤᠷᠠᠯᠴᠠᠭᠠᠨ ᠤ ᠶᠠᠪᠤᠳᠠᠯ ᠤᠨ ᠲᠤᠬᠠᠢ ᠰᠠᠨᠠᠯ ᠢᠶᠠᠨ ᠭᠦᠨᠵᠡᠭᠡᠢ ᠰᠣᠯᠢᠯᠴᠠᠵᠠᠢ᠃    ᠰᠦᠢ ᠸᠧᠢ ᠵᠢᠶᠦ᠋ᠨ ᠵᠠᠩ ᠬᠤᠩ ᠸᠧᠢ ᠨᠡᠷ ᠤᠨ ᠬᠦᠷᠦᠯᠴᠡᠨ ᠢᠷᠡᠭᠰᠡᠨ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠪᠡ᠃ ᠲᠡᠷᠡ᠂ ᠭᠤᠸᠠᠩᠳᠦ᠋ᠩ ᠤᠨ ᠳ᠋ᠦᠩ ᠶᠠᠩ ᠭᠤᠸᠠᠩ ᠰᠢᠨᠵᠢᠯᠡᠬᠦ ᠤᠬᠠᠭᠠᠨ ᠮᠡᠷᠭᠡᠵᠢᠯ ᠤᠨ ᠬᠤᠪᠢ ᠡᠵᠡᠮᠳᠡᠭᠰᠡᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠡᠯ᠎ᠡ ᠬᠦᠷᠢᠶᠡᠨ ᠤ ᠲᠤᠬᠠᠶᠢᠯᠠᠭᠰᠠᠨ ᠠᠵᠢᠯ ᠪᠣᠯᠤᠨ ᠤᠯᠠᠭᠠᠨᠴᠠᠪ ᠬᠤᠲᠠ ᠶᠢᠨ ᠬᠥᠭᠵᠢᠯᠲᠡ ᠶᠢᠨ ᠴᠢᠭᠯᠡᠯ ᠨᠢ ᠳᠡᠭᠡᠳᠦ ᠬᠡᠮᠵᠢᠶ᠎ᠡ ᠪᠠᠷ ᠨᠡᠶᠢᠴᠡᠵᠦ ᠪᠠᠶᠢᠨ᠎ᠠ᠃ ᠠᠵᠤ ᠠᠬᠤᠶᠢᠯᠠᠯ ᠤᠨ ᠬᠢᠨ ᠳᠠᠪᠬᠤᠷᠭ᠎ᠠ ᠶᠢᠨ ᠴᠠᠭᠠᠰᠤ᠂ ᠬᠢᠮᠢ ᠶᠢᠨ ᠢᠯᠳᠡᠰᠦ ᠶᠢ ᠦᠢᠯᠡᠳᠬᠦ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠲᠦᠷᠦᠯ ᠵᠦᠢᠯ ᠢ ᠡᠷᠲᠡ ᠪᠦᠳᠦᠭᠡᠨ ᠪᠠᠶᠢᠭᠤᠯᠬᠤ᠂ ᠡᠷᠲᠡ ᠠᠰᠢᠭᠯᠠᠯᠲᠠ ᠳᠤ ᠣᠷᠣᠭᠤᠯᠬᠤ᠂ ᠡᠷᠲᠡ ᠦᠷ᠎ᠡ ᠪᠦᠲᠦᠮᠵᠢ ᠤᠯᠬᠤ ᠶᠢ ᠦᠨᠡᠨ ᠬᠦ ᠪᠠᠲᠤᠯᠠᠬᠤ ᠬᠡᠷᠡᠭᠲᠡᠢ︔ ᠲᠦᠷᠦᠯ ᠵᠦᠢᠯ ᠢ ᠢᠳᠡᠪᠬᠢᠲᠡᠢ ᠲᠥᠯᠥᠪᠵᠢᠭᠦᠯᠵᠦ᠂ ᠡᠵᠡᠩᠨᠡᠯᠲᠡ ᠶᠢᠨ ᠥᠪᠡᠷ ᠤᠨ ᠦᠷᠳᠡᠭ ᠢ ᠪᠠᠭᠤᠷᠠᠭᠤᠯᠵᠤ᠂ ᠠᠵᠤ ᠦᠢᠯᠡᠰ ᠤᠨ ᠬᠡᠯᠬᠢᠶ᠎ᠡ ᠶᠢ ᠲᠠᠰᠤᠷᠠᠯᠳᠠ ᠦᠭᠡᠢ ᠤᠷᠲᠤᠳᠬᠠᠵᠤ᠂ ᠦᠢᠯᠡᠳᠬᠦᠨ ᠤ ᠦᠷᠢᠰᠦᠯᠳᠦᠬᠦ ᠬᠦᠴᠦᠨ ᠢ ᠳᠡᠭᠡᠭᠰᠢᠯᠡᠭᠦᠯᠬᠦ ᠬᠡᠷᠡᠭᠲᠡᠢ᠃ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠦᠢᠯᠡᠴᠢᠯᠡᠭᠡᠨ ᠤ ᠪᠠᠲᠤᠯᠠᠭ᠎ᠠ ᠶᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠠᠵᠤ ᠠᠬᠤᠶᠢᠯᠠᠯ ᠢ ᠬᠠᠪᠰᠤᠷᠤᠨ ᠲᠥᠷᠥᠯ ᠵᠦᠢᠯ ᠢ ᠠᠬᠢᠭᠤᠯᠬᠤ ᠳᠤᠮᠳᠠ ᠲᠤᠯᠭᠠᠷᠠᠭᠰᠠᠨ ᠬᠦᠴᠢᠷᠳᠡᠯ ᠪᠠ ᠠᠰᠠᠭᠤᠳᠠᠯ ᠢ ᠨᠢ ᠰᠢᠢᠳᠪᠦᠷᠢᠯᠡᠵᠦ᠂ ᠲᠥᠷᠥᠯ ᠵᠦᠢᠯ ᠢ ᠡᠷᠲᠡᠬᠡᠨ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠤᠯᠬᠤ ᠶᠢ ᠬᠦᠴᠦᠯᠡᠨ ᠠᠬᠢᠭᠤᠯᠬᠤ ᠬᠡᠷᠡᠭᠲᠡᠶ ᠬᠡᠯᠡᠪᠡ᠃     ᠵᠠᠩ ᠬᠤᠩ ᠸᠧᠶ ᠤᠯᠠᠭᠠᠨᠴᠠᠪ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠤᠷᠲᠤ ᠬᠤᠭᠤᠴᠠᠭᠠᠨ ᠤ ᠲᠤᠷᠰᠢ ᠠᠵᠤ ᠠᠬᠤᠶᠢᠯᠠᠯ ᠢ ᠬᠠᠯᠠᠮᠵᠢᠯᠠᠨ ᠳᠡᠮᠵᠢᠭᠰᠡᠭᠡᠷ ᠢᠷᠡᠭᠰᠡᠨ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃ ᠲᠡᠷᠡ᠂ ᠤᠯᠠᠭᠠᠨᠴᠠᠪ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠰᠡᠳᠬᠢᠯ ᠲᠠᠯᠪᠢᠨ ᠬᠦᠴᠦ ᠣᠷᠣᠭᠤᠯᠤᠨ ᠠᠵᠤ ᠠᠬᠤᠶᠢᠯᠠᠯ ᠳᠤ ᠦᠢᠯᠡᠴᠢᠯᠡᠵᠦ᠂ ᠠᠵᠤ ᠠᠬᠤᠶᠢᠯᠠᠯ ᠤᠨ ᠬᠢᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠠᠬᠢᠴᠠ ᠪᠠᠨ ᠲᠦᠷᠭᠡᠳᠬᠡᠵᠦ᠂ ᠤᠯᠠᠭᠠᠨᠴᠠᠪ ᠬᠤᠲᠠ ᠶᠢᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠨᠠᠩ ᠣᠯᠠᠨ ᠬᠤᠪᠢ ᠨᠡᠮᠡᠷᠢ ᠦᠵᠡᠭᠦᠯᠬᠦ ᠪᠠᠷ ᠴᠢᠷᠮᠠᠶᠢᠨ᠎ᠠ᠃ ᠬᠤᠶᠠᠷ ᠲᠠᠯ᠎ᠠ ᠪᠠᠷ ᠢᠶᠠᠨ ᠤᠯᠤᠯᠴᠠᠭ᠎ᠠ ᠬᠠᠷᠢᠯᠴᠠᠭ᠎ᠠ ᠪᠠᠨ ᠴᠢᠨᠠᠭᠰᠢᠳᠠ ᠭᠦᠨᠵᠡᠭᠡᠶᠢᠷᠡᠭᠦᠯᠵᠦ᠂ ᠨᠡᠩ ᠭᠦᠨ ᠳᠠᠪᠬᠤᠷᠭ᠎ᠠ᠂ ᠨᠡᠩ ᠥᠷᠭᠡᠨ ᠬᠦᠷᠢᠶᠡᠨ ᠳᠤ ᠭᠦᠨᠵᠡᠭᠡᠢ ᠬᠠᠮᠲᠤᠷᠠᠯᠴᠠᠭ᠎ᠠ ᠪᠡᠶᠡᠯᠡᠭᠦᠯᠬᠦ ᠪᠠᠷ ᠴᠢᠷᠮᠠᠶᠢᠬᠤ ᠶᠢ ᠬᠦᠰᠡᠵᠦ ᠪᠠᠶᠢᠨ᠎ᠠ ᠭᠡᠵᠦ ᠬᠡᠯᠡᠪᠡ᠃     ᠹᠠᠩ ᠽᠧ᠂ ᠵᠠᠩ ᠶᠦᠩ ᠸᠧᠨ᠂ ᠰᠦᠢ ᠵᠢᠶᠠᠨ ᠬᠤᠸᠠ ᠣᠷᠣᠯᠴᠠᠵᠠᠢ᠃                               ᠣᠷᠴᠢᠭᠤᠯᠤᠭᠴᠢ᠄ ᠭᠤᠸ᠎ᠠ                               ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2