ᠰᠦᠶ ᠸᠧᠶ ᠵᠢᠶᠦ᠋ᠨ ᠳᠥᠷᠪᠡᠳ ᠬᠤᠰᠢᠭᠤᠨ ᠳᠤ ᠬᠦᠷᠴᠦ ︽ᠠᠷᠠᠳ ᠤᠨ ᠵᠢᠱᠢᠶᠡᠴᠢ︾ ᠲᠦᠬᠢᠮ᠎ᠡ ᠶᠢ ᠪᠣᠯᠭᠤᠭᠠᠨ ᠲᠣᠬᠤᠨᠢᠭᠤᠯᠪᠠ
ᠨᠡᠶᠢᠲᠡᠯᠡᠭᠰᠡᠨ ᠴᠠᠭ᠄
2024/7/3
    7 ᠰᠠᠷ᠎ᠠ ᠶᠢᠨ 1 ᠤ ᠡᠳᠦᠷ᠂ ᠨᠠᠮ ᠪᠠᠶᠢᠭᠤᠯᠤᠭᠳᠠᠭᠰᠠᠨ 103 ᠵᠢᠯ ᠤᠨ ᠣᠶ ᠶᠢᠨ ᠲᠠᠰᠢᠷᠠᠮ ᠢᠶᠠᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠰᠦᠶ ᠸᠧᠶ ᠵᠢᠶᠦ᠋ᠨ ᠳᠥᠷᠪᠡᠳ ᠬᠤᠰᠢᠭᠤᠨ ᠳᠤ ᠬᠦᠷᠴᠦ᠂ ︽ᠠᠷᠠᠳ ᠤᠨ ᠵᠢᠱᠢᠶᠡᠴᠢ︾ ᠲᠦᠬᠢᠮ᠎ᠡ ᠶᠢ ᠪᠣᠯᠭᠤᠭᠠᠨ ᠲᠣᠬᠤᠨᠢᠭᠤᠯᠤᠭᠰᠠᠨ ᠪᠥᠭᠡᠳ ᠨᠠᠰᠤᠲᠠᠨ ᠳᠤ ︽ᠨᠠᠮ ᠤᠨ ᠭᠡᠰᠢᠭᠦᠨ ᠪᠣᠯᠣᠭᠰᠠᠨ ᠢᠷᠠᠭᠤ ᠠᠯᠳᠠᠷᠲᠤ 50 ᠵᠢᠯ︾ ᠤᠨ ᠳᠤᠷᠠᠰᠬᠠᠯ ᠤᠨ ᠲᠡᠮᠳᠡᠭ ᠣᠯᠭᠤᠵᠤ᠂ ᠬᠤᠲᠠ ᠶᠢᠨ ᠨᠠᠮ ᠤᠨ ᠬᠤᠷᠢᠶᠠᠨ ᠤ ᠡᠮᠦᠨ᠎ᠡ ᠠᠴᠠ ᠲᠡᠭᠦᠨ ᠳᠤ ᠳᠣᠲᠣᠨᠣ ᠮᠡᠨᠳᠦᠴᠢᠯᠡᠯ ᠪᠠ ᠡᠷᠬᠢᠮ ᠳᠡᠭᠡᠳᠦ ᠬᠦᠨᠳᠦᠳᠬᠡᠯ ᠳᠡᠪᠰᠢᠭᠦᠯᠪᠡ᠃     ︽ᠥᠨᠥᠳᠦᠷ ᠪᠣᠯ ︿ᠲᠤᠯᠤᠭᠠᠨ ᠰᠠᠷ᠎ᠠ ᠶᠢᠨ ᠨᠢᠭᠡᠨ﹀ ᠤ ᠡᠳᠦᠷ᠂ ᠪᠢᠳᠡ ᠲᠠᠨ ᠢ ᠪᠣᠯᠭᠤᠭᠠᠨ ᠦᠵᠡᠵᠦ᠂ ᠲᠠᠨ ᠤ ᠪᠡᠶ᠎ᠡ ᠮᠠᠬᠠᠪᠣᠳ ᠤᠨ ᠡᠷᠡᠭᠦᠯ ᠴᠢᠭᠢᠷᠠᠭ ᠪᠠᠶᠢᠬᠤ ᠶᠢ ᠬᠦᠰᠡᠨ ᠵᠦᠩᠨᠡᠵᠦ᠂ ᠲᠠᠨ ᠳᠤ ᠪᠠᠶᠠᠷ ᠤᠨ ᠡᠳᠦᠷ ᠤᠨ ᠮᠡᠨᠳᠦᠴᠢᠯᠡᠯ ᠳᠡᠪᠰᠢᠭᠦᠯᠵᠦ ᠪᠠᠶᠢᠨ᠎ᠠ︾ ᠲᠦᠬᠢᠮ᠎ᠡ ᠨᠠᠰᠤᠳᠠᠨ ᠢ ᠦᠵᠡᠮᠡᠭᠴᠡ ᠰᠦᠢ ᠸᠧᠢ ᠵᠢᠶᠦ᠋ᠨ ᠵᠥᠩᠨᠡᠯ ᠳᠡᠪᠰᠢᠭᠦᠯᠬᠦ ᠶᠢᠨ ᠬᠠᠮᠲᠤ ᠲᠡᠭᠦᠨ ᠤ ᠭᠠᠷ ᠢ ᠠᠳᠬᠤᠨ ᠨᠠᠰᠤᠲᠠᠨ ᠤ ᠠᠮᠢᠳᠤᠷᠠᠯ᠂ ᠡᠷᠡᠭᠦᠯ ᠮᠡᠨᠳᠦ ᠶᠢᠨ ᠪᠠᠶᠢᠳᠠᠯ ᠢ ᠬᠠᠯᠠᠮᠵᠢᠯᠠᠨ ᠠᠰᠠᠭᠤᠪᠠ᠃ ᠲᠡᠷᠡ᠂ ᠲᠦᠬᠢᠮ᠎ᠡ ᠨᠠᠰᠤᠲᠠᠨ ᠱᠠᠩᠬᠠᠢ ᠶᠢᠨ 28 ᠥᠨᠥᠴᠢᠨ ᠬᠡᠦᠬᠡᠳ ᠢ ᠰᠡᠳᠬᠢᠯ ᠲᠠᠯᠪᠢᠨ ᠬᠥᠮᠥᠵᠢᠭᠦᠯᠦᠭᠰᠡᠨ ᠰᠡᠳᠬᠢᠯ ᠬᠥᠳᠡᠯᠭᠡᠮ᠎ᠡ ᠦᠯᠢᠭᠡᠷ ᠡᠬᠡ ᠤᠯᠤᠰ ᠤᠨ ᠡᠯ᠎ᠡ ᠭᠠᠵᠠᠷ ᠲᠤ ᠤᠯᠠᠮᠵᠢᠯᠠᠭᠳᠠᠵᠤ᠂ ᠨᠡᠷ᠎ᠡ ᠨᠢᠳᠡᠷ ᠲᠡᠭᠡᠨ ᠨᠡᠶᠢᠴᠡᠭᠰᠡᠨ ᠠᠷᠠᠳ ᠤᠨ ᠵᠢᠱᠢᠶᠡᠴᠢ ᠮᠥᠨ᠂ ᠮᠠᠨ ᠤ ᠰᠤᠷᠤᠯᠴᠠᠬᠤ ᠦᠯᠢᠭᠡᠷ ᠳᠠᠭᠤᠷᠢᠶᠠᠯ ᠮᠥᠨ ᠭᠡᠵᠦ ᠬᠡᠯᠡᠪᠡ᠃     ᠰᠦᠢ ᠸᠧᠢ ᠵᠢᠶᠦ᠋ᠨ᠂ ᠣᠳᠣᠬᠠᠨ ᠳᠤ᠂ ᠪᠦᠬᠦ ᠬᠤᠳᠠ ᠪᠠᠷ ᠢᠶᠠᠨ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ ᠪᠠᠶᠢᠨ᠎ᠠ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠤᠯᠠᠨ ᠲᠦᠮᠡᠨ ᠲᠦᠬᠢᠮ᠎ᠡ ᠨᠠᠰᠤᠲᠠᠨ ᠤ ᠵᠣᠪᠠᠭᠤᠷᠢ ᠵᠦᠳᠡᠭᠦᠷᠢ ᠶᠢ ᠲᠡᠰᠪᠦᠷᠢᠯᠡᠬᠦ᠂ ᠳᠤᠷᠠᠲᠠᠶ᠎ᠠ ᠬᠤᠪᠢ ᠨᠡᠮᠡᠷᠢ ᠦᠵᠡᠭᠦᠯᠬᠦ ᠵᠣᠷᠢᠭ ᠰᠠᠨᠠᠭ᠎ᠠ ᠶᠢ ᠰᠤᠷᠤᠯᠴᠠᠨ ᠦᠢᠯᠡᠳᠦᠯᠭᠡᠵᠢᠭᠦᠯᠵᠦ᠂ ᠵᠢᠱᠢᠶᠡᠴᠢ ᠵᠣᠷᠢᠭ ᠰᠠᠨᠠᠭ᠎ᠠ ᠶᠢ ᠬᠦᠴᠦᠷᠬᠡᠭ ᠶᠡᠭᠡ ᠠᠵᠢᠯ ᠤᠨ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠵᠤ᠂ ᠭᠠᠵᠠᠷ ᠣᠷᠣᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠬᠦᠴᠦᠷᠬᠡᠭ ᠶᠡᠭᠡ ᠬᠠᠮᠲᠤᠷᠠᠯ ᠬᠦᠴᠦᠨ ᠢ ᠨᠢᠭᠲᠠᠷᠠᠭᠤᠯᠵᠤ᠂ ᠥᠪᠡᠷᠲᠡᠭᠡᠨ ᠵᠠᠰᠠᠬᠤ ᠣᠷᠣᠨ ᠤ ᠰᠢᠨ᠎ᠡ ᠵᠠᠮ ᠢ ᠨᠡᠭᠡᠭᠡᠬᠦ᠂ ᠳᠤᠮᠳᠠ ᠤᠷᠤᠰᠬᠠᠯ ᠳᠤ ᠣᠷᠣᠬᠤ ᠳᠤ ᠦᠢᠯᠡᠴᠢᠯᠡᠬᠦ ᠳᠤ ᠨᠡᠩ ᠤᠯᠠᠨ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠵᠦ ᠬᠡᠯᠡᠪᠡ᠃ ᠲᠡᠷᠡ ᠳᠥᠷᠪᠡᠳ ᠬᠤᠰᠢᠭᠤ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠢ ᠨᠠᠰᠤᠲᠠᠨ ᠤ ᠠᠮᠢᠳᠤᠷᠠᠯ ᠢ ᠰᠠᠶᠢᠲᠤᠷ ᠬᠠᠷᠠᠭᠠᠯᠵᠠᠵᠤ᠂ ᠡᠯ᠎ᠡ ᠵᠦᠢᠯ ᠤᠨ ᠪᠠᠲᠤᠯᠠᠭ᠎ᠠ ᠶᠢᠨ ᠠᠵᠢᠯ ᠢ ᠪᠣᠳᠠᠲᠠᠢ ᠳᠤ ᠨᠠᠶᠢᠳᠠᠪᠤᠷᠢᠵᠢᠭᠤᠯᠬᠤ ᠬᠡᠷᠡᠭᠲᠡᠢ ᠭᠡᠵᠦ ᠵᠠᠬᠢᠪᠠ᠃     ︽ᠥᠨᠥᠳᠦᠷ ᠡᠨᠡ ᠬᠦ ᠣᠨᠴᠠᠭᠠᠶ ᠡᠳᠦᠷ ᠲᠤ᠂ ᠮᠠᠨ ᠤ ᠠᠭᠤᠤ ᠶᠡᠭᠡ ᠨᠠᠮ ᠤᠨ ᠲᠥᠷᠥᠭᠰᠡᠨ ᠡᠳᠦᠷ ᠤᠨ ᠪᠠᠶᠠᠷ ᠢ ᠪᠡᠯᠭᠡᠯᠡᠶ᠎ᠡ︾ ᠲᠦᠭᠢᠮ᠎ᠠ ᠨᠠᠰᠤᠲᠠᠨ᠂ ᠠᠬᠠᠮᠠᠳ ᠨᠠᠮ ᠤᠨ ᠭᠡᠰᠢᠭᠦᠨ ᠪᠣᠯᠤᠭᠰᠠᠨ ᠤ ᠬᠤᠪᠢ ᠳᠤ᠂ ᠥᠩᠭᠡᠷᠡᠭᠰᠡᠨ ᠳᠤ ᠬᠢᠭᠰᠡᠨ ᠡᠳᠡᠭᠡᠷ ᠶᠠᠪᠤᠳᠠᠯ ᠨᠢ ᠴᠥᠮ ᠮᠢᠨᠤ ᠬᠢᠬᠦ ᠶᠣᠰᠣᠲᠠᠢ ᠵᠦᠢᠯ ᠶᠤᠮ᠃ ᠨᠠᠮ ᠪᠠ ᠤᠯᠤᠰ ᠠᠴᠠ ᠡᠷᠬᠢᠮ ᠳᠡᠭᠡᠳᠦ ᠢᠷᠠᠭᠤ ᠠᠯᠳᠠᠷ ᠣᠯᠭᠤᠭᠰᠠᠨ ᠨᠢ ᠨᠢᠭᠡ ᠵᠦᠢᠯ ᠤᠨ ᠱᠠᠭᠠᠷᠳᠠᠯᠭ᠎ᠠ ᠪᠠ ᠤᠷᠮᠠᠰᠢᠭᠤᠯᠤᠯ ᠮᠥᠨ᠂ ᠦᠯᠡᠳᠡᠪᠦᠷᠢ ᠢᠯᠴᠢ ᠪᠠᠨ ᠦᠷᠭᠦᠯᠵᠢᠯᠡᠨ ᠪᠠᠳᠠᠷᠠᠭᠤᠯᠵᠤ᠂ ᠪᠥᠬᠦ ᠬᠤᠲᠠ ᠶᠢᠨ ᠬᠥᠭᠵᠢᠯᠲᠡ ᠳᠤ ᠬᠦᠴᠦᠨ ᠨᠡᠮᠡᠷᠢᠯᠡᠬᠦ ᠳᠤ ᠦᠵᠡᠭᠦᠯᠪᠡᠰᠦ ᠵᠣᠬᠢᠬᠤ ᠬᠤᠪᠢ ᠨᠡᠮᠡᠷᠢ ᠪᠠᠨ ᠦᠵᠡᠭᠦᠯᠦᠨ᠎ᠡ ᠭᠡᠵᠦ ᠬᠡᠯᠡᠪᠡ᠃     ᠯᠢ ᠶᠦᠩ᠂ ᠰᠦᠢ ᠵᠢᠶᠠᠨ ᠬᠤᠸᠠ᠂ ᠢᠦᠢ ᠳ᠋ᠠᠢ ᠴᠢᠩ ᠣᠷᠣᠯᠴᠠᠵᠠᠢ᠃                                          ᠣᠷᠴᠢᠭᠤᠯᠤᠭᠴᠢ᠄ ᠭᠤᠸ᠎ᠠ                                          ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2